ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠮᠡᠳᠡᠭᠡᠯᠡᠯ

2022-11-01 11:43:39

ᠵᠣᠬᠢᠶᠠᠭ᠍ᠴᠢ᠄ ​ᠵᠧᠩ ᠱᠢᠤᠸᠠᠢ ᠯᠢᠶᠠᠩ ᠸᠠᠩ ᠶᠠ ᠵᠢᠩ ᠣᠩᠱᠢᠭ᠍ᠰᠠᠨ ᠣᠳᠠᠭ᠎ᠠ᠄ 3

10 ᠰᠠᠷ᠎ᠠ᠎ᠶ᠋ᠢᠨ 31 ᠤ᠋ ᠡᠳᠦᠷ᠂ ᠰᠤᠷᠪᠤᠯᠵᠢᠯᠠᠭ᠍ᠴᠢ ᠬᠥᠬᠡᠬᠣᠲᠠ᠎ᠶ᠋ᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠰᠣᠨᠢᠨ ᠮᠡᠳᠡᠭᠡ ᠨᠡᠢᠲᠡᠯᠡᠬᠦ᠌ ᠬᠤᠷᠠᠯ᠎ᠡᠴᠡ ᠣᠢᠯᠠᠭᠠᠭ᠍ᠰᠠᠨ᠎ᠢᠶᠠᠷ᠂ 10 ᠰᠠᠷ᠎ᠠ᠎ᠶ᠋ᠢᠨ 28 ᠡᠴᠡ 29 ᠤ᠋ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠵᠢᠯᠣᠭᠣᠳᠭᠤ ᠭᠠᠵᠠᠷ᠎ᠡᠴᠡ ᠬᠥᠬᠡᠬᠣᠲᠠ ᠳ᠋ᠡᠬᠢ ᠶᠡᠬᠡ ᠲᠡᠭᠡᠳᠤ ᠰᠤᠷᠭᠠᠭᠤᠯᠢ ᠵᠢᠨ ᠨᠢᠭᠡ ᠪᠦᠯᠦᠭ ᠰᠤᠷᠤᠭ᠍ᠴᠢᠳ᠎ᠢ ᠨᠢᠭᠡᠳᠦᠯᠲᠡᠢ ᠵᠣᠬᠢᠶᠠᠨ ᠪᠠᠢᠭᠤᠯᠵᠤ ᠨᠤᠲᠤᠭ᠎ᠲᠤᠨᠢ ᠪᠤᠴᠠᠭᠠᠵᠢ᠃ ᠣᠳᠣᠬᠠᠨ᠎ᠳᠤ᠂ ᠪᠦᠬᠦ᠌ ᠰᠤᠷᠤᠭ᠍ᠴᠢᠳ ᠨᠢᠭᠡᠨᠲᠡ ᠠᠮᠤᠷ ᠲᠦᠪᠱᠢᠨ ᠵᠢᠡᠷ ᠨᠤᠲᠤᠬ ᠲᠠᠭᠠᠨ ᠬᠦᠷᠦᠭᠰᠡᠨ ᠪᠠᠢᠨ᠎ᠠ᠃

ᠬᠢᠵᠢᠭ᠎ᠤᠨ ᠪᠠᠢᠳᠠᠯ ᠭᠠᠷᠤᠭ᠍ᠰᠠᠨ ᠥᠬᠡᠶ ᠶᠡᠬᠡ ᠳᠡᠭᠡᠳᠦ ᠰᠤᠷᠭᠠᠭᠤᠯᠢ᠂ ᠰᠤᠷᠭᠠᠭᠤᠯᠢ᠎ᠶ᠋ᠢᠨ ᠲᠣᠭᠣᠷᠢᠭ᠎ᠤᠨ ᠥᠪᠡᠷᠲᠡᠭᠡᠨ ᠵᠠᠰᠠᠬᠤ ᠣᠷᠣᠨ᠎ᠤ ᠳᠣᠲᠣᠷᠠᠬᠢ ᠰᠣᠷᠣᠭ᠍ᠴᠢᠳ᠎ᠢ ᠨᠢᠭᠡᠨᠲᠡ ᠠᠮᠤᠷ ᠲᠦᠪᠱᠢᠨ᠂ ᠡᠮᠬᠢ ᠵᠢᠷᠤᠮ᠎ᠲᠠᠶ᠎ᠪᠠᠷ ᠰᠠᠭᠤᠭ᠎ᠠ ᠭᠠᠵᠠᠷ᠎ᠲᠡᠢᠰᠢ ᠨᠢ ᠪᠤᠴᠠᠭᠠᠵᠠᠢ᠃ ᠰᠤᠷᠭᠠᠭᠤᠯᠢ᠎ᠡᠴᠡ ᠪᠠᠨ ᠭᠠᠷᠴᠤ ᠨᠤᠲᠤᠭ᠎ᠲᠠᠭᠠᠨ ᠪᠤᠴᠠᠭ᠍ᠰᠠᠨ ᠡᠲᠡᠭᠡᠷ ᠰᠤᠷᠤᠭ᠍ᠴᠢᠳ᠎ᠤᠨ ᠭᠠᠳᠠᠭ᠍ᠰᠢ ᠬᠠᠯᠳᠠᠪᠤᠷᠢᠯᠠᠬᠤ ᠥᠬᠡᠶ ᠪᠠᠢᠬᠤ ᠵᠢ ᠪᠠᠳᠤᠯᠠᠬᠤ ᠳ᠋ᠤ 3 ᠨᠥᠬᠥᠴᠡᠯ᠎ᠳᠦ ᠨᠡᠢᠴᠡᠬᠦ᠌ ᠬᠡᠷᠡᠭ᠌ᠲᠡᠶ᠃ ᠨᠢᠭᠡ᠎ᠳᠦ᠂ ᠰᠤᠷᠭᠠᠭᠤᠯᠢ᠎ᠶ᠋ᠢᠨ ᠬᠦᠷᠢᠶᠡᠨ᠎ᠳᠦ 14 ᠡᠳᠦᠷ ᠳᠠᠷᠠᠭᠠᠯᠠᠨ ᠬᠢᠵᠢᠭ᠎ᠤᠨ ᠪᠠᠢᠳᠠᠯ ᠭᠠᠷᠤᠬᠰᠠᠨ ᠥᠬᠡᠶ᠂ ᠰᠤᠷᠤᠭ᠍ᠴᠢᠳ᠎ᠤᠨ ᠪᠡᠶ᠎ᠡ᠎ᠶ᠋ᠢᠨ ᠳᠤᠯᠠᠭᠠᠨ ᠨᠢ ᠬᠡᠪ᠎ᠦᠨ ᠪᠠᠢᠬᠤ; ᠬᠣᠶᠠᠷ᠎ᠲᠤ᠂ ᠨᠤᠲᠤᠭ᠎ᠲᠠᠭᠠᠨ ᠪᠤᠴᠠᠬᠤ ᠪᠡᠷ ᠰᠤᠷᠭᠠᠭᠤᠯᠢ᠎ᠡᠴᠡ᠎ᠪᠠᠨ ᠭᠠᠷᠬᠤ ᠦᠶ᠎ᠡ᠎ᠳᠦ᠂ ᠰᠤᠷᠤᠭ᠍ᠴᠢᠳ 48 ᠴᠠᠭ᠎ᠤᠨ ᠳᠣᠲᠣᠷᠠᠬᠢ ᠪᠥᠭᠡᠮ ᠬᠦᠴᠢᠯ᠎ᠦᠨ ᠪᠠᠢᠴᠠᠭᠠᠯᠲᠠ᠎ᠶ᠋ᠢᠨ ᠪᠢᠯᠢᠭ ᠴᠢᠨᠠᠷ᠎ᠤᠨ ᠭᠡᠷᠡᠴᠢ ᠵᠢᠴᠢ 24 ᠴᠠᠭ᠎ᠤᠨ ᠳᠣᠲᠣᠷᠠᠬᠢ ᠠᠨᠲ᠋ᠢᠪᠤᠳᠢ ᠵᠢᠨ ᠤᠷᠪᠠᠯ᠎ᠤᠨ ᠪᠠᠢᠴᠠᠭᠠᠨ ᠬᠡᠮᠵᠢᠯᠳᠡ᠎ᠶ᠋ᠢᠨ ᠪᠢᠯᠢᠭ ᠴᠢᠨᠠᠷ᠎ᠤᠨ ᠭᠡᠷᠡᠴᠢ᠂ ᠡᠷᠡᠭᠦᠯ ᠮᠡᠨᠳᠦ᠍᠎ᠶ᠋ᠢᠨ《ᠨᠣᠭᠣᠭᠠᠨ ᠺᠣᠳ᠋》 ᠵᠡᠷᠭᠡ (24 ᠴᠠᠭ᠎ᠤᠨ ᠳᠣᠲᠣᠷᠠᠬᠢ ᠪᠥᠭᠡᠮ ᠬᠦᠴᠢᠯ᠎ᠦᠨ ᠪᠢᠯᠢᠭ ᠴᠢᠨᠠᠷ᠎ᠤᠨ ᠭᠡᠷᠡᠴᠢ ᠪᠠᠢᠪᠠᠯ᠂ ᠠᠨᠲ᠋ᠢᠪᠤᠳᠢ ᠵᠢᠨ ᠤᠷᠪᠠᠯ᠎ᠤᠨ ᠪᠠᠢᠴᠠᠭᠠᠨ ᠬᠡᠮᠵᠢᠯᠳᠡ᠎ᠶ᠋ᠢᠨ ᠭᠡᠷᠡᠴᠢ᠎ᠶ᠋ᠢ ᠭᠡᠯᠳᠦᠷᠢᠭᠦᠯᠵᠦ᠍ ᠪᠣᠯᠤᠨ᠎ᠠ) ᠪᠠᠢᠬᠤ ᠬᠡᠷᠡᠭ᠌ᠲᠡᠶ; ᠭᠤᠷᠪᠠ᠎ᠳᠤ᠂ ᠨᠤᠲᠤᠭ᠎ᠲᠠᠭᠠᠨ ᠪᠤᠴᠠᠭ᠍ᠰᠠᠨ ᠰᠣᠷᠣᠭ᠍ᠴᠢ ᠲᠣᠭ᠍ᠲᠠᠮᠠᠯ ᠣᠷᠣᠨ ᠰᠠᠭᠤᠴᠠ᠎ᠲᠠᠶ ᠪᠠᠢᠵᠤ᠂ ᠬᠠᠷᠢᠶ᠎ᠠ ᠭᠠᠵᠠᠷ᠎ᠤᠨ᠎ᠬᠢᠨ᠎ᠲᠡᠶ ᠢᠳᠡᠪᠬᠢᠲᠡᠶ ᠬᠠᠮᠵᠢᠯᠴᠠᠨ 7 ᠡᠳᠦᠷ ᠬᠡᠷ᠎ᠲᠡᠬᠡᠨ ᠲᠤᠰᠠᠭᠠᠷᠯᠠᠵᠤ ᠠᠨᠠᠭᠠᠬᠤ ᠤᠬᠠᠭᠠᠨ᠎ᠤ ᠠᠵᠢᠭ᠍ᠯᠠᠯᠲᠠ ᠬᠢᠵᠦ᠍᠂ ᠨᠤᠲᠤᠭ ᠲᠤᠨᠢ ᠪᠤᠴᠠᠭᠠᠬᠤ ᠠᠵᠢᠯ᠎ᠤᠨ ᠲᠣᠬᠢᠷᠠᠭᠤᠯᠤᠯᠲᠠ ᠪᠠ ᠬᠠᠷᠢᠶ᠎ᠠ ᠭᠠᠵᠠᠷ᠎ᠤᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠡᠯ᠎ᠡ ᠵᠦᠶ᠋ᠯ᠎ᠦᠨ ᠱᠠᠭᠠᠷᠳᠠᠯᠭ᠎ᠠ᠎ᠶ᠋ᠢ ᠴᠢᠩᠭ᠎ᠠ ᠵᠢᠷᠤᠮᠯᠡᠬᠤ ᠬᠡᠷᠡᠭᠳᠠᠢ᠃ ᠨᠢᠭᠡᠨᠲᠡ ᠬᠢᠵᠢᠭ᠎ᠤᠨ ᠪᠠᠢᠳᠠᠯ ᠭᠠᠷᠤᠭ᠍ᠰᠠᠨ ᠶᠡᠬᠡ ᠳᠡᠭᠡᠳᠦ ᠰᠤᠷᠭᠠᠭᠤᠯᠢ ᠵᠢᠨ ᠰᠤᠷᠤᠭᠴᠢᠳ ᠢ᠋ ᠬᠣᠶᠠᠷ ᠲᠥᠷᠥᠯ ᠬᠤᠪᠢᠶᠠᠵᠤ ᠡᠮᠬᠢ ᠵᠢᠷᠤᠮ᠎ᠲᠠᠶ᠎ᠪᠠᠷ ᠲᠤᠰᠠᠭᠠᠷᠯᠠᠨ ᠱᠢᠯᠵᠢᠭᠦᠯᠦᠨ᠎ᠡ᠃ ᠨᠢᠭᠡ᠎ᠳᠦ ᠬᠢᠵᠢᠭ᠎ᠦᠨ ᠪᠠᠢᠳᠠᠯ ᠬᠡᠰᠡᠭ ᠪᠤᠰᠠᠭ᠎ᠢᠶᠠᠷ ᠭᠠᠷᠤᠭ᠍ᠰᠠᠨ ᠶᠡᠬᠡ ᠳᠡᠭᠡᠳᠦ ᠰᠤᠷᠭᠠᠭᠤᠯᠢ 《ᠨᠢᠭᠡ ᠰᠤᠷᠭᠠᠭᠤᠯᠢ᠎ᠳᠤ ᠨᠢᠭᠡ ᠠᠷᠭ᠎ᠠ ᠪᠣᠳᠣᠯᠭ᠎ᠠ ᠬᠡᠷᠡᠭ᠌ᠵᠢᠭᠦᠯᠬᠦ᠌》 ᠲᠥᠰᠦᠯ᠎ᠢ ᠴᠢᠩᠭ᠎ᠠ ᠵᠢᠷᠤᠮᠯᠠᠨ᠂ ᠠᠷᠭ᠎ᠠ ᠴᠢᠨᠠᠷ ᠲᠠᠶ ᠬᠠᠯᠳᠠᠪᠤᠷᠢᠯᠠᠭᠳᠠᠭᠰᠠᠳ ᠪᠠ ᠭᠤᠤᠯ ᠨᠢᠭ᠍ᠲᠠ ᠤᠢᠷᠠᠳᠤᠭᠰᠠᠳ ᠢ᠋ ᠬᠥᠬᠡᠬᠣᠲᠠ ᠬᠠᠷᠢᠭᠤᠴᠠᠨ ᠭᠥᠯᠢᠶᠡᠨ ᠠᠪᠴᠤ᠌᠂ ᠲᠤᠰᠠᠭᠠᠷᠯᠠᠵᠦ ᠱᠢᠯᠵᠢᠭᠦᠯᠦᠨ ᠵᠥᠭᠡᠭᠡᠪᠦᠷᠢᠯᠡᠬᠦ᠌ ᠪᠠ ᠡᠮᠴᠢᠯᠡᠭᠡᠨ ᠤ᠋ ᠠᠪᠤᠷᠠᠨ ᠵᠠᠰᠠᠬᠤ ᠠᠵᠢᠯ᠎ᠢ ᠰᠠᠢᠲᠤᠷ ᠬᠢᠨ᠎ᠠ᠃ ᠬᠣᠶᠠᠷ᠎ᠲᠤ᠂ ᠡᠪᠡᠳᠴᠢᠨ᠎ᠦ ᠵᠢᠱ᠌ᠢᠶ᠎ᠡ ᠨᠡᠯᠢᠶᠡᠳ ᠣᠯᠠᠨ ᠢᠯᠡᠷᠡᠭ᠌ᠰᠡᠨ ᠥᠪᠥᠷ ᠮᠣᠩᠭᠣᠯ᠎ᠤᠨ ᠠᠵᠤ ᠦᠶ᠋ᠯᠡᠳᠪᠦᠷᠢ᠎ᠶ᠋ᠢᠨ ᠶᠡᠬᠡ ᠰᠤᠷᠭᠠᠭᠤᠯᠢ ᠵᠡᠷᠭᠡ ᠶᠡᠬᠡ ᠳᠡᠭᠡᠳᠦ ᠰᠤᠷᠭᠠᠭᠤᠯᠢ᠎ᠳᠦ᠂ ᠪᠥᠬᠥ᠌ ᠣᠷᠣᠨ᠎ᠤ ᠡᠬᠢ ᠪᠠᠶᠠᠯᠢᠭ᠎ᠤᠨ ᠬᠦᠴᠦᠨ᠎ᠢ ᠨᠢᠭᠡᠳᠦᠯᠲᠡᠶ ᠲᠥᠯᠥᠪᠵᠢᠭᠦᠯᠵᠦ᠍᠂ ᠪᠤᠭᠤᠲᠤ ᠬᠣᠲᠠ ᠵᠡᠷᠭᠡ 6 ᠠᠢᠮᠠᠭ ᠬᠣᠲᠠ ᠨᠢᠭ᠍ᠲᠠ ᠤᠢᠷᠠᠳᠤᠬᠰᠡᠳ ᠢ᠋ ᠱᠢᠯᠵᠢᠭᠦᠯᠦᠨ ᠵᠦᠭᠡᠭᠡᠪᠤᠷᠢᠯᠡᠬᠦ ᠡᠭᠦᠷᠭᠡ᠎ᠶ᠋ᠢ ᠪᠡᠶᠡᠯᠡᠭᠦᠯᠵᠦ᠍᠂ ᠲᠤᠰᠠᠭᠠᠷᠯᠠᠬᠤ ᠬᠤᠭᠤᠴᠠᠭ᠎ᠠ ᠳᠦᠭᠦᠷᠦᠭ᠌ᠰᠡᠨ ᠪᠥᠭᠡᠳ ᠦᠨᠡᠯᠡᠨ ᠵᠢᠱ᠌ᠢᠭᠡᠳ ᠬᠢᠷᠢ ᠲᠡᠩᠴᠡᠭ᠌ᠰᠡᠨ᠎ᠦ ᠳᠠᠷᠠᠭ᠎ᠠ ᠨᠤᠲᠤᠭ᠎ᠲᠤᠨᠢ ᠪᠤᠴᠠᠭᠠᠬᠤ᠎ᠪᠠᠷ ᠲᠣᠬᠢᠷᠠᠭᠤᠯᠪᠠ᠃ ᠡᠭᠦᠨ᠎ᠡᠴᠡ ᠭᠠᠳᠠᠨ᠎ᠠ᠂ ᠬᠢᠵᠢᠭ᠎ᠦᠨ ᠪᠠᠢᠳᠠᠯ ᠭᠠᠷᠤᠭ᠍ᠰᠠᠨ ᠶᠡᠬᠡ ᠳᠡᠭᠡᠳᠦ ᠰᠤᠷᠭᠠᠭᠤᠯᠢ᠎ᠶ᠋ᠢᠨ ᠬᠢᠵᠢᠭ ᠲᠦ᠍ ᠨᠡᠷᠪᠡᠭᠳᠡᠭᠰᠡᠨ ᠦᠬᠡᠢ ᠰᠣᠷᠣᠭ᠍ᠴᠢ᠎ᠶ᠋ᠢ ᠴᠢᠨᠠᠬᠰᠢᠳᠠ ᠱᠢᠭ᠌ᠰᠢᠨ ᠪᠠᠢᠴᠠᠭᠠᠵᠤ᠂ ᠭᠠᠳᠠᠭ᠍ᠰᠢ ᠬᠠᠯᠳᠠᠪᠤᠷᠢᠯᠠᠬᠤ ᠠᠶᠤᠯ ᠥᠬᠡᠶ ᠪᠤᠯ᠂ ᠡᠮᠬᠢ ᠵᠢᠷᠤᠮ᠎ᠲᠠᠶ᠂ ᠠᠯᠬᠤᠮ ᠬᠤᠪᠢᠶᠠᠨ ᠨᠤᠳᠤᠭ᠎ᠲᠤᠨᠢ ᠪᠤᠴᠠᠭᠠᠬᠤ᠎ᠪᠠᠷ ᠲᠣᠬᠢᠷᠠᠭᠤᠯᠪᠠ᠃

ᠡᠨᠡ ᠤᠳᠠᠭ᠎ᠠ ᠵᠢᠨ ᠬᠤᠪᠢᠶᠠᠷᠢᠯᠠᠨ ᠱᠢᠯᠵᠢᠭᠦᠯᠬᠦ᠌ ᠠᠵᠢᠯ᠎ᠨᠢ ᠪᠥᠬᠥ᠌ ᠣᠷᠣᠨ᠎ᠳᠤ ᠨᠢᠭᠡ ᠬᠥᠯᠭᠡ ᠱᠢᠲᠠᠷ᠎ᠠ ᠮᠡᠲᠦ ᠪᠠᠢᠬᠤ᠂ ᠲᠤᠢᠯ᠎ᠤᠨ ᠣᠨᠣᠴᠠᠲᠠᠶ᠎ᠪᠠᠷ ᠲᠥᠷᠥᠯ ᠬᠤᠪᠢᠶᠠᠬᠤ᠂ ᠠᠵᠢᠯ ᠲᠥᠷᠥᠯ᠎ᠢᠶᠡᠷ᠎ᠢᠶᠡᠨ ᠳᠠᠭᠠᠭᠠᠴᠢᠯᠠᠨ ᠬᠠᠷᠢᠯᠴᠠᠬᠤ᠂ ᠬᠠᠮᠵᠢᠯᠴᠠᠨ ᠬᠤᠷᠰᠢᠯᠴᠠᠬᠤ ᠶ᠋ᠢ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠲᠦᠷᠦᠭᠦᠯᠡᠨ᠂ ᠰᠤᠷᠭᠠᠨ ᠬᠥᠮᠦᠵᠢᠯ᠂ ᠳᠣᠲᠣᠭᠠᠳᠤ᠎ᠶ᠋ᠢ ᠬᠠᠮᠠᠭᠠᠯᠠᠬᠤ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠲᠡᠮᠦᠷ ᠵᠠᠮ᠂ ᠵᠠᠮ ᠬᠠᠷᠢᠯᠴᠠᠭ᠎ᠠ ᠵᠡᠷᠭᠡ ᠣᠯᠠᠨ ᠰᠠᠯᠠᠭ᠎ᠠ ᠮᠥᠴᠢᠷ ᠬᠣᠯᠪᠣᠭᠠᠯᠠᠨ ᠬᠥᠳᠡᠯᠦᠯᠴᠡᠵᠦ᠍᠂ ᠤᠤᠯ᠎ᠤᠨ ᠲᠥᠯᠥᠪᠯᠡᠭᠡ᠎ᠡᠴᠡ ᠨᠢᠭᠡ ᠡᠳᠦᠷ ᠤᠷᠢᠳᠴᠢᠯᠠᠨ ᠡᠲᠡᠭᠡᠷ ᠰᠤᠷᠤᠭ᠍ᠴᠢᠳ᠎ᠢ ᠠᠮᠤᠷ ᠲᠦᠪᠱᠢᠨ᠂ ᠡᠮᠬᠢ ᠵᠢᠷᠤᠮ᠎ᠲᠠᠶ᠎ᠪᠠᠷ ᠬᠦᠬᠡᠬᠤᠳᠠ ᠡᠴᠡ ᠭᠠᠳᠠᠬᠰᠢ ᠰᠢᠯᠵᠢᠬᠦᠯᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面