2022-11-02 17:00:45
10 ᠰᠠᠷ᠎ᠠ᠎ᠶᠢᠨ 31 ᠦ ᠡᠳᠦᠷ᠂ ᠬᠥᠬᠡᠬᠣᠲᠠ᠎ᠶᠢᠨ ᠬᠢᠵᠢᠭ᠌᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠠᠵᠢᠯ᠎ᠤᠨ ᠰᠣᠨᠢᠨ ᠮᠡᠳᠡᠭᠡ ᠨᠡᠢᠲᠡᠯᠡᠬᠦ ᠬᠤᠷᠠᠯ (65 ᠳ᠋ᠤᠭᠠᠷ ᠲᠠᠯᠠᠪᠠᠶ) ᠳᠡᠭᠡᠷ᠎ᠠ ᠬᠥᠬᠡᠬᠣᠲᠠ᠎ᠳᠡᠬᠢ ᠶᠡᠬᠡ ᠳᠡᠭᠡᠳᠦ ᠰᠤᠷᠭᠠᠭᠤᠯᠢ᠎ᠶᠢᠨ ᠰᠤᠷᠤᠭ᠍ᠴᠢᠳ᠎ᠤᠨ ᠨᠤᠲᠤᠭ᠎ᠲᠠᠭᠠᠨ ᠪᠤᠴᠠᠭᠰᠠᠨ ᠪᠠᠢᠳᠠᠯ᠎ᠢ ᠮᠡᠳᠡᠭᠳᠡᠪᠡ᠃
ᠲᠦᠷᠦᠭᠦᠬᠡᠨ᠂ ᠬᠥᠬᠡᠬᠣᠲᠠ᠎ᠶᠢᠨ ᠬᠢᠵᠢᠭ᠌᠎ᠦᠨ ᠪᠠᠢᠳᠠᠯ ᠨᠡᠯᠢᠶᠡᠳ ᠬᠦᠨᠳᠦ ᠨᠣᠴᠢᠲᠠᠢ ᠪᠣᠯᠵᠤ᠂ ᠬᠥᠬᠡᠬᠣᠲᠠ᠎ᠳᠡᠬᠢ ᠶᠡᠬᠡ ᠳᠡᠭᠡᠳᠦ ᠰᠤᠷᠭᠠᠭᠤᠯᠢ᠎ᠳᠤ ᠲᠥᠪᠯᠡᠷᠡᠨ ᠬᠠᠯᠳᠠᠪᠤᠷᠢᠯᠠᠬᠤ ᠪᠠᠢᠳᠠᠯ ᠢᠯᠡᠷᠡᠵᠦ᠂ ᠰᠡᠷᠭᠡᠢᠯᠡᠨ ᠡᠵᠡᠮᠳᠡᠬᠦ᠎ᠳᠦ ᠮᠠᠰᠢ ᠬᠦᠴᠢᠷ ᠪᠤᠯᠵᠠᠢ᠃ 10 ᠰᠠᠷ᠎ᠠ᠎ᠶᠢᠨ 28᠎ᠠᠴᠠ 29 ᠦ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠰᠢᠨ᠎ᠡ ᠲᠢᠲᠢᠮᠯᠢᠭ᠌ ᠠᠭᠤᠰᠬᠢᠨ ᠦᠷᠪᠢᠰᠦᠯ᠎ᠦᠨ ᠬᠢᠵᠢᠭ᠌᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠠᠵᠢᠯ᠎ᠤᠨ ᠵᠢᠯᠤᠭᠣᠳᠬᠤ ᠭᠠᠵᠠᠷ᠎ᠤᠨ ᠨᠢᠭᠡᠳᠦᠯᠲᠡᠢ ᠳᠤᠬᠢᠷᠠᠭᠤᠯᠭ᠎ᠠ ᠪᠡᠷ ᠨᠢᠭᠡ ᠪᠦᠯᠦᠭ ᠶᠡᠬᠡ ᠳᠡᠭᠡᠳᠦ ᠰᠤᠷᠭᠠᠭᠤᠯᠢ᠎ᠶᠢᠨ ᠰᠤᠷᠤᠭ᠍ᠴᠢᠳ ᠢ ᠨᠤᠲᠤᠭ ᠲᠤᠨᠢ ᠪᠤᠴᠠᠭᠠᠬᠰᠠᠨ ᠪᠠ ᠲᠤᠰᠠᠭᠠᠷᠯᠠᠨ ᠰᠢᠯᠵᠢᠭᠦᠯᠵᠠᠢ᠃ ᠣᠳᠣᠬᠠᠨ᠎ᠳᠤ ᠡᠳᠡᠭᠡᠷ ᠰᠤᠷᠤᠭ᠍ᠴᠢᠳ ᠨᠢᠭᠡᠨᠲᠡ ᠠᠮᠤᠷ ᠲᠦᠪᠰᠢᠨ ᠵᠢᠡᠷ ᠵᠤᠷᠢᠬᠰᠠᠨ ᠭᠠᠵᠠᠷ ᠲᠠᠭᠠᠨ ᠬᠦᠷᠪᠠ᠃
ᠡᠨᠭ ᠳᠡᠷᠢᠬᠦᠨ᠎ᠳᠦ᠂ ᠬᠢᠵᠢᠭ᠌ ᠭᠠᠷᠤᠭᠰᠠᠨ ᠦᠭᠡᠢ ᠶᠡᠬᠡ ᠳᠡᠭᠡᠳᠦ ᠰᠤᠷᠭᠠᠭᠤᠯᠢ᠂ ᠰᠤᠷᠭᠠᠭᠤᠯᠢ᠎ᠶᠢᠨ ᠲᠣᠭᠣᠷᠢᠭ᠋ᠲᠡᠬᠢ ᠣᠷᠣᠨ᠎ᠤ ᠳᠣᠲᠣᠷᠠᠬᠢ ᠰᠣᠷᠣᠭ᠍ᠴᠢᠳ ᠢ ᠠᠮᠤᠷ ᠲᠦᠪᠰᠢᠨ᠂ ᠡᠮᠬᠢ ᠵᠢᠷᠤᠮ᠎ᠲᠠᠢ᠎ᠪᠠᠷ ᠰᠠᠭᠤᠭ᠎ᠠ ᠭᠠᠵᠠᠷ ᠲᠤᠨᠢ ᠪᠤᠴᠠᠭᠠᠬᠤ᠎ᠪᠠᠷ ᠲᠣᠬᠢᠷᠠᠭᠤᠯᠤᠬᠰᠠᠨ ᠪᠠᠢᠨ᠎ᠠ᠃ ᠡᠳᠡᠭᠡᠷ ᠰᠤᠷᠤᠬᠴᠢᠳᠢ ᠭᠠᠳᠠᠭ᠍ᠰᠢ ᠬᠠᠯᠳᠠᠪᠤᠷᠢᠯᠠᠬᠤ ᠠᠶᠤᠯ ᠲᠦᠭᠰᠢᠭᠦᠷᠢ ᠦᠭᠡᠢ ᠪᠠᠢᠵᠦ᠂ 3 ᠨᠥᠬᠥᠴᠡᠯ᠎ᠳᠦ ᠨᠡᠶ᠋ᠢᠴᠡᠬᠦ ᠬᠡᠷᠡᠭᠲᠡᠢ ᠭᠡᠵᠦ ᠱᠠᠭᠠᠷᠳᠠᠪᠠ᠃ ᠨᠢᠭᠡ᠎ᠳᠦ᠂ ᠰᠤᠷᠭᠠᠭᠤᠯᠢ᠎ᠶᠢᠨ ᠬᠦᠷᠢᠶᠡᠨ᠎ᠳᠦ 14 ᠡᠳᠦᠷ ᠳᠠᠷᠠᠭᠠᠯᠠᠨ ᠬᠢᠵᠢᠭ᠌ ᠡᠭᠦᠰᠦᠭᠰᠡᠨ ᠦᠭᠡᠢ᠂ ᠰᠤᠷᠤᠭ᠍ᠴᠢᠳ᠎ᠤᠨ ᠪᠡᠶ᠎ᠡ᠎ᠶᠢᠨ ᠳᠤᠯᠠᠭᠠᠨ ᠬᠡᠪ᠎ᠦᠨ ᠪᠠᠢᠳᠠᠯ᠎ᠲᠠᠢ ᠪᠠᠢᠬᠤ ᠬᠡᠷᠡᠭᠳᠡᠢ︔ ᠬᠣᠶᠠᠷ᠎ᠲᠤ᠂ ᠰᠤᠷᠭᠠᠭᠤᠯᠢ᠎ᠠᠴᠠ᠎ᠪᠠᠨ ᠰᠠᠯᠵᠤ ᠨᠤᠲᠤᠭ᠎ᠲᠠᠭᠠᠨ ᠪᠤᠴᠠᠬᠤ ᠦᠶ᠎ᠡ᠎ᠳᠦ᠂ 48 ᠴᠠᠭ᠎ᠤᠨ ᠳᠣᠲᠣᠷᠠᠬᠢ ᠪᠥᠭᠡᠮ ᠬᠦᠴᠢᠯ᠎ᠦᠨ ᠪᠠᠢᠴᠠᠭᠠᠯᠲᠠ᠎ᠶᠢᠨ ᠪᠢᠯᠢᠭ᠌ ᠴᠢᠨᠠᠷ᠎ᠤᠨ ᠭᠡᠷᠡᠴᠢ ᠵᠢᠴᠢ 24 ᠴᠠᠭ᠎ᠤᠨ ᠳᠣᠲᠣᠷᠠᠬᠢ ᠥᠳᠥᠭᠡᠭᠴᠢ᠎ᠶᠢᠨ ᠪᠠᠢᠴᠠᠭᠠᠯᠲᠠ᠎ᠶᠢᠨ ᠪᠢᠯᠢᠭ᠌ ᠴᠢᠨᠠᠷ᠎ᠤᠨ ᠭᠡᠷᠡᠴᠢ᠂ ᠡᠷᠡᠭᠦᠯ ᠮᠡᠨᠳᠦ᠎ᠶᠢᠨ ᠺᠣᠳ᠋ ᠨᠢ 《ᠨᠣᠭᠣᠭᠠᠨ ᠺᠣᠳ᠋ 》 ᠪᠠᠢᠬᠤ ( 24 ᠴᠠᠭ᠎ᠤᠨ ᠳᠣᠲᠣᠷᠠᠬᠢ ᠪᠥᠭᠡᠮ ᠬᠦᠴᠢᠯ᠎ᠦᠨ ᠪᠢᠯᠢᠭ᠌ ᠴᠢᠨᠠᠷ᠎ᠤᠨ ᠭᠡᠷᠡᠴᠢ ᠪᠠᠢᠪᠠᠯ ᠥᠳᠥᠭᠡᠭᠴᠢ᠎ᠶᠢᠨ ᠪᠠᠢᠴᠠᠭᠠᠯᠲᠠ᠎ᠶᠢᠨ ᠭᠡᠷᠡᠴᠢ ᠬᠠᠨᠭᠭᠠᠬᠤ ᠦᠬᠡᠢ ᠪᠠᠢᠵᠦ ᠪᠣᠯᠣᠨ᠎ᠠ ) ᠬᠡᠷᠡᠭᠳᠡᠢ︔ ᠭᠤᠷᠪᠠ᠎ᠳᠤ᠂ ᠨᠤᠲᠤᠭ᠎ᠲᠠᠭᠠᠨ ᠪᠤᠴᠠᠭᠰᠠᠨ ᠰᠣᠷᠣᠭ᠍ᠴᠢ ᠲᠣᠭᠲᠠᠮᠠᠯ ᠣᠷᠣᠨ ᠰᠠᠭᠤᠴᠠ᠎ᠲᠠᠢ ᠪᠠᠢᠵᠤ᠂ ᠬᠠᠷᠢᠶ᠎ᠠ ᠭᠠᠵᠠᠷ᠎ᠤᠨ ᠬᠢᠨ᠎ᠲᠠᠢ ᠢᠳᠡᠪᠬᠢᠲᠡᠢ ᠬᠠᠮᠵᠢᠯᠴᠠᠨ 7 ᠡᠳᠦᠷ ᠭᠡᠷ᠎ᠲᠡᠬᠡᠨ ᠲᠤᠰᠠᠭᠠᠷᠯᠠᠵᠤ ᠠᠨᠠᠭᠠᠬᠤ ᠤᠬᠠᠭᠠᠨ᠎ᠤ ᠠᠵᠢᠭ᠍ᠯᠠᠯᠲᠠ ᠬᠢᠬᠦ᠎ᠶᠢ ᠪᠡᠶᠡᠯᠡᠭᠦᠯᠵᠦ᠂ ᠨᠤᠲᠤᠭ᠎ᠲᠠᠭᠠᠨ ᠪᠤᠴᠠᠬᠤ ᠠᠵᠢᠯ᠎ᠤᠨ ᠲᠣᠬᠢᠷᠠᠭᠤᠯᠤᠯᠲᠠ ᠪᠠ ᠬᠠᠷᠢᠶ᠎ᠠ ᠭᠠᠵᠠᠷ᠎ᠤᠨ ᠬᠢᠵᠢᠭ᠌᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠡᠯ᠎ᠡ ᠵᠦᠢᠯ᠎ᠦᠨ ᠱᠠᠭᠠᠷᠳᠠᠯᠭ᠎ᠠ᠎ᠶᠢ ᠴᠢᠩᠭ᠎ᠠ ᠵᠢᠷᠤᠮᠯᠠᠬᠤ ᠬᠡᠷᠡᠭᠳᠡᠢ᠃
ᠳᠠᠷᠠᠭ᠎ᠠ ᠨᠢ᠂ ᠨᠢᠭᠡᠨᠲᠡ ᠬᠢᠵᠢᠭ᠌ ᠭᠠᠷᠤᠭᠰᠠᠨ ᠶᠡᠬᠡ ᠳᠡᠭᠡᠳᠦ ᠰᠤᠷᠭᠠᠭᠤᠯᠢ᠎ᠶᠢ ᠬᠣᠶᠠᠷ ᠲᠥᠷᠥᠯ ᠬᠤᠪᠢᠶᠠᠨ᠂ ᠰᠤᠷᠤᠭᠴᠢᠳ᠎ᠢ ᠡᠮᠬᠢ ᠵᠢᠷᠤᠮ᠎ᠲᠠᠢ᠎ᠪᠠᠷ ᠲᠤᠰᠠᠭᠠᠷᠯᠠᠨ ᠰᠢᠯᠵᠢᠭᠦᠯᠪᠡ᠃ ᠨᠢᠭᠡ᠎ᠳᠦ᠂ ᠬᠢᠵᠢᠭ᠌᠎ᠦᠨ ᠪᠠᠢᠳᠠᠯ ᠬᠡᠰᠡᠭ ᠪᠤᠰᠠᠭ᠎ᠢᠶᠠᠷ ᠭᠠᠷᠤᠭᠰᠠᠨ ᠶᠡᠬᠡ ᠳᠡᠭᠡᠳᠦ ᠰᠤᠷᠭᠠᠭᠤᠯᠢ 《ᠨᠢᠭᠡ ᠰᠤᠷᠭᠠᠭᠤᠯᠢ᠎ᠳᠤ ᠨᠢᠭᠡ ᠪᠣᠳᠣᠯᠭ᠎ᠠ ᠬᠡᠷᠡᠭᠵᠢᠭᠦᠯᠬᠦ》 ᠲᠥᠰᠥᠯ᠎ᠢ ᠴᠢᠩᠭ᠎ᠠ ᠵᠢᠷᠤᠮᠯᠠᠨ᠂ ᠠᠷᠭ᠎ᠠ ᠴᠢᠨᠠᠷᠲᠠᠢ ᠬᠠᠯᠳᠠᠪᠤᠷᠢᠯᠠᠭᠳᠠᠬᠰᠠᠳ ᠪᠠ ᠭᠣᠣᠯ ᠨᠢᠭ᠍ᠲᠠ ᠦᠢᠷᠠᠳᠤᠭᠰᠠᠳᠢ ᠬᠥᠬᠡᠬᠣᠲᠠ ᠵᠢᠨ ᠬᠢᠨ ᠬᠠᠷᠢᠭᠤᠴᠠᠨ ᠭᠥᠯᠢᠶᠡᠨ ᠠᠪᠴᠤ᠂ ᠲᠤᠰᠠᠭᠠᠷᠯᠠᠨ ᠰᠢᠯᠵᠢᠭᠦᠯᠬᠦ ᠪᠠ ᠠᠪᠤᠷᠠᠨ ᠵᠠᠰᠠᠬᠤ ᠠᠵᠢᠯ᠎ᠢ ᠰᠠᠢᠲᠤᠷ ᠬᠢᠪᠡ᠃ ᠬᠣᠶᠠᠷ᠎ᠲᠤ᠂ ᠡᠪᠡᠳᠴᠢᠨ᠎ᠦ ᠵᠢᠱ᠌ᠢᠶ᠎ᠡ ᠨᠡᠯᠢᠶᠡᠳ ᠣᠯᠠᠨ ᠢᠯᠡᠷᠡᠭᠰᠡᠨ ᠥᠪᠥᠷ ᠮᠣᠩᠭᠣᠯ᠎ᠤᠨ ᠠᠵᠤ ᠦᠢᠯᠡᠳᠪᠦᠷᠢ᠎ᠶᠢᠨ ᠶᠡᠬᠡ ᠰᠤᠷᠭᠠᠭᠤᠯᠢ ᠵᠡᠷᠭᠡ ᠶᠡᠬᠡ ᠳᠡᠭᠡᠳᠦ ᠰᠤᠷᠭᠠᠭᠤᠯᠢ᠎ᠳᠦ ᠪᠥᠬᠥ ᠣᠷᠣᠨ᠎ᠤ ᠡᠬᠢ ᠪᠠᠶᠠᠯᠢᠭ ᠪᠠ ᠬᠦᠴᠦᠨ᠎ᠢ ᠨᠢᠭᠡᠳᠦᠯᠲᠡᠢ ᠲᠥᠯᠥᠪᠵᠢᠭᠦᠯᠵᠦ᠂ ᠪᠤᠭᠤᠲᠤ ᠬᠣᠲᠠ ᠵᠡᠷᠭᠡ 6 ᠠᠢᠮᠠᠭ ᠬᠣᠲᠠ ᠵᠢᠨ ᠬᠢᠨ ᠨᠢᠭ᠍ᠲᠠ ᠦᠢᠷᠠᠳᠤᠭᠰᠠᠳᠢ ᠰᠢᠯᠵᠢᠭᠦᠯᠦᠨ ᠲᠡᠭᠡᠭᠡᠪᠦᠷᠢᠯᠡᠬᠦ ᠡᠭᠦᠷᠭᠡ᠎ᠶᠢ ᠪᠡᠶᠡᠯᠡᠭᠦᠯᠵᠦ᠂ ᠲᠤᠰᠠᠭᠠᠷᠯᠠᠬᠤ ᠬᠤᠭᠤᠴᠠᠭ᠎ᠠ ᠬᠦᠢᠴᠡᠭᠰᠡᠨ ᠪᠥᠭᠡᠳ ᠦᠨᠡᠯᠡᠨ ᠵᠢᠱ᠌ᠢᠭᠡᠳ ᠬᠢᠷᠢ ᠲᠡᠩᠴᠡᠭᠰᠡᠨ᠎ᠦ ᠳᠠᠷᠠᠭ᠎ᠠ ᠨᠤᠲᠤᠭ ᠲᠤᠨᠢ ᠪᠤᠴᠠᠭᠠᠬᠤ᠎ᠪᠠᠷ ᠲᠣᠬᠢᠷᠠᠭᠤᠯᠤᠨ᠎ᠠ᠃ ᠡᠭᠦᠨ᠎ᠡᠴᠡ ᠭᠠᠳᠠᠨ᠎ᠠ᠂ ᠬᠢᠵᠢᠭ᠌᠎ᠦᠨ ᠪᠠᠢᠳᠠᠯ ᠭᠠᠷᠤᠭᠰᠠᠨ ᠶᠡᠬᠡ ᠳᠡᠭᠡᠳᠦ ᠰᠤᠷᠭᠠᠭᠤᠯᠢ᠎ᠶᠢᠨ ᠡᠷᠡᠭᠦᠯ ᠰᠣᠷᠣᠭ᠍ᠴᠢ᠎ᠶᠢ ᠤᠯᠠᠮ ᠨᠢᠭᠡ ᠠᠯᠬᠤᠮ ᠰᠢᠭ᠌ᠰᠢᠨ ᠪᠠᠢᠴᠠᠭᠠᠵᠤ᠂ ᠭᠠᠳᠠᠭ᠍ᠰᠢ ᠬᠠᠯᠳᠠᠪᠤᠷᠢᠯᠠᠬᠤ ᠠᠶᠤᠯ ᠲᠦᠭᠰᠢᠬᠦᠷᠢ ᠦᠭᠡᠢ ᠭᠡᠵᠦ ᠲᠣᠭᠲᠠᠭᠠᠭᠰᠠᠨ᠎ᠤ ᠳᠠᠷᠠᠭ᠎ᠠ ᠨᠤᠲᠤᠭ᠎ᠲᠤ᠎ᠨᠢ ᠪᠤᠴᠠᠭᠠᠬᠤ᠎ᠪᠠᠷ ᠡᠮᠬᠢ ᠵᠢᠷᠤᠮ᠎ᠲᠠᠢ᠂ ᠠᠯᠬᠤᠮ ᠬᠤᠪᠢᠶᠠᠨ ᠲᠣᠬᠢᠷᠠᠭᠤᠯᠦᠨᠠ᠃
ᠡᠨᠡ ᠤᠳᠠᠭᠠᠨ᠎ᠤ ᠬᠤᠪᠢᠶᠠᠨ ᠰᠢᠯᠵᠢᠭᠦᠯᠬᠦ ᠠᠵᠢᠯ᠎ᠢ ᠲᠤᠢᠯ᠎ᠤᠨ ᠣᠨᠣᠪᠴᠢᠲᠠᠶ᠎ᠪᠠᠷ ᠲᠥᠷᠥᠯ ᠬᠤᠪᠢᠶᠠᠬᠤ᠂ ᠠᠵᠢᠯ ᠲᠥᠷᠥᠯ ᠢᠶᠡᠷ ᠢᠶᠡᠨ ᠳᠠᠭᠠᠭᠠᠴᠢᠯᠠᠨ ᠬᠣᠯᠪᠣᠭᠠᠯᠠᠬᠤ᠂ ᠬᠠᠮᠵᠢᠯᠴᠠᠬᠤ᠎ᠶᠢ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ᠎ᠪᠠᠷ ᠲᠦᠷᠦᠭᠦᠯᠡᠭᠦᠯᠦᠨ᠂ ᠰᠤᠷᠭᠠᠨ ᠬᠥᠮᠦᠵᠢᠯ᠂ ᠳᠣᠲᠣᠭᠠᠳᠤ᠎ᠶᠢ ᠬᠠᠮᠠᠭᠠᠯᠠᠬᠤ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠲᠡᠮᠦᠷ ᠵᠠᠮ᠂ ᠵᠠᠮ ᠬᠠᠷᠢᠯᠴᠠᠭ᠎ᠠ ᠵᠡᠷᠭᠡ ᠣᠯᠠᠨ ᠰᠠᠯᠠᠭ᠎ᠠ ᠮᠥᠴᠢᠷ ᠬᠣᠯᠪᠤᠭᠠᠯᠠᠨ ᠬᠥᠳᠡᠯᠦᠯᠴᠡᠵᠦ᠂ ᠡᠲᠡᠭᠡᠷ ᠰᠤᠷᠤᠭ᠍ᠴᠢᠳ᠎ᠤᠨ ᠠᠮᠤᠷ ᠲᠦᠪᠰᠢᠨ᠂ ᠡᠮᠬᠢ ᠵᠢᠷᠤᠮ᠎ᠲᠠᠢ᠎ᠪᠠᠷ ᠬᠦᠬᠡᠬᠤᠳᠠ ᠡᠴᠡ ᠶᠠᠪᠤᠬᠤ᠎ᠶᠢ ᠤᠤᠯ᠎ᠤᠨ ᠲᠥᠯᠥᠪᠯᠡᠭᠡ᠎ᠡᠴᠡ ᠨᠢᠭᠡ ᠡᠳᠦᠷ ᠤᠷᠢᠳᠴᠢᠯᠠᠨ ᠪᠡᠶᠡᠯᠡᠭᠦᠯᠪᠠ᠃ ᠰᠢᠯᠵᠢᠭᠦᠯᠦᠨ ᠲᠡᠭᠡᠭᠡᠪᠦᠷᠢᠯᠡᠬᠦ ᠶᠠᠪᠤᠴᠠ᠎ᠳᠤ᠂ ᠡᠯ᠎ᠡ ᠠᠢᠮᠠᠭ ᠬᠣᠲᠠ ᠨᠢ ᠥᠪᠡᠷᠲᠡᠭᠡᠨ ᠵᠠᠰᠠᠬᠤ ᠣᠷᠣᠨ᠎ᠤ ᠲᠣᠬᠢᠷᠠᠭᠤᠯᠤᠯᠲᠠ᠎ᠶᠢ ᠡᠷᠡᠰ ᠳᠠᠭᠠᠵᠤ᠂ ᠨᠥᠬᠥᠴᠡᠯᠳᠤᠷᠠᠳᠬᠤ ᠦᠭᠡᠢ ᠪᠡᠷ ᠲᠦᠷᠭᠡᠨ ᠬᠥᠳᠡᠯᠦᠯᠴᠡᠵᠦ᠂ ᠬᠦᠴᠢᠷ ᠪᠡᠷᠬᠡᠰᠢᠶᠡᠯ᠎ᠢ ᠢᠯᠡᠨ ᠳᠠᠪᠠᠵᠤ᠂ ᠬᠤᠪᠢᠶᠠᠨ ᠰᠢᠯᠵᠢᠬᠦᠯᠦᠭᠰᠡᠨ ᠰᠤᠷᠤᠭ᠍ᠴᠢᠳ᠎ᠢ ᠭᠥᠯᠢᠶᠡᠨ ᠠᠪᠬᠤ ᠠᠵᠢᠯ᠎ᠢ ᠰᠠᠢᠲᠤᠷ ᠬᠢᠵᠦ᠂ ᠦᠢᠯᠡᠴᠢᠯᠡᠭᠡ ᠪᠠᠲᠤᠯᠠᠭ᠎ᠠ᠎ᠶᠢ ᠨᠠᠷᠢᠨ ᠨᠢᠭ᠍ᠲᠠ᠂ ᠬᠠᠯᠠᠭᠤᠮᠰᠤᠭ ᠰᠠᠢᠬᠠᠨ ᠬᠢᠵᠦ᠂ ᠰᠤᠷᠤᠭ᠍ᠴᠢᠳ᠎ᠤᠨ ᠪᠡᠶ᠎ᠡ ᠰᠡᠳᠬᠢᠯ᠎ᠦᠨ ᠡᠷᠡᠭᠦᠯ ᠮᠡᠨᠳᠦ ᠪᠠ ᠠᠮᠤᠷ ᠲᠦᠪᠰᠢᠨ᠎ᠢ ᠬᠠᠢᠷ᠎ᠠ ᠵᠢᠨ ᠰᠡᠳᠬᠢᠯ ᠵᠢᠡᠷ ᠰᠠᠬᠢᠨ ᠬᠠᠮᠠᠭᠠᠯᠠᠪᠠ᠃
ᠡᠭᠦᠨ᠎ᠡᠴᠡ ᠭᠠᠳᠠᠨ᠎ᠠ᠂ ᠬᠥᠬᠡᠬᠣᠲᠠ᠎ᠳᠡᠬᠢ ᠶᠡᠬᠡ ᠳᠡᠭᠡᠳᠦ ᠰᠤᠷᠭᠠᠭᠤᠯᠢ ᠶᠢᠨ ᠣᠷᠣᠨ᠎ᠤ ᠭᠠᠳᠠᠨᠠᠬᠢ ᠰᠤᠷᠤᠭ᠍ᠴᠢᠳ᠎ᠲᠤ ᠬᠠᠨᠳᠤᠭᠤᠯᠤᠨ ᠥᠪᠡᠷᠲᠡᠭᠡᠨ ᠵᠠᠰᠠᠬᠤ ᠣᠷᠣᠨ᠎ᠤ ᠰᠢᠨ᠎ᠡ ᠲᠢᠲᠢᠮᠯᠢᠭ᠌ ᠠᠭᠤᠰᠬᠢᠨ ᠦᠷᠪᠢᠰᠦᠯ᠎ᠦᠨ ᠬᠢᠵᠢᠭ᠌᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠠᠵᠢᠯ᠎ᠤᠨ ᠵᠢᠯᠤᠭᠣᠳᠬᠤ ᠭᠠᠵᠠᠷ ᠡᠴᠡ ᠶᠠᠭ ᠬᠣᠯᠪᠣᠭᠳᠠᠯ ᠪᠦᠬᠦᠢ ᠮᠤᠵᠢ ( ᠣᠷᠣᠨ᠂ ᠬᠣᠲᠠ) ᠪᠣᠯᠣᠨ ᠰᠠᠯᠠᠭ᠎ᠠ ᠮᠥᠴᠢᠷ᠎ᠢ ᠱᠠᠯᠠᠪᠳᠠᠨ ᠵᠣᠬᠢᠴᠠᠭᠤᠯᠵᠤ ᠪᠤᠢ᠂ ᠨᠤᠲᠤᠭ᠎ᠲᠠᠭᠠᠨ ᠪᠤᠴᠠᠬᠤ ᠬᠦᠰᠡᠯ ᠳᠠᠢ ᠰᠤᠷᠤᠭ᠍ᠴᠢᠳ᠎ᠢ ᠡᠷᠲᠡᠬᠡᠨ ᠲᠣᠬᠢᠷᠠᠭᠤᠯᠵᠤ᠂ ᠰᠣᠷᠣᠭ᠍ᠴᠢ᠎ᠶᠢᠨ ᠢᠷᠡᠯᠲᠡ᠎ᠶᠢᠨ ᠭᠠᠵᠠᠷ᠎ᠤᠨ ᠬᠢᠵᠢᠭ᠌᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠱᠠᠭᠠᠷᠳᠠᠯᠭ᠎ᠠ᠎ᠶᠢ ᠴᠢᠩᠭ᠎ᠠ ᠵᠢᠷᠤᠮᠯᠠᠨ᠂ ᠬᠢᠵᠢᠭ᠌᠎ᠦᠨ ᠪᠠᠢᠳᠠᠯ ᠭᠠᠳᠠᠭ᠍ᠰᠢ ᠬᠠᠯᠳᠠᠪᠤᠷᠢᠯᠠᠬᠤ ᠦᠭᠡᠢ ᠪᠠᠢᠬᠤ᠎ᠶᠢ ᠦᠨᠡᠨ ᠬᠦ᠌ ᠪᠠᠲᠤᠯᠠᠭᠰᠠᠨ ᠤᠷᠢᠲᠠᠯ ᠳᠣᠣᠷ᠎ᠠ᠂ ᠠᠮᠤᠷ ᠲᠦᠪᠰᠢᠨ ᠰᠢᠭᠤᠳ ᠰᠢᠯᠤᠭᠤᠨ ᠵᠢᠡᠷ ᠨᠤᠲᠤᠭ᠎ᠲᠤ᠎ᠨᠢ ᠪᠤᠴᠠᠭᠠᠨ᠎ᠠ᠃ ᠰᠤᠷᠭᠠᠭᠤᠯᠢ᠎ᠳᠤ ᠦᠯᠡᠳᠡᠭᠰᠡᠨ ᠰᠤᠷᠤᠭ᠍ᠴᠢᠳ᠎ᠢ ᠬᠠᠯᠠᠮᠵᠢᠯᠠᠨ ᠬᠠᠢᠷᠠᠯᠠᠵᠤ᠂ ᠲᠡᠳᠡᠨ᠎ᠦ ᠰᠤᠷᠭᠠᠭᠤᠯᠢ᠎ᠳᠤ ᠪᠠᠢᠭ᠎ᠠ ᠬᠤᠭᠤᠴᠠᠭᠠᠨ᠎ᠳᠠᠬᠢ ᠠᠮᠢᠳᠤᠷᠠᠯ ᠪᠠ ᠰᠤᠷᠤᠯᠭ᠎ᠠ ᠶᠢᠨ ᠠᠮᠤᠷ ᠲᠦᠪᠰᠢᠨ ᠤᠷᠤᠭᠰᠢᠲᠠᠢ ᠪᠠᠢᠬᠤ᠎ᠶᠢ ᠦᠨᠡᠨ ᠬᠦ᠌ ᠪᠠᠲᠤᠯᠠᠨ᠎ᠠ᠃
ᠪᠤᠰᠤᠳ ᠰᠤᠷᠤᠭ᠍ᠴᠢᠳ᠎ᠢ ᠴᠤ᠌ ᠬᠢᠵᠢᠭ᠌᠎ᠢ ᠰᠡᠷᠭᠡᠢᠯᠡᠬᠦ ᠲᠣᠭᠲᠠᠭᠠᠯ ᠶᠣᠰᠣᠭᠠᠷ ᠡᠮᠬᠢ ᠵᠢᠷᠤᠮ᠎ᠲᠠᠢ᠎ᠪᠠᠷ ᠨᠤᠲᠤᠭ᠎ᠲᠤ᠎ᠨᠢ ᠪᠤᠴᠠᠭᠠᠬᠤ ᠪᠤᠯᠤᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠠᠨᠠᠷ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃