2022-11-02 11:57:02
ᠰᠤᠷᠪᠤᠯᠵᠢᠯᠠᠭ᠍ᠴᠢ ᠬᠥᠬᠡᠬᠣᠲᠠ᠎ᠶ᠋ᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠰᠣᠨᠢᠨ ᠮᠡᠳᠡᠭᠡ ᠨᠡᠢᠲᠡᠯᠡᠬᠦ᠌ ᠬᠤᠷᠠᠯ(66 ᠳ᠋ᠤᠭᠠᠷ ᠲᠠᠯᠠᠪᠠᠢ) ᠡᠴᠡ ᠣᠢᠯᠠᠭᠠᠭ᠍ᠰᠠᠨ᠎ᠢᠶᠠᠷ᠂ 10 ᠰᠠᠷ᠎ᠠ᠎ᠶ᠋ᠢᠨ 30 ᠤ᠋ ᠡᠳᠦᠷ᠂ ᠬᠥᠬᠡᠬᠣᠲᠠ 《ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠬᠤᠭᠤᠴᠠᠭᠠᠨ᠎ᠳᠤ ᠦᠯᠡᠳᠡᠵᠦ᠍ ᠬᠣᠴᠣᠷᠤᠭ᠍ᠰᠠᠨ ᠬᠥᠮᠦᠰ ᠢ᠋ ᠪᠤᠴᠠᠭᠠᠬᠤ᠂ ᠭᠠᠳᠠᠭ᠍ᠰᠢ ᠭᠠᠷᠴᠤ᠌ ᠰᠤᠷᠤᠯᠴᠠᠬᠤ᠂ ᠭᠠᠳᠠᠭ᠍ᠰᠢ ᠭᠠᠷᠴᠤ᠌ ᠱᠢᠯᠭᠠᠯᠳᠠ ᠳ᠋ᠤ ᠤᠷᠤᠯᠴᠠᠬᠤ ᠬᠥᠮᠦᠰ ᠢ᠋ ᠬᠥᠬᠡᠬᠣᠲᠠ ᠡᠴᠡ ᠶᠠᠪᠤᠭᠤᠯᠬᠤ ᠰᠠᠭᠠᠳ ᠦᠭᠡᠢ ᠵᠠᠮ᠎ᠢ ᠨᠡᠪᠲᠡᠷᠡᠭᠦᠯᠬᠦ᠌ ᠲᠤᠬᠠᠢ ᠮᠡᠳᠡᠭ᠌ᠳᠡᠯ》 ( 2022 ᠣᠨ᠎ᠤ 116 ᠳ᠋ᠤᠭᠠᠷ ᠲᠤᠭᠠᠳᠤ) ᠢ᠋ ᠨᠡᠢᠲᠡᠯᠡᠪᠡ᠃ ᠣᠳᠣᠬᠠᠨ ᠪᠣᠯᠲᠠᠯ᠎ᠠ᠂ ᠬᠥᠬᠡᠬᠣᠲᠠ᠎ᠡᠴᠡ ᠶᠠᠪᠤᠬᠤ ᠬᠥᠮᠦᠰ᠎ᠦᠨ ᠭᠤᠶᠤᠴᠢᠯᠠᠯ᠎ᠤᠨ ᠮᠠᠲ᠋ᠧᠷᠢᠶᠠᠯ᠎ᠢ ᠨᠡᠢᠲᠡ 8053 ᠬᠤᠪᠢ ᠣᠯᠵᠤ᠂ ᠨᠢᠭᠡᠨᠲᠡ 6880 ᠬᠤᠪᠢ ᠵᠢ ᠨᠢ ᠬᠢᠨᠠᠨ ᠬᠠᠷᠭᠤᠭᠤᠯᠵᠤ ᠳᠠᠭᠤᠰᠭᠠᠨ᠂ ᠬᠥᠬᠡᠬᠣᠲᠠ ᠡᠴᠡ ᠶᠠᠪᠤᠬᠤ ᠬᠦᠮᠦᠰ᠎ᠢ ᠬᠢᠨᠡᠨ ᠬᠠᠷᠭᠤᠭᠤᠯᠤᠬᠰᠠᠨ ᠮᠡᠳᠡᠭ᠌ᠳᠡᠯ᠎ᠦᠨ ᠪᠢᠴᠢᠭ᠎ᠢ 612 ᠬᠤᠪᠢ ᠲᠠᠷᠬᠠᠭᠠᠵᠤ᠂ 1028 ᠬᠦᠮᠦᠨ᠎ᠤ ᠬᠥᠬᠡᠬᠣᠲᠠ ᠡᠴᠡ ᠶᠠᠪᠤᠬᠤ ᠵᠢ ᠵᠦᠪᠰᠢᠶᠡᠷᠡᠵᠠᠢ᠃
ᠣᠢᠯᠠᠭᠠᠭ᠍ᠰᠠᠨ᠎ᠢᠶᠠᠷ᠂ ᠠᠵᠢᠯ᠎ᠤᠨ ᠳᠡᠰ ᠳᠠᠷᠠᠭᠠᠯᠠᠯ ᠢ᠋ ᠤᠯᠠᠮ ᠨᠢᠭᠡ ᠠᠯᠬᠤᠮ ᠱᠢᠯᠢᠳᠡᠭ᠌ᠵᠢᠭᠦᠯᠵᠦ᠍᠂ ᠬᠢᠨᠠᠨ ᠬᠠᠷᠭᠤᠭᠤᠯᠬᠤ ᠬᠤᠷᠳᠤᠴᠠ᠎ᠪᠠᠨ ᠲᠦᠷᠭᠡᠳᠭᠡᠬᠦ᠌᠎ᠶ᠋ᠢᠨ ᠲᠥᠯᠥᠭᠡ᠂ ᠬᠥᠬᠡᠬᠣᠲᠠ᠎ᠶ᠋ᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠪᠣᠯᠤᠨ ᠬᠤᠸᠠ ᠱᠢᠶᠦ᠋ᠨ ᠳᠡᠭᠡᠳᠦ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠤᠪᠢ ᠣᠷᠣᠭᠤᠯᠤᠭ᠍ᠰᠠᠨ ᠬᠢᠵᠠᠭᠠᠷᠲᠤ ᠺᠣᠮᠫᠠᠨᠢ ᠬᠠᠮᠲᠤᠷᠠᠨ 《ᠬᠥᠬᠡᠬᠣᠲᠠ᠎ᠳᠡᠬᠢ ᠬᠥᠬᠡᠬᠣᠲᠠ᠎ᠠᠴᠠ ᠶᠠᠪᠤᠬᠤ ᠬᠥᠮᠦᠰ᠎ᠦᠨ ᠭᠤᠶᠤᠴᠢᠯᠠᠯ᠎ᠤᠨ ᠲᠠᠪᠴᠠᠩ》 ᠢ᠋ ᠨᠡᠭᠡᠭᠡᠵᠦ᠍᠂ ᠬᠥᠬᠡᠬᠣᠲᠠ᠎ᠠᠴᠠ ᠶᠠᠪᠤᠬᠤ ᠬᠥᠮᠦᠰ ᠬᠣᠶᠠᠷ ᠬᠡᠮᠵᠢᠯᠳᠦ ᠺᠣᠳ᠋᠎ᠢ ᠰᠢᠷᠪᠢᠬᠦ ᠪᠤᠶᠤ ᠴᠥᠷᠬᠡᠯᠡᠭᠡ᠎ᠪᠡᠷ ᠭᠤᠶᠤᠴᠢᠯᠠᠯ ᠲᠠᠭ᠍ᠯᠠᠵᠤ ᠪᠣᠯᠤᠨ᠎ᠠ᠂ ᠲᠠᠪᠴᠠᠩ᠎ᠨᠢ ᠬᠢᠨᠠᠨ ᠬᠠᠷᠭᠤᠭᠤᠯᠤᠭ᠍ᠰᠠᠨ ᠦᠷ᠎ᠡ ᠳ᠋ᠦᠩ ᠢ ᠦᠨᠳᠦᠰᠦᠯᠡᠨ ᠠᠦ᠋ᠲ᠋ᠣ᠋ ᠪᠠᠷ ᠮᠡᠳᠡᠭᠦᠯᠦᠯᠲᠡ ᠲᠠᠷᠬᠠᠭᠠᠵᠤ᠂ ᠣᠯᠠᠨ ᠲᠦᠮᠡᠨ ᠦ ᠬᠥᠬᠡᠬᠣᠲᠠ ᠠᠴᠠ ᠶᠠᠪᠤᠬᠤ ᠭᠠᠷ ᠭᠦᠢᠴᠡᠳᠭᠡᠯ ᠭᠦᠶ᠋ᠴᠡᠳᠭᠡᠬᠦ᠌᠎ᠳᠦ ᠤᠯᠠᠮ ᠨᠢᠭᠡ ᠠᠯᠬᠤᠮ ᠲᠥᠬᠥᠮ ᠦᠵᠡᠭᠦᠯᠬᠦ᠌ ᠪᠣᠯᠤᠨ᠎ᠠ᠃ ᠲᠠᠪᠴᠠᠩ ᠨᠢ 11 ᠰᠠᠷ᠎ᠠ᠎ᠶ᠋ᠢᠨ 1 ᠤ᠋ ᠡᠳᠦᠷ᠎ᠦᠨ ᠦᠳᠡ᠎ᠶ᠋ᠢᠨ ᠡᠮᠦᠨᠡᠬᠢ 10 ᠴᠠᠭ᠎ᠲᠤ ᠵᠢᠩᠬᠢᠨᠢ᠎ᠪᠡᠷ ᠨᠡᠪᠲᠡᠷᠡᠪᠡ᠃ ᠡᠭᠦᠨ᠎ᠦ ᠬᠠᠮᠲᠤ᠂ ᠡᠮᠦᠨᠡᠬᠢ ᠬᠤᠭᠤᠴᠠᠭᠠᠨ᠎ᠳᠤ ᠨᠡᠢᠲᠡᠯᠡᠭ᠌ᠰᠡᠨ ᠢᠮᠧᠯ ᠨᠢ ᠳᠠᠭᠢᠵᠤ ᠱᠢᠨ᠎ᠡ ᠮᠡᠳᠡᠭᠦᠯᠬᠦ᠌ ᠮᠠᠲ᠋ᠧᠷᠢᠶᠠᠯ᠎ᠢ ᠭᠥᠯᠢᠶᠡᠨ ᠠᠪᠬᠤ ᠥᠬᠡᠶ ᠪᠤᠯᠪᠠ᠃ ᠪᠠᠷᠢᠯᠭ᠎ᠠ᠎ᠶ᠋ᠢᠨ ᠭᠠᠵᠠᠷ ᠲᠤ᠌ ᠠᠵᠢᠯᠯᠠᠵᠤ ᠪᠠᠢᠬᠤ ᠬᠥᠬᠡᠬᠣᠲᠠ᠎ᠳᠤ ᠪᠠᠢᠭ᠎ᠠ ᠬᠥᠮᠦᠰ᠎ᠤᠨ ᠶᠠᠪᠤᠬᠤ ᠭᠤᠶᠤᠴᠢᠯᠠᠯ᠎ᠤᠨ ᠮᠠᠲ᠋ᠧᠷᠢᠶᠠᠯ᠎ᠢ ᠬᠣᠲᠠ᠂ ᠬᠣᠱᠢᠭᠤ ᠱᠢᠶᠠᠨ ᠲᠣᠭᠣᠷᠢᠭ᠎ᠤᠨ ᠣᠷᠣᠨ ᠰᠠᠭᠤᠴᠠ ᠪᠠ ᠬᠣᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠣᠪᠴᠢᠶ᠎ᠠ ᠨᠢᠭᠡᠳᠦᠯᠲᠡᠶ ᠵᠣᠬᠢᠶᠠᠨ ᠪᠠᠢᠭᠤᠯᠵᠤ ᠲᠤᠱᠢᠶᠠᠨ ᠱᠢᠶ᠋ᠳᠪᠦᠷᠢᠯᠡᠭᠦᠯᠬᠦ᠌᠎ᠪᠡᠷ ᠲᠣᠬᠢᠷᠠᠭᠤᠯᠪᠠ᠃
ᠬᠢᠵᠢᠭ᠎ᠦᠨ ᠪᠠᠢᠳᠠᠯ ᠭᠠᠷᠤᠭ᠍ᠰᠠᠨ ᠠᠴᠠ ᠨᠠᠭᠠᠰᠢ᠂ ᠬᠥᠬᠡᠬᠣᠲᠠ ᠳᠤ ᠤᠯᠠᠨ ᠤᠯᠤᠰ᠎ᠤᠨ ᠵᠢᠱᠢᠶᠠᠨ᠎ᠤ ᠨᠢᠰᠭᠡᠯ ᠡᠴᠡ ᠰᠠᠭᠠᠲᠠᠨ ᠬᠤᠴᠤᠷᠤᠬᠰᠠᠨ ᠬᠥᠮᠦᠨ ᠨᠡᠢ᠌ᠳᠡ 1228 ᠪᠠᠢᠵᠤ᠂ ᠨᠢᠭᠡᠨᠲᠡ 740 ᠬᠥᠮᠦᠨ᠎ᠢ ᠨᠢ ᠱᠢᠯᠵᠢᠭᠦᠯᠦᠨ ᠭᠠᠷᠭᠠᠵᠤ᠂ ᠤᠯᠠᠨ ᠤᠯᠤᠰ᠎ᠤᠨ ᠵᠢᠱᠢᠶᠠᠨ᠎ᠤ ᠨᠢᠰᠭᠡᠯ ᠡᠴᠡ ᠰᠠᠭᠠᠲᠠᠨ ᠬᠤᠴᠤᠷᠤᠬᠰᠠᠨ ᠬᠥᠮᠦᠨ ᠮᠥᠨ 488 ᠪᠠᠢᠵᠤ᠂ ᠲᠦᠷᠦᠯ ᠰᠠᠳᠤᠨ᠎ᠢᠶᠠᠨ ᠡᠷᠭᠢᠵᠦ᠍ ᠦᠵᠡᠬᠦ᠌ ᠪᠡᠷ ᠢᠷᠡᠭᠰᠡᠨ 4109 ᠬᠥᠮᠦᠨ ᠰᠠᠭᠠᠲᠠᠨ ᠬᠤᠴᠤᠷᠴᠤ᠂ ᠡᠪᠡᠳᠴᠢᠨ ᠦᠵᠡᠬᠦᠯᠬᠦ ᠪᠡᠷ ᠢᠷᠡᠭᠰᠡᠨ 742 ᠬᠥᠮᠦᠨᠰᠠᠭᠠᠲᠠᠨ ᠬᠤᠴᠤᠷᠴᠤ᠂ ᠠᠯᠪᠠᠨ ᠠᠵᠢᠯ᠎ᠢᠶᠠᠷ ᠭᠠᠳᠠᠭ᠍ᠰᠢ ᠭᠠᠷᠤᠭ᠍ᠰᠠᠨ 2171 ᠬᠥᠮᠦᠨ ᠰᠠᠭᠠᠲᠠᠨ ᠬᠤᠴᠤᠷᠴᠠᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠠᠨᠠᠷ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃