2022-11-03 10:51:15
ᠬᠥᠬᠡᠬᠣᠲᠠ᠎ᠶ᠋ᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠦ᠋ᠨ ᠬᠢᠵᠢᠭ᠎ᠤᠨ ᠪᠠᠢᠳᠠᠯ᠎ᠢ᠋ ᠰᠡᠷᠭᠡᠢᠯᠡᠨ ᠡᠵᠡᠮᠳᠡᠬᠦ ᠰᠣᠨᠢᠨ ᠮᠡᠳᠡᠭᠡ ᠨᠡᠢᠲᠡᠯᠡᠬᠦ ᠬᠤᠷᠠᠯ ᠳᠡᠭᠡᠷ᠎ᠡ᠂ ᠬᠥᠬᠡᠬᠣᠲᠠ᠎ᠶ᠋ᠢᠨ ᠬᠤᠳᠠᠯᠳᠤᠭᠠᠨ᠎ᠤ᠋ ᠶᠠᠪᠤᠳᠠᠯ᠎ᠤ᠋ᠨ ᠲᠣᠪᠴᠢᠶ᠎ᠠ᠎ᠶ᠋ᠢᠨ ᠨᠠᠮ᠎ᠤ᠋ᠨ ᠤᠳᠤᠷᠢᠳᠬᠤ ᠳᠤᠭᠤᠢᠯᠠᠩ᠎ᠤ᠋ᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠲᠠᠨ᠎ᠶ᠋ᠢᠨ ᠯᠦᠩ ᠣᠢᠷ᠎ᠠ᠎ᠶ᠋ᠢᠨ ᠬᠤᠭᠤᠴᠠᠭᠠᠨ᠎ᠤ ᠬᠣᠲᠠ᠎ᠶ᠋ᠢᠨ ᠠᠷᠠᠳ᠎ᠤ᠋ᠨ ᠨᠣᠭᠣᠭ᠎ᠠ ᠬᠤᠳᠠᠯᠳᠤᠨ ᠠᠪᠬᠤ ᠳ᠋ᠤ ᠬᠦᠴᠢᠷ᠂ ᠨᠣᠭᠣᠭ᠎ᠠ ᠦᠨᠡᠲᠡᠢ ᠪᠠᠢᠬᠤ ᠠᠰᠠᠭᠤᠳᠠᠯᠳ᠋ᠤ᠌ ᠴᠢᠭᠯᠡᠭᠦᠯᠦᠨ ᠠᠪᠤᠭᠰᠠᠨ ᠠᠷᠭ᠎ᠠ ᠬᠡᠮᠵᠢᠶ᠎ᠡ ᠵᠢᠴᠢ ᠬᠡᠷᠡᠭᠵᠢᠭᠦᠯᠦᠭᠰᠡᠨ ᠦᠷ᠎ᠡ ᠪᠦᠲᠦᠮᠵᠢ᠎ᠶ᠋ᠢ ᠲᠠᠨᠢᠯᠴᠠᠭᠤᠯᠪᠠ᠃
ᠲᠠᠨ ᠵᠢᠨ ᠯᠦᠩ᠎ᠤᠨ ᠲᠠᠨᠢᠯᠴᠠᠭᠤᠯᠤᠭᠰᠠᠨ ᠵᠢᠠᠷ᠂ ᠣᠢᠷ᠎ᠠ᠎ᠶ᠋ᠢᠨ ᠬᠤᠭᠤᠴᠠᠭᠠᠨ᠎ᠳ᠋ᠤ᠌ ᠪᠢᠳᠡ ᠬᠣᠲᠠ᠎ᠶ᠋ᠢᠨ ᠠᠷᠠᠳᠦ᠋ᠨ ᠲᠤᠰᠬᠠᠵᠤ ᠪᠠᠢᠭ᠎ᠠ ᠨᠣᠭᠣᠭ᠎ᠠ ᠬᠤᠳᠠᠯᠳᠤᠨ ᠠᠪᠬᠤᠳ᠋ᠤ᠌ ᠬᠦᠴᠢᠷ᠂ ᠨᠣᠭᠣᠭ᠎ᠠ ᠦᠨᠡᠲᠡᠢ ᠪᠠᠢᠬᠤ ᠠᠰᠠᠭᠤᠳᠠᠯᠳ᠋ᠤ᠌ ᠴᠢᠭᠯᠡᠭᠦᠯᠦᠨ ᠬᠠᠨᠳᠤᠯᠭᠠᠲᠤ ᠴᠢᠨᠠᠷᠲᠠᠢ ᠠᠷᠭ᠎ᠠ ᠬᠡᠮᠵᠢᠶ᠎ᠡ ᠠᠪᠴᠤ᠂ ᠢᠳᠡᠰᠢᠨ ᠨᠣᠭᠣᠭ᠎ᠠ ᠵᠡᠷᠭᠡ ᠠᠮᠢᠳᠤᠷᠠᠯ᠎ᠤ᠋ᠨ ᠴᠢᠬᠤᠯᠠ ᠬᠡᠷᠡᠭᠯᠡᠭᠡᠨ᠎ᠦ᠌ ᠵᠦᠢᠯᠡᠰᠦ᠋ᠨ ᠬᠠᠩᠭᠠᠯᠭ᠎ᠠ᠎ᠶ᠋ᠢ ᠪᠠᠲᠤᠯᠠᠵᠤ᠂ ᠦᠨ᠎ᠡ ᠬᠠᠩᠰᠢ᠎ᠶ᠋ᠢᠨ ᠲᠣᠭᠲᠠᠭᠤᠨᠢ᠋ ᠬᠠᠮᠠᠭᠠᠯᠠᠬᠤᠳ᠋ᠤ᠌ ᠭᠣᠣᠯᠳᠠᠭᠤ ᠳᠣᠣᠷᠠᠬᠢ ᠬᠡᠳᠦᠨ ᠵᠦᠢᠯ᠎ᠦ᠋ᠨ ᠠᠷᠭ᠎ᠠ ᠬᠡᠮᠵᠢᠶ᠎ᠡ᠎ᠶ᠋ᠢ ᠠᠪᠴᠠᠢ᠄
ᠨᠢᠭᠡᠳ᠋ᠦ᠍᠂ ᠢᠳᠡᠰᠢᠨ ᠨᠣᠭᠣᠭ᠎ᠠ ᠵᠢᠨ ᠬᠠᠩᠭᠠᠯᠭ᠎ᠠ᠎ᠶ᠋ᠢᠨ ᠲᠣᠭᠲᠠᠭᠤᠨ ᠪᠠᠢᠬᠤ᠎ᠶ᠋ᠢ ᠪᠠᠲᠤᠯᠠᠪᠠ᠃ ᠮᠠᠨ᠎ᠤ᠋ ᠬᠣᠲᠠ᠎ᠶ᠋ᠢᠨ ᠬᠡᠰᠡᠭ ᠪᠥᠭᠡᠮᠢ᠋ᠶ᠋ᠡᠷ ᠪᠤᠷᠤᠯᠠᠭᠤᠯᠬᠤ ᠵᠠᠬ᠎ᠠ ᠳᠡᠯᠭᠡᠭᠦᠷ᠎ᠢ ᠲᠦᠷ ᠴᠠᠭ ᠬᠠᠮᠢᠶᠠᠷᠤᠨ ᠡᠵᠡᠮᠳᠡᠭᠰᠡᠨ᠎ᠡᠴᠡ ᠰᠡᠭᠦᠯᠡᠷ᠂ ᠵᠠᠬ᠎ᠠ ᠳᠡᠯᠭᠡᠭᠦᠷ᠎ᠦ᠋ᠨ ᠬᠢᠨᠠᠯᠲᠠ ᠬᠠᠮᠢᠶᠠᠷᠤᠯᠲᠠ ᠪᠠ ᠬᠠᠷᠢᠶ᠎ᠠ ᠭᠠᠵᠠᠷ᠎ᠤ᠋ᠨ ᠵᠠᠰᠠᠭ᠎ᠤ᠋ᠨ ᠣᠷᠳᠣᠨ᠎ᠲᠠᠢ ᠬᠠᠮᠲᠤᠷᠠᠨ ᠱᠢ ᠴᠢᠤᠸᠠᠨ ᠱᠢ ᠮᠧᠢ ᠳᠡᠯᠭᠡᠭᠦᠷ᠎ᠤᠨ ᠱᠢ ᠶᠠᠩ ᠴᠢᠶᠤᠤ ᠵᠠᠮ᠂ ᠭᠤᠸᠠᠩ ᠮᠢᠩ ᠵᠠᠮ᠂ ᠵᠢᠷᠢᠮ ᠵᠠᠮ ᠪᠠ ᠷᠦ ᠢ ᠨᠡᠭᠡᠭᠡᠯᠲᠡ᠎ᠶ᠋ᠢᠨ ᠲᠣᠭᠣᠷᠢᠭ ᠲᠡᠬᠢ ᠳᠥᠷᠪᠡᠨ ᠬᠣᠶᠠᠳᠤᠭᠠᠷ ᠳᠡᠰ᠎ᠦ᠋ᠨ ᠠᠷᠠᠯᠵᠢᠶᠠᠨ᠎ᠤ᠋ ᠵᠠᠬ᠎ᠠ ᠳᠡᠯᠭᠡᠭᠦᠷᠢ᠋ ᠵᠠᠯᠭ᠎ᠠ ᠪᠠᠷ ᠠᠵᠢᠯᠯᠠᠭᠤᠯᠵᠤ᠂ ᠸᠠᠨ ᠾᠦᠢ᠂ ᠭᠦᠸᠧ ᠲᠦᠩ᠂ ᠴᠢᠨ ᠨᠦᠩ᠂ ᠫᠧᠩ ᠹᠧᠩ ᠵᠡᠷᠭᠡ ᠲᠠᠷᠢᠶᠠᠯᠠᠩ᠎ᠤᠨ ᠠᠷᠠᠯᠵᠢᠶᠠᠨ᠎ᠤ᠋ ᠵᠠᠬ᠎ᠠ ᠳᠡᠯᠭᠡᠭᠦᠷ᠎ᠦ᠋ᠨ ᠪᠠᠷᠠᠭ᠎ᠠ ᠬᠠᠩᠭᠠᠬᠤ ᠬᠡᠮᠵᠢᠶ᠎ᠡ᠎ᠶ᠋ᠢ ᠨᠡᠮᠡᠭᠳᠡᠭᠦᠯᠵᠦ᠂ ᠳ᠋ᠦᠩ ᠸᠠ ᠶᠣᠣ᠂ ᠹᠦ ᠬᠠᠢ ᠰᠢᠩ ᠵᠡᠷᠭᠡ ᠲᠦᠷ ᠴᠠᠭ ᠡᠵᠡᠩᠨᠡᠯᠲᠡ ᠵᠢ ᠨᠢ ᠵᠤᠭᠰᠤᠭᠠᠭᠰᠠᠨ ᠵᠠᠬ᠎ᠠ ᠳᠡᠯᠭᠡᠭᠦᠷ᠎ᠤᠨ ᠡᠮᠬᠢ ᠵᠢᠷᠤᠮ᠎ᠲᠠᠢ᠎ᠪᠠᠷ ᠡᠵᠡᠩᠨᠡᠯᠲᠡ᠎ᠪᠡᠨ ᠰᠡᠷᠭᠦᠭᠡᠬᠦ᠎ᠶ᠋ᠢ ᠨᠢ ᠠᠬᠢᠭᠤᠯᠵᠤ᠂ ᠲᠣᠮᠣ ᠬᠡᠯᠪᠡᠷᠢ᠎ᠶ᠋ᠢᠨ ᠬᠣᠯᠪᠣᠭᠠᠲᠤ ᠬᠡᠳᠦ ᠳᠡᠯᠭᠡᠭᠦᠷ ᠪᠠ ᠲᠦᠭᠦᠬᠡᠢ ᠰᠣᠷᠭᠣᠭ ᠢᠳᠡᠭᠡᠨ᠎ᠤ ᠳᠡᠯᠭᠡᠭᠦᠷᠢ᠋ ᠵᠣᠬᠢᠶᠠᠨ ᠪᠠᠢᠭᠤᠯᠵᠤ᠂ ᠥᠪᠡᠷᠰᠡᠳ᠎ᠤᠨ᠎ᠢᠶᠡᠨ ᠪᠠᠷᠠᠭ᠎ᠠ ᠬᠠᠩᠭᠠᠬᠤ ᠵᠠᠮ ᠮᠥᠷ᠎ᠡᠴᠡ ᠪᠠᠷᠠᠭ᠎ᠠ ᠣᠷᠣᠭᠤᠯᠬᠤ ᠬᠡᠮᠵᠢᠶ᠎ᠡ ᠵᠢ ᠨᠢ ᠥᠷᠭᠡᠳᠬᠡᠵᠡᠢ᠃ ᠣᠢᠷ᠎ᠠ᠎ᠶ᠋ᠢᠨ ᠨᠢᠭᠡ ᠭᠠᠷᠠᠭᠲᠤ᠌ ᠮᠠᠨ᠎ᠤ᠋ ᠬᠣᠲᠠ᠎ᠶ᠋ᠢᠨ ᠢᠳᠡᠰᠢᠨ ᠨᠣᠭᠣᠭ᠎ᠠ ᠵᠢᠨ ᠡᠳᠦᠷ ᠪᠦᠷᠢ ᠵᠢᠨ ᠪᠠᠷᠠᠭ᠎ᠠ ᠤᠷᠤᠭᠤᠯᠬᠤ ᠬᠡᠮᠵᠢᠶ᠎ᠡ 900 ᠲᠤᠨ ᠣᠷᠴᠢᠮ᠎ᠳᠤ ᠲᠣᠭᠲᠠᠪᠤᠷᠢᠵᠢᠵᠤ᠂ ᠪᠥᠬᠥ ᠬᠣᠲᠠ᠎ᠶ᠋ᠢᠨ ᠢᠳᠡᠰᠢᠨ ᠨᠣᠭᠣᠭ᠎ᠠ ᠬᠠᠩᠭᠠᠬᠤ ᠪᠠ ᠪᠣᠷᠣᠯᠠᠭᠤᠯᠬᠤ ᠦᠨᠳᠦᠰᠦᠨ ᠪᠠᠢᠳᠠᠯ ᠨᠢ ᠲᠣᠭᠲᠠᠪᠤᠷᠢᠲᠠᠢ ᠪᠠᠢᠨ᠎ᠠ᠃
ᠬᠣᠶᠠᠷ᠎ᠲᠤ᠌᠂ ᠵᠢᠵᠢᠭ ᠳᠡᠯᠭᠡᠭᠦᠷ᠎ᠤᠨ ᠨᠡᠭᠡᠭᠡᠵᠦ ᠪᠤᠯᠬᠤ ᠵᠢ ᠨᠢ ᠪᠦᠬᠦᠨ᠎ᠢ ᠨᠡᠭᠡᠭᠡᠬᠦ ᠵᠢ ᠠᠬᠢᠭᠤᠯᠪᠠ᠃ ᠰᠠᠭᠤᠭᠠᠯᠢ ᠲᠣᠭᠣᠷᠢᠭ᠎ᠤ᠋ᠨ ᠳᠥᠭᠥᠮ ᠦᠵᠡᠭᠦᠯᠬᠦ ᠳᠡᠯᠭᠡᠭᠦᠷ᠂ ᠵᠡᠭᠡᠯᠢ ᠳᠠᠭᠠᠤ ᠢᠳᠡᠰᠢᠨ ᠨᠣᠭᠣᠭ᠎ᠠ᠎ᠶ᠋ᠢᠨ ᠳᠡᠯᠭᠡᠭᠦᠷ᠎ᠢ ᠡᠮᠬᠢ ᠵᠢᠷᠤᠮ᠎ᠲᠠᠢ ᠰᠡᠷᠭᠦᠭᠡᠵᠦ᠂ ᠵᠠᠬ᠎ᠠ ᠳᠡᠯᠭᠡᠭᠦᠷ᠎ᠦ᠋ᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠲᠡᠢ ᠬᠠᠮᠲᠤᠷᠠᠨ ᠬᠣᠲᠠ᠎ᠶ᠋ᠢᠨ ᠳᠥᠷᠪᠡᠨ ᠲᠣᠭᠣᠷᠢᠭ᠎ᠤ᠋ᠨ 800 ᠣᠷᠴᠢᠮ᠎ᠤ᠋ᠨ ᠰᠠᠭᠤᠭᠠᠯᠢ ᠲᠣᠭᠣᠷᠢᠭ᠎ᠤ᠋ᠨ ᠳᠥᠭᠥᠮ ᠦᠵᠡᠭᠦᠯᠬᠦ ᠳᠡᠯᠭᠡᠭᠦᠷ ᠪᠣᠯᠤᠨ ᠵᠡᠭᠡᠯᠢ ᠳᠠᠭᠠᠤ ᠵᠢᠵᠢᠭ ᠳᠡᠯᠭᠡᠭᠦᠷᠢ᠋ ᠨᠡᠭᠡᠭᠡᠬᠦ᠎ᠶ᠋ᠢ ᠠᠬᠢᠭᠤᠯᠵᠤ᠂ ᠲᠣᠬᠢᠷᠠᠭᠤᠯᠤᠨ ᠬᠦᠷᠭᠡᠬᠦ ᠴᠡᠭ᠎ᠢ᠋ ᠨᠡᠮᠡᠭᠳᠡᠭᠦᠯᠪᠡ᠃ ᠰᠠᠭᠤᠭᠠᠯᠢ ᠲᠣᠭᠣᠷᠢᠭ᠎ᠤ᠋ᠨ ᠲᠦᠭᠰᠢᠭᠦᠷᠢ᠎ᠶ᠋ᠢᠨ ᠳᠡᠰ ᠪᠣᠯᠤᠨ ᠨᠡᠢᠭᠡᠮ᠎ᠦ᠋ᠨ ᠲᠠᠯ᠎ᠠ᠎ᠶ᠋ᠢᠨ ᠬᠠᠮᠢᠶᠠᠷᠤᠨ ᠡᠵᠡᠮᠳᠡᠬᠦ ᠱᠠᠭᠠᠷᠳᠠᠯᠭ᠎ᠠ᠎ᠶ᠋ᠢ ᠦᠨᠳᠦᠰᠦᠯᠡᠨ ᠢᠳᠡᠰᠢᠨ ᠨᠣᠭᠣᠭ᠎ᠠ᠎ᠶ᠋ᠢᠨ ᠬᠠᠩᠭᠠᠯᠭ᠎ᠠ᠎ᠶ᠋ᠢ ᠲᠥᠷᠥᠯ ᠬᠤᠪᠢᠶᠠᠨ ᠪᠠᠲᠤᠯᠠᠵᠤ᠂ ᠳᠤᠤᠷ᠎ᠠ ᠲᠦᠭᠰᠢᠭᠦᠷᠢᠲᠦ ᠣᠷᠣᠨ ᠪᠣᠯᠤᠨ ᠬᠢᠵᠢᠭ ᠥᠬᠡᠢ ᠰᠠᠭᠤᠭᠠᠯᠢ ᠲᠣᠭᠣᠷᠢᠭ᠎ᠲᠤ᠌ ᠰᠠᠭᠤᠭᠠᠯᠢ ᠠᠷᠠᠳ᠎ᠤ᠋ᠨ ᠰᠦᠯᠵᠢᠶᠡᠨ ᠳᠡᠭᠡᠷ᠎ᠡ ᠪᠠᠷᠠᠭ᠎ᠠ ᠬᠤᠳᠠᠯᠳᠤᠨ ᠠᠪᠬᠤ ᠪᠤᠶᠤ ᠵᠢᠵᠢᠭ ᠳᠡᠯᠭᠡᠭᠦᠷ ᠡᠴᠡ ᠥᠪᠡᠷᠢ᠋ᠶ᠋ᠡᠨ ᠤᠴᠢᠵᠤ ᠠᠪᠬᠤ ᠠᠷᠭ᠎ᠠ ᠮᠠᠶᠢᠭᠢ᠋ ᠠᠮᠢᠳᠤᠯᠢᠭ᠎ᠢ᠋ᠶ᠋ᠠᠷ ᠬᠡᠷᠡᠭᠯᠡᠨ ᠢᠳᠡᠰᠢᠨ ᠨᠣᠭᠣᠭ᠎ᠠ ᠬᠤᠳᠠᠯᠳᠤᠨ ᠠᠪᠬᠤ᠎ᠶ᠋ᠢ ᠳᠡᠮᠵᠢᠪᠡ᠃ ᠳᠤᠮᠳᠠ ᠥᠨᠳᠥᠷ ᠲᠦᠭᠰᠢᠭᠦᠷᠢᠲᠡᠢ ᠣᠷᠣᠨ ᠪᠦᠰᠡᠳ᠋ᠦ᠍ ᠰᠠᠭᠤᠭᠠᠯᠢ ᠠᠷᠠᠳ᠎ᠤᠨ ᠠᠯᠢ ᠣᠢᠷ᠎ᠠ ᠪᠠᠢᠭ᠎ᠠ ᠬᠡᠯᠬᠢᠶ᠎ᠡ ᠬᠡᠳᠦ ᠳᠡᠯᠭᠡᠭᠦᠷ ᠪᠣᠯᠤᠨ ᠵᠡᠭᠡᠯᠢ ᠳᠠᠭᠠᠤ ᠵᠢᠵᠢᠭ ᠳᠡᠯᠭᠡᠭᠦᠷ ᠡᠴᠡ ᠰᠦᠯᠵᠢᠶᠡᠨ ᠳᠡᠭᠡᠷ᠎ᠡ ᠵᠠᠬᠢᠶᠠᠯᠠᠨ ᠢᠳᠡᠰᠢᠨ ᠨᠣᠭᠣᠭ᠎ᠠ ᠵᠡᠷᠭᠡ ᠠᠮᠢᠳᠤᠷᠠᠯ᠎ᠤ᠋ᠨ ᠴᠢᠬᠤᠯᠠ ᠬᠡᠷᠡᠭᠯᠡᠭᠡᠨ᠎ᠦ᠌ ᠵᠦᠢᠯᠡᠰ᠎ᠢ᠋ ᠬᠤᠳᠠᠯᠳᠤᠨ ᠠᠪᠬᠤ ᠵᠢ ᠵᠤᠷᠢᠭᠵᠢᠭᠤᠯᠪᠠ᠃
ᠭᠤᠷᠪᠠᠳ᠋ᠤ᠌᠂ ᠲᠣᠬᠢᠷᠠᠭᠤᠯᠤᠨ ᠬᠦᠷᠭᠡᠬᠦ᠎ᠶ᠋ᠢ ᠪᠠᠲᠤᠯᠠᠬᠤ ᠴᠢᠳᠠᠪᠤᠷᠢ᠎ᠶ᠋ᠢ ᠳᠡᠭᠡᠭᠰᠢᠯᠡᠭᠦᠯᠪᠡ᠃ ᠰᠦᠯᠵᠢᠶᠡᠨ ᠲᠠᠪᠴᠠᠩ᠎ᠤ᠋ᠨ ᠠᠵᠤ ᠠᠬᠤᠢᠯᠠᠯ᠎ᠢ᠋ ᠵᠣᠬᠢᠴᠠᠭᠤᠯᠤᠨ ᠰᠦᠯᠵᠢᠶ᠎ᠡ᠎ᠶ᠋ᠢᠨ ᠥᠷᠭᠡᠨ ᠪᠦᠰᠡ᠎ᠶ᠋ᠢ ᠨᠡᠮᠡᠭᠳᠡᠭᠦᠯᠵᠦ᠂ ᠦᠢᠯᠡᠴᠢᠯᠡᠭᠦᠷᠢ᠋ ᠥᠷᠭᠡᠳᠬᠡᠨ᠂ ᠰᠠᠭᠤᠷᠢ ᠲᠠᠪᠴᠠᠩ᠎ᠤ᠋ᠨ ᠳᠠᠭᠠᠭᠠᠴᠠ᠎ᠶ᠋ᠢᠨ ᠴᠢᠳᠠᠪᠤᠷᠢ᠎ᠶ᠋ᠢ ᠳᠡᠭᠡᠭᠰᠢᠯᠡᠭᠦᠯᠪᠡ᠃ 9 ᠲᠣᠮᠣ ᠬᠡᠯᠪᠡᠷᠢ᠎ᠶ᠋ᠢᠨ ᠪᠠᠷᠠᠭᠠᠨ᠎ᠤ᠋ ᠭᠦᠢᠯᠭᠡᠭᠡ᠂ ᠲᠣᠬᠢᠷᠠᠭᠤᠯᠤᠨ ᠬᠦᠷᠭᠡᠬᠦ ᠠᠵᠤ ᠠᠬᠤᠢᠯᠠᠯ᠎ᠤ᠋ᠨ ᠨᠡᠷᠡᠰᠢ᠋ ᠬᠥᠳᠡᠯᠦᠩᠭᠦᠢ᠎ᠪᠡᠷ ᠬᠤᠪᠢᠶᠠᠯᠴᠠᠨ᠂ ᠡᠯᠧᠺᠲ᠋ᠷᠣᠨ ᠬᠤᠳᠠᠯᠳᠤᠭᠠᠨ᠎ᠤ᠋ ᠲᠠᠪᠴᠠᠩ᠎ᠤ᠋ᠨ ᠵᠠᠬᠢᠶᠠᠯᠠᠭ᠎ᠠ ᠲᠤᠰᠬᠤ᠂ ᠬᠤᠪᠢᠶᠠᠨ ᠢᠯᠭᠠᠬᠤ ᠪᠠ ᠲᠣᠬᠢᠷᠠᠭᠤᠯᠤᠨ ᠬᠦᠷᠭᠡᠬᠦ ᠴᠢᠳᠠᠪᠤᠷᠢ᠎ᠶ᠋ᠢ ᠳᠡᠭᠡᠭᠰᠢᠯᠡᠭᠦᠯᠪᠡ᠃ ᠢᠳᠡᠰᠢᠨ ᠨᠣᠭᠣᠭ᠎ᠠ᠎ᠶ᠋ᠢᠨ ᠭᠠᠷᠤᠯᠲᠠ᠎ᠶ᠋ᠢᠨ ᠣᠷᠣᠨ ᠪᠠ ᠰᠠᠭᠤᠭᠠᠯᠢ ᠲᠣᠭᠣᠷᠢᠭ᠎ᠤ᠋ᠨ ᠮᠡᠳᠡᠭᠡ ᠵᠠᠩᠭᠢ᠎ᠶ᠋ᠢ ᠬᠣᠣᠰ ᠴᠢᠭᠯᠡᠯᠢ᠋ᠶ᠋ᠡᠷ ᠬᠤᠪᠢᠶᠠᠯᠴᠠᠨ᠂ ᠲᠤᠬᠠᠢ ᠵᠢᠨ ᠭᠠᠵᠠᠷ᠎ᠤ᠋ᠨ ᠢᠳᠡᠰᠢᠨ ᠨᠣᠭᠣᠭ᠎ᠠ᠎ᠶ᠋ᠢ ᠰᠢᠭᠤᠳ ᠬᠠᠩᠭᠠᠬᠤ ᠰᠠᠭᠤᠭᠠᠯᠢ ᠲᠣᠭᠣᠷᠢᠭᠢ᠋ ᠳᠦᠯᠬᠢᠨ ᠠᠬᠢᠭᠤᠯᠪᠠ᠃ ᠳᠤᠤᠷ᠎ᠠ ᠲᠦᠭᠰᠢᠭᠦᠷᠢᠲᠡᠢ ᠭᠠᠵᠠᠷ ᠣᠷᠣᠨ᠎ᠤ᠋ ᠬᠡᠳᠦ ᠳᠡᠯᠭᠡᠭᠦᠷ᠎ᠢ ᠨᠡᠭᠡᠭᠡᠬᠦ᠂ ᠲᠦᠷᠭᠡᠨ ᠬᠦᠷᠭᠡᠯᠲᠡ ᠵᠢᠨ ᠠᠵᠢᠯᠲᠠᠨ᠎ᠤ ᠠᠵᠢᠯ᠎ᠤᠨ ᠪᠠᠢᠷᠢ ᠳ᠋ᠠᠭᠠᠨ ᠪᠤᠴᠠᠬᠤ ᠵᠢ ᠪᠦᠯᠦᠭ ᠤᠳᠠᠭ᠎ᠠ ᠬᠤᠪᠢᠶᠠᠨ ᠵᠣᠬᠢᠴᠠᠭᠤᠯᠵᠤ᠂ ᠬᠠᠩᠭᠠᠯᠭ᠎ᠠ ᠵᠢ ᠪᠠᠲᠤᠯᠠᠬᠤ ᠬᠦᠴᠦᠨ᠎ᠢ᠋ ᠲᠡᠭᠦᠯᠳᠡᠷᠵᠢᠭᠦᠯᠪᠡ᠃ 11 ᠬᠡᠯᠬᠢᠶ᠎ᠡ ᠬᠡᠳᠦ ᠳᠡᠯᠭᠡᠭᠦᠷ ᠪᠣᠯᠤᠨ ᠲᠦᠭᠦᠬᠡᠢ ᠰᠣᠷᠭᠣᠭ ᠢᠳᠡᠭᠡᠨ᠎ᠦ᠌ ᠬᠡᠯᠬᠢᠶᠡᠵᠢᠭᠰᠡᠨ 123 ᠵᠢᠵᠢᠭ ᠳᠡᠯᠭᠡᠭᠦᠷᠢ᠋ ᠣᠢᠷ᠎ᠠ ᠬᠠᠪᠢ᠎ᠵᠢᠨ ᠰᠠᠭᠤᠭᠠᠯᠢ ᠲᠣᠭᠣᠷᠢᠭ᠎ᠤ᠋ᠨ ᠲᠣᠬᠢᠷᠠᠭᠤᠯᠤᠨ ᠬᠦᠷᠭᠡᠬᠦ ᠠᠵᠢᠯᠳ᠋ᠤ᠌ ᠣᠷᠣᠯᠴᠠᠭᠤᠯᠬᠤ᠎ᠶ᠋ᠢᠨ ᠬᠠᠮᠲᠤ ᠲᠣᠬᠢᠷᠠᠭᠤᠯᠤᠨ ᠬᠦᠷᠭᠡᠬᠦ ᠠᠵᠢᠯᠲᠠᠳ᠎ᠤ᠋ᠨ ᠦᠢᠯᠡᠴᠢᠯᠡᠭᠡᠨ᠎ᠦ᠌ ᠬᠦᠷᠢᠶ᠎ᠡ ᠬᠡᠪᠴᠢᠶ᠎ᠡ᠎ᠶ᠋ᠢ ᠲᠣᠬᠢᠷᠠᠭᠤᠯᠤᠨ ᠰᠢᠯᠢᠳᠡᠭᠵᠢᠭᠦᠯᠵᠦ᠂ ᠲᠣᠬᠢᠷᠠᠭᠤᠯᠤᠨ ᠬᠦᠷᠭᠡᠬᠦ ᠦᠷ᠎ᠡ ᠪᠦᠲᠦᠮᠵᠢ᠎ᠶ᠋ᠢ ᠠᠯᠢ ᠴᠢᠳᠠᠬᠤ᠎ᠪᠠᠷ ᠴᠢᠷᠮᠠᠢᠨ ᠳᠡᠭᠡᠭᠰᠢᠯᠡᠭᠦᠯᠵᠡᠢ᠃
ᠳᠥᠷᠪᠡᠳ᠋ᠦ᠍᠂ ᠦᠨ᠎ᠡ ᠬᠠᠩᠰᠢ᠎ᠶ᠋ᠢᠨ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠬᠠᠪᠠ᠃ ᠵᠠᠬ᠎ᠠ ᠳᠡᠯᠭᠡᠭᠦᠷ᠎ᠦ᠋ᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ ᠨᠢ 4 ᠦᠨ᠎ᠡ ᠬᠠᠩᠰᠢ᠎ᠶ᠋ᠢᠨ ᠲᠤᠰᠬᠠᠢ ᠬᠢᠨᠠᠨ ᠵᠢᠯᠣᠭᠣᠳᠬᠤ ᠳᠤᠭᠤᠢᠯᠠᠩ ᠪᠠᠢᠭᠤᠯᠵᠤ᠂ ᠡᠳᠦᠷ ᠪᠦᠷᠢ ᠪᠥᠬᠥ ᠬᠣᠲᠠ᠎ᠶ᠋ᠢᠨ ᠭᠣᠣᠯᠳᠠᠯᠭ᠎ᠠ᠎ᠲᠠᠢ ᠲᠠᠸᠠᠷ᠎ᠤ᠋ᠨ ᠦᠨ᠎ᠡ ᠬᠠᠩᠰᠢ᠎ᠶ᠋ᠢᠨ ᠬᠠᠨᠳᠤᠰᠢᠳ᠋ᠤ᠌ ᠵᠠᠳᠠᠯᠤᠯᠲᠠ ᠬᠢᠬᠦ᠎ᠪᠡᠷ ᠳᠠᠮᠵᠢᠨ᠂ ᠵᠠᠬ᠎ᠠ ᠳᠡᠯᠭᠡᠭᠦᠷ᠎ᠦ᠋ᠨ ᠬᠢᠨᠠᠯᠲᠠ ᠬᠠᠮᠢᠶᠠᠷᠤᠯᠲᠠ᠎ᠶ᠋ᠢᠨ ᠬᠥᠳᠡᠯᠦᠯ ᠪᠠᠢᠳᠠᠯ᠂ ᠣᠯᠠᠨ ᠲᠦᠮᠡᠨ᠎ᠦ᠌ ᠢᠯᠡᠴᠢᠯᠡᠭᠰᠡᠨ ᠵᠠᠭᠠᠯᠳᠤᠯᠭ᠎ᠠ᠂ ᠰᠦᠯᠵᠢᠶᠡᠨ ᠳᠡᠭᠡᠷ᠎ᠡ ᠬᠢᠨᠠᠨ ᠬᠡᠮᠵᠢᠭᠰᠡᠨ ᠲᠣᠭ᠎ᠠ ᠪᠠᠷᠢᠮᠲᠠ ᠵᠡᠷᠭᠡᠲᠡᠢ ᠤᠶᠠᠯᠳᠤᠭᠤᠯᠤᠨ᠂ ᠦᠨ᠎ᠡ ᠬᠠᠩᠰᠢ᠎ᠶ᠋ᠢᠨ ᠥᠰᠦᠯᠲᠡ ᠬᠡᠳᠦ ᠲᠦᠷᠭᠡᠨ ᠪᠠᠢᠬᠤ ᠲᠠᠸᠠᠷᠢ᠋ ᠳᠠᠷᠤᠢ ᠲᠦᠷᠭᠡᠨ ᠪᠠᠢᠴᠠᠭᠠᠨ ᠭᠠᠷᠭᠠᠵᠤ᠂ ᠲᠤᠬᠠᠢ᠎ᠶ᠋ᠢᠨ ᠭᠠᠵᠠᠷ ᠲᠤᠨᠢ ᠪᠠᠢᠴᠠᠭᠠᠯᠲᠠ ᠬᠢᠬᠦ᠂ ᠢᠯᠡ᠎ᠪᠡᠷ ᠪᠠᠢᠴᠠᠭᠠᠵᠤ ᠳᠠᠯᠳᠠᠭᠤᠷ ᠰᠤᠷᠪᠤᠯᠵᠢᠯᠠᠬᠤ᠂ ᠰᠦᠯᠵᠢᠶᠡᠨ ᠳᠡᠭᠡᠷ᠎ᠡ ᠪᠠ ᠪᠤᠳᠠᠳᠤ ᠴᠤᠭᠴᠠ᠎ᠶ᠋ᠢ ᠬᠠᠷᠢᠯᠴᠠᠨ ᠤᠶᠠᠯᠳᠤᠭᠤᠯᠬᠤ ᠵᠡᠷᠭᠡ ᠬᠡᠯᠪᠡᠷᠢ᠎ᠪᠡᠷ ᠮᠥᠷᠳᠡᠨ ᠪᠠᠢᠴᠠᠭᠠᠯᠲᠠ ᠬᠢᠵᠦ᠂ ᠡᠳᠦᠷ ᠪᠦᠷᠢ ᠵᠣᠬᠢᠴᠠᠭᠤᠯᠵᠤ ᠴᠠᠭ ᠲᠤᠬᠠᠢ᠎ᠳ᠋ᠤᠨᠢ ᠰᠢᠢᠳᠪᠦᠷᠢᠯᠡᠪᠡ᠃ 10 ᠰᠠᠷ᠎ᠠ᠎ᠶ᠋ᠢᠨ 1᠎ᠦ᠌ ᠡᠳᠦᠷ᠎ᠡᠴᠡ ᠣᠳᠣ ᠪᠣᠯᠲᠠᠯ᠎ᠠ᠂ ᠨᠡᠢᠲᠡ 9443 ᠬᠥᠮᠦᠨ ᠤᠳᠠᠭ᠎ᠠ ᠬᠠᠤᠯᠢ ᠬᠡᠷᠡᠭᠵᠢᠭᠦᠯᠵᠦ᠂ 10895 ᠡᠯ᠎ᠡ ᠲᠥᠷᠥᠯ᠎ᠦ᠋ᠨ ᠡᠵᠡᠩᠨᠡᠯᠲᠡ᠎ᠶ᠋ᠢᠨ ᠡᠷᠦᠬᠡ ᠵᠢ ᠪᠠᠢᠴᠠᠭᠠᠵᠤ᠂ ᠲᠤᠬᠠᠢ᠎ᠶ᠋ᠢᠨ ᠲᠠᠯᠠᠪᠠᠢ᠎ᠳ᠋ᠤ᠌ 310 ᠭᠠᠷᠤᠢ ᠬᠤᠪᠢ ᠵᠠᠷᠯᠢᠭᠳᠠᠨ ᠴᠡᠭᠴᠡᠯᠡᠬᠦ ᠮᠡᠳᠡᠭᠳᠡᠯ ᠪᠠᠭᠤᠯᠭᠠᠵᠤ᠂ 6 ᠤᠳᠠᠭ᠎ᠠ ᠬᠡᠷᠡᠭ ᠪᠣᠯᠭᠠᠨ ᠳᠠᠩᠰᠠᠯᠠᠵᠤ᠂ 41 ᠲᠦᠮᠡᠨ ᠲᠥᠭᠥᠷᠢᠭ᠎ᠦ᠋ᠨ ᠲᠤᠷᠭᠠᠭᠤᠯᠢ ᠶᠠᠪᠤᠭᠤᠯᠪᠠ᠃
ᠪᠢᠳᠡ ᠥᠷᠭᠡᠨ ᠣᠯᠠᠨ ᠬᠣᠲᠠ᠎ᠶ᠋ᠢᠨ ᠠᠷᠠᠳᠦ᠋ᠨ《ᠬᠦᠨᠡᠰᠦᠨᠦ᠌ ᠰᠠᠪᠠ》᠎ᠶ᠋ᠢᠨ ᠠᠶᠤᠯ ᠦᠭᠡᠢ ᠪᠠᠢᠬᠤ᠎ᠶ᠋ᠢ ᠪᠠᠲᠤᠯᠠᠬᠤ᠎ᠪᠠᠷ ᠠᠵᠢᠯ᠎ᠤᠨ ᠵᠢᠡᠨ ᠢᠮᠠᠭᠲᠠ ᠪᠠᠷᠢᠮᠲᠠᠯᠠᠬᠤ ᠦᠨᠳᠦᠰᠦᠨ ᠵᠣᠷᠢᠯᠲᠠ ᠪᠣᠯᠭᠠᠵᠤ ᠪᠠᠢᠨ᠎ᠠ᠃ ᠳᠠᠷᠠᠭᠠᠴᠢ᠎ᠶ᠋ᠢᠨ ᠠᠯᠬᠤᠮᠳ᠋ᠤ᠌ ᠪᠢᠳᠡ ᠬᠣᠲᠠ᠎ᠶ᠋ᠢᠨ ᠬᠢᠵᠢᠭ᠎ᠦ᠋ᠨ ᠪᠠᠢᠳᠠᠯ᠎ᠢ᠋ ᠰᠡᠷᠭᠡᠢᠯᠡᠨ ᠡᠵᠡᠮᠳᠡᠬᠦ ᠵᠢᠯᠣᠭᠣᠳᠬᠤ ᠭᠠᠵᠠᠷ᠎ᠤ᠋ᠨ ᠪᠠᠢᠷᠢᠯᠠᠭᠤᠯᠤᠯᠲᠠ ᠶᠣᠰᠣᠭᠠᠷ᠂ ᠬᠡᠲᠦ ᠳᠡᠯᠭᠡᠭᠦᠷ᠂ ᠳᠥᠭᠥᠮ ᠦᠵᠡᠭᠦᠯᠬᠦ ᠳᠡᠯᠭᠡᠭᠦᠷ ᠵᠡᠷᠭᠡ ᠠᠮᠢᠳᠤᠷᠠᠯ᠎ᠤ᠋ᠨ ᠴᠢᠬᠤᠯᠠ ᠬᠡᠷᠡᠭᠯᠡᠭᠡᠨ᠎ᠦ᠌ ᠵᠦᠢᠯᠡᠰᠦ᠋ᠨ ᠡᠵᠡᠩᠨᠡᠯᠲᠡ᠎ᠶ᠋ᠢᠨ ᠭᠠᠵᠠᠷ᠎ᠤ᠋ᠨ ᠬᠡᠪ᠎ᠦ᠋ᠨ ᠡᠵᠡᠩᠨᠡᠯᠲᠡ᠎ᠶ᠋ᠢ ᠠᠭᠠᠵᠢᠮᠢ᠋ᠶ᠋ᠠᠷ ᠰᠡᠷᠭᠦᠭᠡᠵᠦ᠂ ᠳᠡᠯᠭᠡᠭᠦᠷ᠎ᠦ᠋ᠨ ᠠᠵᠢᠯᠲᠠᠨᠤ᠋ ᠬᠠᠮᠢᠶᠠᠷᠤᠯᠲᠠ᠎ᠶ᠋ᠢ ᠴᠢᠩᠭᠠᠳᠬᠠᠨ᠂ ᠡᠵᠡᠩᠨᠡᠯᠲᠡ᠎ᠶ᠋ᠢᠨ ᠠᠷᠭ᠎ᠠ ᠮᠠᠶᠢᠭ᠎ᠢ ᠳᠦᠷᠢᠮᠵᠢᠭᠦᠯᠵᠦ᠂ ᠥᠷᠭᠡᠨ ᠣᠯᠠᠨ ᠬᠣᠲᠠ᠎ᠶ᠋ᠢᠨ ᠠᠷᠠᠳ᠎ᠲᠤ᠌ ᠨᠡᠩ ᠠᠮᠤᠷ ᠲᠦᠪᠰᠢᠨ᠂ ᠳᠥᠭᠥᠮ ᠲᠦᠳᠡ ᠪᠠᠷᠠᠭ᠎ᠠ ᠬᠤᠳᠠᠯᠳᠤᠨ ᠠᠪᠬᠤ ᠠᠷᠭ᠎ᠠ ᠵᠠᠮ᠎ᠢ᠋ ᠡᠭᠦᠳᠦᠨ ᠦᠭᠴᠦ᠂ ᠬᠢᠵᠢᠭ᠎ᠦ᠋ᠨ ᠪᠠᠢᠳᠠᠯ᠎ᠢ᠋ ᠢᠯᠠᠨ ᠳᠠᠪᠠᠬᠤᠳ᠋ᠤ᠌ ᠬᠦᠴᠦᠲᠡᠢ ᠦᠢᠯᠡᠴᠢᠯᠡᠭᠡᠨ᠎ᠦ᠌ ᠪᠠᠲᠤᠯᠠᠭ᠎ᠠ ᠬᠠᠩᠭᠠᠬᠤ ᠪᠣᠯᠤᠨ᠎ᠠ ᠭᠡᠵᠡᠢ᠃
ᠢᠷᠡᠯᠲᠡ ᠄ ᠬᠦᠬᠡᠬᠤᠲᠠ ᠵᠢᠨ ᠡᠳᠦᠷ᠎ᠤᠨ ᠰᠤᠨᠢᠨ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠴᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃