2022-10-31 11:21:15
ᠬᠥᠬᠡᠬᠣᠲᠠ᠎ᠶ᠋ᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠰᠣᠨᠢᠨ ᠮᠡᠳᠡᠭᠡ ᠨᠡᠢᠲᠡᠯᠡᠬᠦ᠌ ᠬᠤᠷᠠᠯ (64 ᠳ᠋ᠤᠭᠡᠷ ᠲᠠᠯᠠᠪᠠᠢ) ᠡᠴᠡ ᠣᠢᠯᠠᠭᠠᠭ᠍ᠰᠠᠨ᠎ᠢᠶᠠᠷ᠂ 10 ᠰᠠᠷ᠎ᠠ᠎ᠶ᠋ᠢᠨ 30 ᠤ᠋ ᠡᠳᠦᠷ᠎ᠡᠴᠡ ᠡᠬᠢᠯᠡᠨ᠂ ᠬᠥᠬᠡᠬᠣᠲᠠ᠎ᠶ᠋ᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠵᠢᠯᠣᠭᠣᠳᠭᠤ ᠭᠠᠵᠠᠷ ᠡᠴᠡ ᠬᠣᠲᠠ᠎ᠶ᠋ᠢᠨ ᠳᠥᠷᠪᠡᠨ ᠲᠣᠭᠣᠷᠢᠭ ᠵᠢᠴᠢ ᠲᠦᠮᠡᠳ ᠵᠡᠭᠦᠨ ᠬᠣᠱᠢᠭᠤᠨᠤᠶ᠋ᠢᠨᠴᠤᠸᠠᠨ ᠤᠷᠤᠨ ᠪᠦᠰᠡ ᠵᠢᠨ ᠬᠡᠪᠴᠢᠶᠠᠨ ᠳ᠋ᠤ ᠬᠡᠯᠪᠡᠷᠢ ᠠᠭᠤᠯᠭ᠎ᠠ ᠨᠢᠭᠡᠳᠦᠯᠲᠡᠶ ᠲᠡᠷᠭᠡ ᠨᠡᠪᠳᠡᠷᠡᠬᠦ ᠦᠨᠡᠮᠯᠡᠯ᠎ᠢ ᠦᠢᠯᠡᠳᠦᠨ ᠲᠠᠷᠬᠠᠭᠠᠵᠤ᠂ ᠭᠣᠣᠯᠳᠠᠭᠤ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌᠂ ᠬᠣᠲᠠ᠎ᠶ᠋ᠢᠨ ᠬᠡᠪ᠎ᠦᠨ ᠠᠵᠢᠯᠯᠠᠭ᠎ᠠ᠎ᠨᠢ ᠪᠠᠲᠤᠯᠠᠬᠤ᠂ ᠬᠣᠲᠠ᠎ᠶ᠋ᠢᠨ ᠠᠷᠠᠳ᠎ᠤᠨ ᠡᠪᠡᠳᠴᠢᠨ ᠦᠵᠡᠭᠦᠯᠵᠦ᠍ ᠡᠮ ᠬᠤᠳᠠᠯᠳᠤᠨ ᠠᠪᠬᠤ᠎ᠶ᠋ᠢ ᠪᠠᠲᠤᠯᠠᠬᠤ᠂ ᠦᠨᠳᠦᠰᠦᠨ ᠠᠮᠢᠳᠤᠷᠠᠯ᠎ᠤᠨ ᠡᠳ᠋ ᠪᠣᠳᠠᠰ᠎ᠤᠨ ᠬᠠᠩᠭᠠᠯᠭ᠎ᠠ ᠪᠠ ᠪᠠᠴᠢᠮ ᠪᠠᠢᠳᠠᠯ᠎ᠢ ᠠᠷᠭᠠᠴᠠᠭᠠᠨ ᠱᠢᠶ᠋ᠳᠪᠦᠷᠢᠯᠡᠬᠦ᠌ ᠲᠡᠷᠭᠡ ᠬᠥᠰᠭᠡ᠎ᠶ᠋ᠢᠨ ᠠᠵᠢᠯ᠎ᠤᠨ ᠬᠤᠭᠤᠴᠠᠭᠠᠨ᠎ᠳᠤ ᠵᠠᠮ᠎ᠳᠤ ᠭᠠᠷᠴᠤ᠌ ᠨᠡᠪᠲᠡᠷᠡᠬᠦ᠌᠎ᠶ᠋ᠢ ᠪᠠᠲᠤᠯᠠᠬᠤ ᠳ᠋ᠤ ᠭᠡᠷᠡᠭᠯᠡᠵᠤ᠂ ᠣᠯᠠᠨ ᠦᠨᠡᠮᠯᠡᠯ᠎ᠢ ᠵᠡᠷᠭᠡ᠎ᠪᠡᠷ ᠬᠡᠷᠡᠭ᠌ᠯᠡᠭᠰᠡᠨ ᠡᠴᠡ ᠪᠤᠯᠤᠬᠰᠡᠨ ᠬᠠᠮᠢᠶᠠᠷᠤᠯᠲᠠ᠎ᠳᠤ ᠠᠱᠢᠭ ᠦᠭᠡᠢ ᠠᠰᠠᠭᠤᠳᠠᠯ ᠢ᠋ ᠦᠨᠳᠦᠰᠦᠨ᠎ᠡᠴᠡ ᠨᠢ ᠱᠢᠶ᠋ᠳᠪᠦᠷᠢᠯᠡᠪᠡ᠃ ᠣᠤᠯ᠎ᠤᠨ ᠭᠡᠷᠡᠭᠵᠢᠬᠦᠯᠵᠤ ᠪᠠᠢᠭ᠎ᠠ ᠨᠡᠪᠲᠡᠷᠡᠬᠦ᠌ ᠦᠨᠡᠮᠯᠡᠯ᠎ᠢ ᠲᠣᠰ ᠡᠳᠦᠷ᠎ᠡᠴᠡ ᠡᠬᠢᠯᠡᠨ ᠬᠡᠷᠡᠭ᠌ᠯᠡᠬᠦ᠌ ᠵᠢ ᠵᠣᠭ᠍ᠰᠣᠭᠠᠵᠤ᠂ ᠱᠢᠨ᠎ᠡ ᠨᠡᠪᠲᠡᠷᠡᠬᠦ᠌ ᠦᠨᠡᠮᠯᠡᠯ᠎ᠢ 10 ᠰᠠᠷ᠎ᠠ᠎ᠶ᠋ᠢᠨ 30 ᠤ᠋ ᠡᠳᠦᠷ᠎ᠦᠨ 18 ᠴᠠᠭ᠎ᠡᠴᠡ ᠡᠬᠢᠯᠡᠨ ᠵᠢᠩᠬᠢᠨᠢ᠎ᠪᠡᠷ ᠬᠡᠷᠡᠭᠯᠡᠪᠡ᠃
ᠬᠥᠬᠡᠬᠣᠲᠠ᠎ᠶ᠋ᠢᠨ ᠨᠠᠮ᠎ᠤᠨ ᠬᠣᠷᠢᠶᠠᠨ᠎ᠤ ᠤᠯᠤᠰ ᠲᠥᠷᠥ᠍ ᠬᠠᠤᠯᠢ ᠴᠠᠭᠠᠵᠠ᠎ᠶ᠋ᠢᠨ ᠬᠣᠷᠢᠶᠠᠨ᠎ᠤ ᠳᠡᠳ᠋ ᠱᠦᠵᠢ ᠸᠠᠩ ᠶᠦᠩ᠂ ᠲᠠᠷᠠᠭᠠᠴᠢ᠎ᠶ᠋ᠢᠨ ᠠᠯᠬᠤᠮ᠎ᠳᠤ ᠨᠠᠷᠢᠨ ᠬᠢᠨᠠᠮᠠᠭᠠᠶ ᠬᠢᠨᠠᠨ ᠬᠠᠷᠭᠤᠭᠤᠯᠵᠤ᠂ ᠲᠡᠷᠭᠡ ᠨᠡᠪᠲᠡᠷᠡᠬᠦ᠌ ᠦᠨᠡᠮᠯᠡᠯ᠎ᠦᠨ 《ᠭᠠᠷᠬᠤ ᠪᠤᠭᠤᠮᠳᠠ》 ᠶ᠋ᠢ ᠴᠢᠩᠭ᠎ᠠ ᠡᠵᠡᠮᠳᠡᠵᠦ᠍᠂ 《ᠨᠢᠭᠡ ᠲᠡᠷᠭᠡ ᠨᠢᠭᠡ ᠦᠨᠡᠮᠯᠡᠯ᠎ᠲᠡᠶ ᠪᠠᠢᠬᠤ᠂ ᠲᠡᠷᠭᠡ ᠦᠨᠡᠮᠯᠡᠯ ᠬᠠᠷᠢᠯᠴᠠᠨ ᠵᠣᠬᠢᠴᠠᠯᠳᠤᠬᠤ᠂ ᠨᠢᠭᠡ ᠨᠢᠭᠡ ᠬᠠᠷᠢᠯᠴᠠᠨ ᠬᠠᠷᠠᠭᠠᠯᠵᠠᠬᠤ》 ᠶ᠋ᠢ ᠦᠨᠡᠨ ᠬᠦ᠌ ᠪᠠᠲᠤᠯᠠᠨ᠎ᠠ᠃ ᠡᠨᠳᠡ ᠥᠷᠭᠡᠨ ᠣᠯᠠᠨ ᠬᠣᠲᠠ᠎ᠶ᠋ᠢᠨ ᠠᠷᠠᠳ ᠪᠣᠯᠤᠨ ᠬᠤᠯᠪᠤᠬᠳᠠᠯ ᠪᠥᠬᠥᠶ ᠠᠵᠢᠯᠲᠠᠨ᠎ᠳᠤ ᠰᠠᠨᠠᠭᠤᠯᠬᠤ ᠨᠢ᠂ 《ᠲᠡᠷᠭᠡ ᠬᠥᠰᠭᠡ᠎ᠶ᠋ᠢᠨ ᠨᠡᠪᠲᠡᠷᠡᠬᠦ᠌ ᠦᠨᠡᠮᠯᠡᠯ》 ᠢ᠋ ᠪᠤᠰᠤᠳ ᠬᠥᠮᠦᠨ᠎ᠳᠦ ᠵᠢᠭᠡᠯᠡᠭᠦᠯᠦᠨ ᠬᠡᠷᠡᠭ᠌ᠯᠡᠬᠦ᠌᠎ᠶ᠋ᠢ ᠴᠢᠩᠭ᠎ᠠ ᠴᠠᠭᠠᠵᠠᠯᠠᠵᠤ᠂ 《ᠲᠡᠷᠭᠡ ᠬᠥᠰᠭᠡ᠎ᠶ᠋ᠢᠨ ᠨᠡᠪᠲᠡᠷᠡᠬᠦ᠌ ᠦᠨᠡᠮᠯᠡᠯ》 ᠢ᠋ ᠬᠡᠷᠡᠭᠯᠡᠨ ᠲᠡᠷᠭᠡ ᠵᠢᠯᠣᠭᠣᠳᠤᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌᠂ ᠪᠠᠴᠢᠮ ᠡᠮᠨᠡᠭᠦᠯᠬᠦ᠌᠂ ᠦᠶ᠋ᠯᠡᠳᠪᠦᠷᠢᠯᠡᠯ ᠠᠮᠢᠳᠤᠷᠠᠯ᠎ᠤᠨ ᠪᠠᠲᠤᠯᠠᠭ᠎ᠠ᠂ ᠬᠣᠲᠠ᠎ᠶ᠋ᠢᠨ ᠠᠵᠢᠯᠯᠠᠭᠠᠨ᠂ ᠪᠠᠴᠢᠮ ᠪᠠᠢᠳᠠᠯ᠎ᠢ ᠠᠷᠭᠠᠴᠠᠭᠠᠨ ᠱᠢᠶ᠋ᠳᠪᠦᠷᠢᠯᠡᠬᠦ᠌᠎ᠲᠡᠶ ᠬᠠᠮᠢᠶ᠎ᠠ ᠥᠬᠡᠶ ᠠᠵᠢᠯ ᠬᠢᠬᠦ᠌᠎ᠶ᠋ᠢ ᠴᠢᠩᠭ᠎ᠠ ᠴᠠᠭᠠᠵᠠᠯᠠᠨ᠎ᠡ᠃ ᠵᠠᠮ ᠬᠠᠷᠢᠯᠴᠠᠭᠠᠨ᠎ᠤ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ 《ᠡᠳᠦᠷ ᠪᠠᠢᠴᠠᠭᠠᠵᠤ ᠰᠥᠨᠢ ᠲᠣᠭᠣᠷᠢᠨ ᠪᠠᠢᠴᠠᠭᠠᠬᠤ》 ᠲᠦᠷᠢᠮ᠎ᠢ ᠬᠡᠷᠡᠭ᠌ᠵᠢᠭᠦᠯᠵᠦ᠍᠂ ᠵᠠᠮ᠎ᠤᠨ ᠬᠠᠮᠢᠶᠠᠷᠤᠨ ᠡᠵᠡᠮᠳᠡᠯᠳᠡ᠎ᠶ᠋ᠢ ᠴᠢᠩᠳᠠᠯᠠᠵᠤ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠬᠤᠭᠤᠴᠠᠭᠠᠨ᠎ᠳᠤ ᠦᠨᠡᠨ ᠬᠦ᠌ ᠭᠠᠳᠠᠭ᠍ᠰᠢ ᠭᠠᠷᠬᠤ ᠴᠢᠬᠤᠯᠠᠲᠠᠶ ᠬᠥᠮᠦᠰ᠎ᠤᠨ 《ᠲᠡᠷᠭᠡ ᠬᠥᠰᠭᠡ᠎ᠶ᠋ᠢᠨ ᠨᠡᠪᠲᠡᠷᠡᠬᠦ᠌ ᠦᠨᠡᠮᠯᠡᠯ》 ᠢ᠋ ᠪᠠᠢᠴᠠᠭᠠᠨ ᠱᠢᠯᠭᠠᠨ᠎ᠠ; ᠵᠠᠮ ᠳᠡᠭᠡᠷ᠎ᠡ ᠭᠠᠷᠬᠤ ᠴᠢᠬᠤᠯᠠ ᠦᠭᠡᠢ ᠲᠡᠷᠭᠡ᠎ᠶ᠋ᠢ ᠢᠳᠭᠠᠵᠤ ᠪᠤᠴᠠᠭᠠᠨ᠎ᠠ;ᠨᠡᠪᠳᠡᠷᠡᠬᠦ᠌ ᠦᠨᠡᠮᠯᠡᠯ᠎ᠢ ᠬᠠᠭᠤᠷᠮᠠᠭ᠍ᠯᠠᠨ ᠵᠣᠬᠢᠶᠠᠵᠤ ᠳᠤᠷ᠎ᠠ᠎ᠪᠠᠷ᠎ᠢᠶᠠᠨ ᠬᠡᠷᠡᠭ᠌ᠯᠡᠬᠦ᠌᠂ ᠲᠣᠭ᠍ᠲᠠᠭᠠᠯ᠎ᠡᠴᠡ ᠵᠥᠷᠢᠴᠡᠨ ᠠᠯᠪᠠ᠎ᠪᠠᠷ ᠨᠡᠪᠲᠡᠷᠡᠬᠦ᠌᠂ ᠢᠳᠭᠠᠨ ᠬᠣᠷᠢᠭ᠍ᠯᠠᠬᠤ᠎ᠶ᠋ᠢ ᠰᠣᠨᠣᠰᠭᠤ ᠥᠬᠡᠶ᠂ ᠵᠠᠮ ᠬᠠᠷᠢᠯᠴᠠᠭᠠᠨ᠎ᠤ ᠴᠠᠭ᠍ᠳᠠᠭ᠎ᠠ᠎ᠶ᠋ᠢᠨ ᠵᠢᠯᠣᠭᠣᠳᠣᠯᠭ᠎ᠠ᠎ᠶ᠋ᠢ ᠳᠠᠭᠠᠬᠤ ᠥᠬᠡᠶ ᠵᠡᠷᠭᠡ ᠬᠠᠤᠯᠢ᠎ᠡᠴᠡ ᠵᠥᠷᠢᠴᠡᠭ᠌ᠰᠡᠨ ᠦᠶ᠋ᠯᠡ ᠠᠵᠢᠯᠯᠠᠭ᠎ᠠ᠎ᠶ᠋ᠢ ᠬᠠᠤᠯᠢ ᠴᠠᠭᠠᠵᠠ᠎ᠶ᠋ᠢ ᠦᠨᠳᠦᠰᠦᠯᠡᠨ ᠱᠢᠢᠳᠭᠡᠨ᠎ᠡ ᠭᠡᠵᠤ ᠬᠡᠯᠡᠪᠡ᠃
ᠸᠠᠩ ᠶᠦᠩ ᠂ ᠥᠷᠭᠡᠨ ᠣᠯᠠᠨ ᠬᠣᠲᠠ᠎ᠶ᠋ᠢᠨ ᠠᠷᠠᠳ ᠬᠡᠷᠪᠡ ᠨᠡᠪᠲᠡᠷᠡᠬᠦ᠌ ᠦᠨᠡᠮᠯᠡᠯ᠎ᠢ ᠰᠠᠷᠢᠭᠠᠯᠠᠭ᠍ᠰᠠᠨ᠂ ᠬᠠᠭᠤᠷᠮᠠᠭ᠍ᠯᠠᠨ ᠵᠣᠬᠢᠶᠠᠭ᠍ᠰᠠᠨ᠂ ᠳᠤᠷ᠎ᠠ᠎ᠪᠠᠷ᠎ᠢᠶᠠᠨ ᠬᠡᠷᠡᠭ᠌ᠯᠡᠭ᠌ᠰᠡᠨ ᠪᠤᠶᠤ ᠦᠨᠡᠮᠯᠡᠯ ᠥᠬᠡᠶ ᠮᠠᠱᠢᠨ ᠲᠡᠷᠭᠡ ᠵᠠᠮ᠎ᠳᠤ ᠭᠠᠷᠤᠭ᠍ᠰᠠᠨ ᠪᠠᠢᠳᠠᠯ᠎ᠢ ᠣᠯᠵᠤ ᠮᠡᠳᠡᠪᠡᠯ᠂ ᠵᠠᠭᠠᠯᠳᠤᠯᠭ᠎ᠠ᠎ᠶ᠋ᠢ ᠭᠥᠯᠢᠶᠡᠨ ᠠᠪᠴᠤ ᠳᠠᠷᠤᠢᠬᠠᠨ ᠰᠢᠢᠳᠪᠤᠷᠢᠯᠡᠬᠦ 12345 ᠤᠳᠠᠰᠤ᠎ᠪᠠᠷ ᠢᠯᠡᠴᠢᠯᠡᠨ ᠮᠡᠳᠡᠭᠦᠯᠦᠭᠡᠷᠡᠢ᠂ ᠪᠢᠳᠡ ᠲᠡᠷᠡ ᠳᠠᠷᠤᠶ᠎ᠳᠤᠨᠢ ᠴᠢᠩᠭ᠎ᠠ ᠪᠠᠢᠴᠠᠭᠠᠨ ᠱᠢᠶ᠋ᠳᠪᠦᠷᠢᠯᠡᠵᠤ᠂ ᠬᠡᠨ᠎ᠳᠦ ᠬᠣᠯᠪᠣᠭ᠍ᠳᠠᠭ᠍ᠰᠠᠨ ᠴᠤ᠌ ᠲᠤᠢᠯᠪᠤᠷᠢᠲᠠᠶ ᠪᠠᠢᠴᠠᠭᠠᠨ᠎ᠠ ᠭᠡᠵᠤ ᠢᠯᠡᠳᠭᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠴᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃