2022-11-02 11:59:49
10 ᠰᠠᠷ᠎ᠠ᠎ᠶ᠋ᠢᠨ 31 ᠤ᠋ ᠡᠳᠦᠷ᠂ ᠬᠥᠬᠡᠬᠣᠲᠠ᠎ᠶ᠋ᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠰᠣᠨᠢᠨ ᠮᠡᠳᠡᠭᠡ ᠨᠡᠢᠲᠡᠯᠡᠬᠦ᠌ ᠬᠤᠷᠠᠯ᠎ᠡᠴᠡ ᠬᠥᠬᠡᠬᠣᠲᠠ᠎ᠶ᠋ᠢᠨ ᠬᠣᠯᠪᠣᠭ᠍ᠳᠠᠯ ᠪᠦᠬᠦᠢ ᠰᠤᠷᠭᠠᠭᠤᠯᠢ᠂ ᠪᠣᠯᠪᠠᠰᠤᠷᠠᠯ᠎ᠤᠨ ᠪᠠᠢᠭᠤᠯᠤᠮᠵᠢ᠎ᠶ᠋ᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠲᠣᠭ᠍ᠲᠠᠭᠠᠯ᠎ᠢ ᠵᠥᠷᠢᠴᠡᠭ᠌ᠰᠡᠨ ᠠᠰᠠᠭᠤᠳᠠᠯ᠎ᠢ ᠵᠠᠷᠯᠠᠨ ᠮᠡᠳᠡᠭ᠌ᠳᠡᠪᠡ᠃
ᠣᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠬᠢᠨᠠᠨ ᠪᠠᠢᠴᠠᠭᠠᠬᠤ ᠵᠥᠪᠯᠡᠯ᠎ᠡᠴᠡ ᠬᠥᠬᠡᠬᠣᠲᠠ᠎ᠶ᠋ᠢᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠬᠢᠨᠠᠨ ᠪᠠᠢᠴᠠᠭᠠᠬᠤ ᠵᠥᠪᠯᠡᠯ᠎ᠳᠦ ᠬᠥᠬᠡᠬᠣᠲᠠ᠎ᠶ᠋ᠢᠨ ᠬᠠᠮᠢᠶ᠎ᠠ ᠪᠥᠬᠥᠶ ᠰᠤᠷᠭᠠᠭᠤᠯᠢ᠂ ᠪᠤᠯᠪᠠᠰᠤᠷᠠᠯ ᠤᠨ ᠪᠠᠢᠭᠤᠯᠤᠮᠵᠢ ᠶ᠋ᠢᠨ ᠱᠢᠨ᠎ᠡ ᠲᠢᠲᠢᠮᠯᠢᠭ ᠠᠭᠤᠰᠭᠢᠨ ᠦᠷᠪᠢᠰᠦᠯ ᠦᠨ ᠬᠢᠵᠢᠭ ᠦᠨ ᠪᠠᠢᠳᠠᠯ ᠢ ᠰᠡᠷᠭᠡᠢᠯᠡᠨ ᠡᠵᠡᠮᠳᠡᠭᠰᠡᠨ ᠨᠢ ᠴᠢᠩᠭ᠎ᠠ ᠪᠤᠰᠤ ᠠᠰᠠᠭᠤᠳᠠᠯ᠎ᠢ ᠪᠠᠢᠴᠠᠭᠠᠵᠤ ᠬᠢᠨᠠᠨ ᠬᠠᠷᠭᠤᠭᠤᠯᠬᠤ ᠠᠵᠢᠯ᠎ᠢ ᠳᠠᠭᠠᠭᠠᠯᠭᠠᠪᠠ᠃
ᠪᠠᠢᠴᠠᠭᠠᠭ᠍ᠰᠠᠨ᠎ᠢᠶᠠᠷ᠂ ᠬᠥᠬᠡᠬᠣᠲᠠ᠎ᠶ᠋ᠢᠨ ᠰᠣᠶᠣᠯ ᠤᠷᠠᠯᠢᠭ᠎ᠤᠨ ᠠᠵᠢᠯ ᠮᠡᠷᠭᠡᠵᠢᠯ᠎ᠦᠨ ᠰᠤᠷᠭᠠᠭᠤᠯᠢ᠂ ᠬᠥᠬᠡᠬᠣᠲᠠ᠎ᠶ᠋ᠢᠨ ᠠᠷᠠᠯᠵᠢᠶ᠎ᠠ ᠬᠤᠳᠠᠯᠳᠤᠭ᠎ᠠ ᠵᠢᠭᠤᠯᠴᠢᠯᠠᠯ ᠤᠨ ᠠᠵᠢᠯ ᠮᠡᠷᠭᠡᠵᠢᠯ ᠦᠨ ᠰᠤᠷᠭᠠᠭᠤᠯᠢ᠂ ᠬᠥᠬᠡᠬᠣᠲᠠ᠎ᠶ᠋ᠢᠨ ᠱᠢᠨ᠎ᠡ ᠵᠠᠮᠨᠠᠯ ᠪᠣᠯᠪᠠᠰᠤᠷᠠᠯ᠎ᠤᠨ ᠦᠶ᠋ᠯᠡᠴᠢᠯᠡᠭᠡᠨ᠎ᠦ ᠬᠢᠵᠠᠭᠠᠷᠲᠤ ᠺᠣᠮᠫᠠᠨᠢ ᠬᠥᠬᠡᠬᠣᠲᠠ᠎ᠶ᠋ᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠬᠣᠯᠪᠣᠭ᠍ᠳᠠᠯ ᠪᠥᠬᠥᠶ ᠲᠣᠭ᠍ᠲᠠᠭᠠᠯ᠎ᠤᠨ ᠱᠠᠭᠠᠷᠳᠠᠯᠭ᠎ᠠ ᠶ᠋ᠢ ᠵᠥᠷᠢᠴᠡᠵᠦ᠍᠂ ᠲᠣᠭ᠍ᠲᠠᠭᠠᠯ᠎ᠡᠴᠡ ᠵᠥᠷᠢᠴᠡᠨ ᠰᠦᠯᠵᠢᠶᠡᠨ ᠭᠠᠳᠠᠨ᠎ᠠ ᠬᠢᠴᠢᠶᠡᠯᠯᠡᠵᠦ᠍᠂ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠨᠠᠢᠳᠠᠪᠤᠷᠢᠵᠢᠭᠤᠯᠤᠭ᠍ᠰᠠᠨ ᠥᠬᠡᠶ ᠵᠡᠷᠭᠡ ᠠᠰᠠᠭᠤᠳᠠᠯ ᠣᠷᠣᠱᠢᠵᠤ᠂ ᠰᠤᠷᠭᠠᠭᠤᠯᠢ᠎ᠶ᠋ᠢᠨ ᠳᠣᠲᠣᠨᠠᠬᠢ ᠬᠢᠵᠢᠭ᠎ᠦᠨ ᠪᠠᠢᠳᠠᠯ ᠢ᠋ ᠪᠤᠢ ᠪᠤᠯᠭᠠᠪᠠ᠃ ᠤᠳᠤ ᠬᠠᠷᠢᠭᠤᠴᠠᠯᠭ᠎ᠠ ᠨᠡᠬᠡᠮᠵᠢᠯᠡᠵᠦ᠍ ᠱᠢᠶ᠋ᠳᠪᠦᠷᠢᠯᠡᠭ᠌ᠰᠡᠨ ᠰᠠᠨᠠᠯ᠎ᠢ ᠲᠤᠤᠷᠠᠬᠢ ᠮᠡᠲᠦ ᠵᠠᠷᠯᠠᠨ ᠮᠡᠳᠡᠭᠳᠡᠪᠡ᠃
ᠬᠥᠬᠡᠬᠣᠲᠠ ᠶ᠋ᠢᠨ ᠰᠤᠷᠭᠠᠨ ᠬᠥᠮᠦᠵᠢᠯ ᠦᠨ ᠠᠵᠢᠯ᠎ᠤᠨ ᠬᠤᠷᠢᠶᠠᠨ᠎ᠤ ᠲᠤᠰᠭᠠᠶ ᠲᠤᠱᠢᠶᠠᠯᠲᠤ ᠳᠡᠳ᠋ ᠱᠦᠵᠢ᠂ ᠬᠣᠲᠠ᠎ᠶ᠋ᠢᠨ ᠰᠤᠷᠭᠠᠨ ᠬᠥᠮᠦᠵᠢᠯ᠎ᠦᠨ ᠲᠣᠪᠴᠢᠶᠠᠨ᠎ᠤ ᠨᠠᠮ᠎ᠤᠨ ᠤᠳᠤᠷᠢᠳᠭᠤ ᠳᠤᠭᠤᠢᠯᠠᠩ᠎ᠤᠨ ᠪᠦᠷᠢᠯᠳᠦᠬᠦᠨ ᠭᠤᠤ ᠵᠢᠶᠦ᠋ᠨ ᠵᠢᠤᠸᠠᠨ᠎ᠳ᠋ᠤ ᠨᠠᠮ᠎ᠤᠨ ᠳᠣᠲᠣᠭᠠᠳᠤ᠎ᠳᠤ ᠳᠣᠩᠭᠣᠳᠭᠤ ᠱᠢᠢᠳᠭᠡᠯ ᠥᠭ᠌ᠪᠡ; ᠬᠥᠬᠡᠬᠣᠲᠠ᠎ᠶ᠋ᠢᠨ ᠰᠤᠷᠭᠠᠨ ᠬᠥᠮᠦᠵᠢᠯ᠎ᠦᠨ ᠲᠣᠪᠴᠢᠶᠠᠨ᠎ᠤ ᠳᠥᠷᠪᠡᠳᠦᠭᠡᠷ ᠳᠡᠰ᠎ᠤᠨ ᠪᠠᠢᠴᠠᠭᠠᠨ ᠰᠤᠳᠤᠯᠤᠭ᠍ᠴᠢ ᠬᠤᠸᠠᠩ ᠶᠦᠩ ᠱᠧᠩ᠎ᠳᠦ ᠨᠠᠮ᠎ᠤᠨ ᠳᠣᠲᠣᠭᠠᠳᠤ᠎ᠳᠤ ᠴᠢᠩᠭ᠎ᠠ ᠳᠣᠩᠭᠣᠳᠭᠤ ᠱᠢᠢᠳᠭᠡᠯ ᠥᠭ᠌ᠪᠡ; ᠬᠥᠬᠡᠬᠣᠲᠠ᠎ᠶ᠋ᠢᠨ ᠰᠣᠶᠣᠯ ᠤᠷᠠᠯᠢᠭ᠎ᠤᠨ ᠠᠵᠢᠯ ᠮᠡᠷᠭᠡᠵᠢᠯ᠎ᠦᠨ ᠰᠤᠷᠭᠠᠭᠤᠯᠢ᠎ᠶ᠋ᠢᠨ ᠨᠠᠮ᠎ᠤᠨ ᠬᠣᠷᠢᠶᠠᠨ᠎ᠤ ᠱᠦᠵᠢ ᠵᠣᠣ ᠽᠦᠩ ᠬᠤᠸᠠᠢ᠂ ᠰᠤᠷᠭᠠᠭᠤᠯᠢ᠎ᠶ᠋ᠢᠨ ᠵᠠᠬᠢᠷᠤᠯ ᠸᠠᠩ ᠶᠢᠩ ᠦ᠋᠂ ᠬᠥᠬᠡᠬᠣᠲᠠ ᠶ᠋ᠢᠨ ᠠᠷᠠᠯᠵᠢᠶ᠎ᠠ ᠬᠤᠳᠠᠯᠳᠤᠭ᠎ᠠ ᠵᠢᠭᠤᠯᠴᠢᠯᠠᠯ᠎ᠤᠨ ᠠᠵᠢᠯ ᠮᠡᠷᠭᠡᠵᠢᠯ᠎ᠦᠨ ᠰᠤᠷᠭᠠᠭᠤᠯᠢ ᠶ᠋ᠢᠨ ᠨᠠᠮ᠎ᠤᠨ ᠬᠣᠷᠢᠶᠠᠨ᠎ᠤ ᠱᠦᠵᠢ ᠶᠠᠩ ᠸᠸᠨ ᠯᠢᠶᠠᠩ᠂ ᠰᠤᠷᠭᠠᠭᠤᠯᠢ᠎ᠶ᠋ᠢᠨ ᠵᠠᠬᠢᠷᠤᠯ ᠵᠠᠩ ᠯᠢ ᠵᠢᠶᠦ᠋ᠨ᠎ᠢ ᠲᠤᠱᠢᠶᠠᠯ᠎ᠡᠴᠡ᠎ᠨᠢ ᠪᠠᠭᠤᠯᠭᠠᠬᠤ᠎ᠪᠠᠷ ᠱᠢᠶ᠋ᠳᠪᠦᠷᠢᠯᠡᠪᠡ; ᠪᠣᠯᠪᠠᠰᠤᠷᠠᠯ᠎ᠤᠨ ᠪᠠᠢᠭᠤᠯᠤᠮᠵᠢ᠎ᠶ᠋ᠢᠨ ᠳᠠᠭᠠᠭᠠᠴᠢᠯᠠᠨ ᠬᠠᠷᠢᠯᠴᠠᠵᠦ ᠪᠠᠢᠭ᠎ᠠ ᠤᠳᠤᠷᠢᠳᠤᠯᠭ᠎ᠠ ᠪᠤᠯᠬᠤ ᠰᠠᠢᠬᠠᠨ ᠲᠣᠭᠣᠷᠢᠭ᠎ᠤᠨ ᠨᠠᠮ᠎ᠤᠨ ᠬᠣᠷᠢᠶᠠᠨ᠎ᠤ ᠪᠠᠢᠩᠭᠤ᠎ᠶ᠋ᠢᠨ ᠭᠡᠱᠢᠭᠦᠨ᠂ ᠵᠠᠰᠠᠭ᠎ᠤᠨ ᠣᠷᠳᠣᠨ᠎ᠤ ᠳᠡᠳ᠋ ᠳᠠᠷᠤᠭ᠎ᠠ ᠶᠦᠨ ᠵᠢᠶᠠᠨ ᠭᠦᠸᠧ᠎ᠳᠦ ᠨᠠᠮ᠎ᠤᠨ ᠳᠣᠲᠣᠭᠠᠳᠤ᠎ᠳᠤ ᠳᠣᠩᠭᠣᠳᠭᠤ ᠱᠢᠢᠳᠭᠡᠯ ᠥᠭ᠌ᠪᠡ᠃ 《ᠬᠠᠯᠳᠠᠪᠤᠷᠢᠲᠤ ᠡᠪᠡᠳᠴᠢᠨ᠎ᠢ ᠰᠡᠷᠭᠡᠢᠯᠡᠨ ᠵᠠᠰᠠᠬᠤ ᠬᠠᠤᠯᠢ》 ᠶ᠋ᠢᠨ ᠬᠣᠯᠪᠣᠭ᠍ᠳᠠᠯ ᠪᠥᠬᠥᠶ ᠲᠣᠭ᠍ᠲᠠᠭᠠᠯ ᠶᠣᠰᠣᠭᠠᠷ᠂ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ᠎ᠡᠴᠡ ᠬᠥᠬᠡᠬᠣᠲᠠ᠎ᠶ᠋ᠢᠨ ᠱᠢᠨ᠎ᠡ ᠵᠠᠮᠨᠠᠯ ᠪᠤᠯᠪᠠᠰᠤᠷᠠᠯ᠎ᠤᠨ ᠦᠶ᠋ᠯᠡᠴᠢᠯᠡᠭᠡᠨ᠎ᠦ ᠬᠢᠵᠠᠭᠠᠷᠲᠤ ᠺᠣᠮᠫᠠᠨᠢ᠎ᠶ᠋ᠢ ᠬᠠᠤᠯᠢ ᠶᠣᠰᠣᠭᠠᠷ ᠱᠢᠶ᠋ᠳᠪᠦᠷᠢᠯᠡᠬᠦ ᠪᠤᠯᠤᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠠᠨᠠᠷ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃