ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠮᠡᠳᠡᠭᠡᠯᠡᠯ

2022-11-05 17:34:58

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

(2022 ᠣᠨ᠎ᠤ 118 ᠳ᠋ᠤᠭᠠᠷ ᠲᠣᠭᠠᠲᠤ)

10 ᠰᠠᠷ᠎ᠠ᠎ᠶᠢᠨ 25᠎ᠤ ᠡᠳᠦᠷ᠎ᠡᠴᠡ ᠨᠠᠭᠠᠰᠢᠬᠢ ᠭᠤᠷᠪᠠᠨ ᠡᠭᠡᠯᠵᠢ᠎ᠶᠢᠨ ᠪᠥᠭᠡᠮ ᠬᠦᠴᠢᠯ᠎ᠦᠨ ᠪᠠᠢᠴᠠᠭᠠᠯᠳᠠ ᠵᠢᠨ ᠪᠠᠢᠳᠠᠯ᠎ᠢ ᠦᠨᠳᠦᠰᠦᠯᠡᠨ ᠶᠡᠷᠦᠩᠬᠡᠢᠯᠡᠨ ᠰᠤᠳᠤᠯᠤᠨ ᠮᠠᠭᠠᠳᠯᠠᠭᠰᠠᠨ᠎ᠢᠶᠠᠷ᠂ ᠣᠳᠣᠬᠠᠨ᠎ᠤ ᠬᠢᠵᠢᠭ᠌᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠪᠠᠢᠳᠠᠯ ᠮᠥᠨ ᠬᠦ᠌ ᠬᠦᠨᠳᠦ ᠬᠡᠴᠡᠭᠦᠦ ᠪᠥᠭᠡᠳ ᠪᠤᠳᠤᠯᠢᠶᠠᠨᠲᠠᠢ ᠪᠠᠢᠵᠤ᠂ ᠨᠡᠢᠭᠡᠮ᠎ᠦᠨ ᠳᠠᠯ᠎ᠠ ᠳ᠋ᠤ ᠪᠠᠰᠠ ᠬᠠᠯᠳᠠᠪᠤᠷᠢᠯᠠᠬᠤ ᠲᠦᠭᠰᠢᠭᠦᠷᠢ ᠣᠷᠣᠰᠢᠵᠤ ᠪᠠᠢᠨ᠎ᠠ᠂ ᠬᠢᠵᠢᠭ᠌᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠪᠠ ᠠᠵᠤ ᠠᠬᠤᠢ ᠨᠡᠢᠭᠡᠮ᠎ᠦᠨ ᠬᠥᠭᠵᠢᠯᠲᠡ᠎ᠶᠢ ᠤᠯᠠᠮ ᠨᠢᠭᠡ ᠠᠯᠬᠤᠮ ᠨᠢᠭᠡᠳᠦᠯᠲᠡᠢ ᠲᠥᠯᠥᠪᠵᠢᠬᠦᠯᠬᠦ᠎ᠶᠢᠨ ᠲᠥᠯᠥᠭᠡ᠂ 2022 ᠣᠨ᠎ᠤ 11 ᠰᠠᠷ᠎ᠠ᠎ᠶᠢᠨ 2᠎ᠤᠨ ᠡᠳᠦᠷ᠎ᠦᠨ ᠲᠡᠭ ᠴᠠᠭ᠎ᠠᠴᠠ ᠡᠬᠢᠯᠡᠨ᠂ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ᠎ᠳᠦ ᠳᠣᠣᠷᠠᠬᠢ ᠮᠡᠲᠦ ᠲᠣᠬᠢᠷᠠᠭᠤᠯᠤᠯᠲᠠ ᠬᠢᠨ᠎ᠡ ᠄

1. ᠬᠢᠵᠢᠭ᠌ ᠦᠭᠡᠢ ᠬᠣᠷᠢᠶᠠᠯᠠᠯ ᠨᠢ ᠨᠡᠢᠭᠡᠮ ᠲᠣᠭᠣᠷᠢᠭ᠋᠎ᠤᠨ ᠭᠤᠶᠤᠴᠢᠯᠠᠯ᠂ ᠬᠠᠷᠢᠶ᠎ᠠ ᠭᠠᠵᠠᠷ᠎ᠤᠨ ᠬᠢᠵᠢᠭ᠌᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠵᠢᠯᠤᠭᠣᠳᠬᠤ ᠭᠠᠵᠠᠷ᠎ᠢᠶᠠᠷ ᠦᠨᠡᠯᠡᠨ ᠵᠢᠱ᠌ᠢᠭᠦᠯᠦᠭᠰᠡᠨ᠎ᠦ ᠳᠠᠷᠠᠭ᠎ᠠ᠂ ᠡᠳᠦᠷ ᠪᠦᠷᠢ ᠡᠷᠦᠬᠡ ᠪᠦᠷᠢ ᠡᠴᠡ ᠨᠢᠭᠡ ᠬᠥᠮᠥᠨ ᠣᠷᠣᠵᠤ ᠭᠠᠷᠬᠤ ᠺᠠᠷᠲ᠎ᠢᠶᠠᠷ᠎ᠢᠶᠠᠨ ᠬᠣᠷᠢᠶᠠᠯᠠᠯ ᠡᠴᠡ ᠨᠢᠭᠡ ᠤᠳᠠᠭ᠎ᠠ ᠣᠷᠣᠵᠤ ᠭᠠᠷᠴᠤ ᠪᠣᠯᠣᠨ᠎ᠠ᠃

2.ᠳᠤᠤᠷ᠎ᠠ ᠲᠦᠭᠰᠢᠭᠦᠷᠢᠳᠠᠢ ᠤᠷᠤᠨ ᠪ ᠰᠠᠭᠤᠭᠠᠯᠢ ᠠᠷᠠᠳ ᠬᠤᠷᠢᠶᠠᠯᠠᠯ᠎ᠤᠨ ᠳᠣᠲᠣᠷᠠᠬᠢ ᠬᠡᠲᠦ ᠳᠡᠯᠭᠡᠭᠦᠷ᠂ ᠲᠥᠬᠥᠮ ᠳᠡᠯᠭᠡᠭᠦᠷ᠎ᠡᠴᠡ ᠠᠮᠢᠳᠤᠷᠠᠯ᠎ᠤᠨ ᠴᠢᠬᠤᠯᠠ ᠬᠡᠷᠡᠭᠯᠡᠭᠡᠨ᠎ᠦ ᠵᠦᠢᠯ᠎ᠢ ᠬᠤᠳᠠᠯᠳᠤᠨ ᠠᠪᠬᠤ᠂ ᠬᠤᠷᠢᠶᠠᠯᠠᠯ᠎ᠤᠨ ᠡᠭᠦᠳᠡᠨ᠎ᠳᠦ ᠬᠦᠷᠴᠦ ᠲᠦᠷᠭᠡᠨ ᠬᠦᠷᠭᠡᠯᠲᠡ᠂ ᠵᠠᠬᠢᠶᠠᠯᠠᠭ᠎ᠠ᠎ᠶᠢᠨ ᠬᠣᠭᠣᠯᠠ ᠲᠤᠰᠴᠤ ᠪᠤᠯᠤᠨ᠎ᠠ᠂ ᠬᠥᠮᠥᠨ ᠬᠠᠷ᠎ᠠ ᠴᠤᠭᠯᠠᠷᠠᠬᠤ ᠠ᠋ᠴᠠ ᠵᠠᠢᠯᠠᠰᠬᠢᠬᠦ᠎ᠶᠢᠨ ᠲᠥᠯᠥᠭᠡ ᠶᠤᠮ᠃

3. ᠳᠤᠮᠳᠠ ᠲᠦᠭᠰᠢᠭᠦᠷᠢᠲᠠᠢ ᠣᠷᠣᠨ᠎ᠳᠤ ᠦᠷᠭᠦᠯᠵᠢᠯᠡᠨ《ᠬᠦᠮᠦᠨ ᠨᠢ ᠤᠷᠤᠨ ᠡᠴᠡ ᠭᠠᠷᠬᠤ ᠦᠭᠡᠢ᠂ ᠣᠷᠭᠢᠯ ᠦᠶ᠎ᠡ᠎ᠵᠢ ᠵᠦᠷᠢᠬᠦᠯᠦᠨ ᠪᠣᠳᠠᠰ ᠠᠪᠬᠤ》 ᠣᠷᠣᠨ ᠪᠦᠰᠡ᠎ᠶᠢᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ᠎ᠶᠢ ᠬᠡᠷᠡᠭᠵᠢᠬᠦᠯᠦᠨ᠎ᠡ᠃

4.ᠦᠨᠳᠦᠷ ᠲᠦᠭᠰᠢᠭᠦᠷᠢᠳᠠᠢ ᠣᠷᠣᠨ᠎ᠳᠤ ᠦᠷᠭᠦᠯᠵᠢᠯᠡᠨ 《ᠭᠡᠷ᠎ᠡᠴᠡ᠎ᠪᠡᠨ ᠭᠠᠷᠬᠤ ᠦᠭᠡᠢ᠂ ᠭᠡᠷ ᠲᠦ᠍ᠨᠢ ᠬᠦᠷᠴᠦ ᠦᠢᠯᠡᠴᠢᠯᠡᠬᠦ》 ᠣᠷᠣᠨ ᠪᠦᠰᠡ ᠎ᠶᠢᠨ ᠪᠢᠲᠡᠭᠦᠮᠵᠢᠯᠡᠨ ᠡᠵᠡᠮᠳᠡᠬᠦ ᠠᠷᠭ᠎ᠠ ᠬᠡᠮᠵᠢᠶ᠎ᠡ᠎ᠶᠢ ᠬᠡᠷᠡᠭᠵᠢᠬᠦᠯᠦᠨ᠎ᠡ᠃

5. ᠡᠯ᠎ᠡ ᠱᠠᠲᠤᠨ᠎ᠤ ᠪᠠᠢᠭᠤᠯᠭ᠎ᠠ᠂ ᠠᠵᠢᠯ ᠦᠢᠯᠡᠰ᠎ᠦᠨ ᠨᠢᠭᠡᠴᠢ《ᠭᠡᠷ᠎ᠲᠡᠬᠡᠨ ᠰᠠᠭᠤᠵᠤ ᠠᠵᠢᠯᠯᠠᠬᠤ》 ᠵᠢ ᠰᠠᠨᠠᠭᠠᠴᠢᠯᠠᠵᠤ᠂ ᠦᠨᠡᠨ ᠬᠦ᠌ ᠠᠵᠢᠯ᠎ᠤᠨ ᠪᠠᠢᠷᠢ ᠳ᠋ᠤᠨᠢ ᠪᠤᠴᠠᠭᠠᠬᠤ ᠴᠢᠬᠤᠯᠠ᠎ᠲᠠᠢ ᠪᠣᠯ ᠪᠢᠲᠡᠭᠦᠮᠵᠢᠯᠡᠭᠰᠡᠨ ᠬᠠᠮᠢᠶᠠᠷᠤᠯᠲᠠ᠎ᠶᠢ ᠬᠡᠷᠡᠭᠵᠢᠭᠦᠯᠵᠦ᠂ ᠬᠤᠷᠢᠶᠠᠯᠠᠯ ᠳ᠋ᠠᠭᠠᠨ ᠬᠠᠷᠢᠵᠦ ᠪᠣᠯᠬᠤ ᠦᠭᠡᠢ᠃

6. ᠠᠵᠤ ᠦᠢᠯᠡᠳᠪᠦᠷᠢ᠎ᠶᠢᠨ ᠠᠵᠤ ᠠᠬᠤᠢᠯᠠᠯ ᠪᠢᠲᠡᠭᠦᠮᠵᠢᠯᠡᠭᠰᠡᠨ ᠬᠠᠮᠢᠶᠠᠷᠤᠯᠲᠠ᠎ᠶᠢᠨ ᠵᠠᠭᠪᠤᠷ᠎ᠢᠶᠠᠷ ᠬᠡᠪ᠎ᠦᠨ ᠦᠢᠯᠡᠳᠪᠦᠷᠢᠯᠡᠯ ᠡᠵᠡᠩᠨᠡᠯᠲᠡ᠎ᠶᠢ ᠪᠠᠲᠤᠯᠠᠨ᠎ᠠ᠃

7. ᠳᠤᠤᠷ᠎ᠠ ᠲᠦᠭᠰᠢᠭᠦᠷᠢᠲᠠᠢ ᠣᠷᠣᠨ᠎ᠤ ᠲᠦᠷᠭᠡᠨ ᠬᠦᠷᠭᠡᠯᠲᠡ᠂ ᠵᠠᠬᠢᠶᠠᠯᠠᠭ᠎ᠠ᠎ᠶᠢᠨ ᠬᠣᠭᠣᠯᠠᠨ᠎ᠤ ᠡᠵᠡᠩᠨᠡᠯᠲᠡ᠎ᠶᠢᠨ ᠲᠣᠣᠷ ᠴᠡᠭ᠎ᠢ ᠡᠮᠬᠢ ᠵᠢᠷᠤᠮ᠎ᠲᠠᠢ ᠪᠡᠷ ᠨᠡᠬᠡᠬᠡᠯᠭᠡᠵᠦ᠂ ᠠᠯᠬᠤᠮ ᠠᠯᠬᠤᠮ᠎ᠢᠶᠠᠷ ᠬᠡᠪ᠎ᠦᠨ ᠪᠠᠢᠳᠠᠯ᠎ᠳᠤ ᠣᠷᠣᠭᠤᠯᠤᠨ᠎ᠠ ᠃

8. ᠬᠠᠷᠢᠶ᠎ᠠ ᠭᠠᠵᠠᠷ᠂ ᠰᠠᠯᠠᠭ᠎ᠠ ᠮᠥᠴᠢᠷ᠂ ᠨᠢᠭᠡᠴᠢ᠂ ᠬᠤᠪᠢ ᠬᠥᠮᠥᠨ 《ᠳᠥᠷᠪᠡᠨ ᠲᠠᠯ᠎ᠠ᠎ᠶᠢᠨ ᠬᠠᠷᠢᠭᠤᠴᠠᠯᠭ᠎ᠠ》 ᠵᠢ ᠴᠢᠩᠭ᠎ᠠ ᠭᠦᠢᠴᠡᠳᠬᠡᠬᠦ ᠬᠡᠷᠡᠭᠲᠡᠢ᠃ ᠬᠣᠲᠠ᠎ᠶᠢᠨ ᠠᠷᠠᠳ ᠲᠣᠭᠲᠠᠭᠠᠯ ᠶᠣᠰᠣᠭᠠᠷ ᠪᠥᠭᠡᠮ ᠬᠦᠴᠢᠯ᠎ᠦᠨ ᠪᠠᠢᠴᠠᠭᠠᠯᠲᠡ᠎ᠳᠦ ᠣᠷᠣᠯᠴᠠᠵᠤ᠂ ᠬᠢᠵᠢᠭ᠌᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠬᠠᠮᠢᠶ᠎ᠠ ᠪᠦᠬᠦᠢ ᠲᠣᠭᠲᠠᠭᠠᠯ ᠡᠴᠡ ᠵᠥᠷᠢᠴᠡᠭᠰᠡᠨ ᠪᠠᠢᠪᠠᠯ᠂ ᠬᠠᠷᠠᠭᠠᠯᠵᠠᠭᠰᠠᠨ ᠬᠠᠤᠯᠢ ᠴᠠᠭᠠᠵᠠ᠎ᠶᠢᠨ ᠬᠠᠷᠢᠭᠤᠴᠠᠯᠭ᠎ᠠ ᠡᠭᠦᠷᠭᠡᠯᠡᠬᠦ ᠬᠡᠷᠡᠭᠳᠡᠢ᠃

ᠬᠥᠬᠡᠬᠣᠲᠠ ᠵᠢᠨ ᠰᠢᠨ᠎ᠡ ᠲᠢᠲᠢᠮᠯᠢᠭ᠌ ᠠᠭᠤᠰᠬᠢᠨ ᠦᠷᠪᠢᠰᠦᠯ᠎ᠦᠨ ᠬᠢᠵᠢᠭ᠌᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠠᠵᠢᠯ᠎ᠤᠨ ᠵᠢᠯᠤᠭᠣᠳᠬᠤ ᠭᠠᠵᠠᠷ

2022 ᠣᠨ᠎ᠤ 11 ᠰᠠᠷ᠎ᠠ᠎ᠶᠢᠨ 1᠎ᠦ ᠡᠳᠦᠷ

ᠢᠷᠡᠯᠳᠡ᠄ ᠬᠥᠬᠡᠬᠣᠲᠠ ᠵᠢᠨ ᠰᠢᠨ᠎ᠡ ᠲᠢᠲᠢᠮᠯᠢᠭ᠌ ᠠᠭᠤᠰᠬᠢᠨ ᠦᠷᠪᠢᠰᠦᠯ᠎ᠦᠨ ᠬᠢᠵᠢᠭ᠌᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠠᠵᠢᠯ᠎ᠤᠨ ᠵᠢᠯᠤᠭᠣᠳᠬᠤ ᠭᠠᠵᠠᠷ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面