ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠮᠡᠳᠡᠭᠡᠯᠡᠯ

2022-11-03 21:23:52

ᠵᠣᠬᠢᠶᠠᠭ᠍ᠴᠢ᠄ ᠵᠸᠡᠭ ᠰᠢᠤᠸᠠᠢ ᠯᠢᠶᠠᠡᠭ ᠸᠠᠡᠭ ᠶᠠ ᠵᠢᠡᠭ ᠣᠩᠱᠢᠭ᠍ᠰᠠᠨ ᠣᠳᠠᠭ᠎ᠠ᠄ 3

ᠭᠦᠭᠡᠬᠣᠲᠠ᠎ᠶᠢᠨ ᠬᠢᠵᠢᠭ᠌᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠠᠵᠢᠯ᠎ᠤᠨ ᠰᠣᠨᠢᠨ ᠮᠡᠳᠡᠭᠡ ᠨᠡᠢᠲᠡᠯᠡᠬᠦ ᠬᠤᠷᠠᠯ ( 68 ᠳ᠋ᠤᠭᠠᠷ ᠲᠠᠯᠠᠪᠠᠶ ) ᠳᠡᠭᠡᠷ᠎ᠡ ᠨᠡᠢᠲᠡᠯᠡᠭᠰᠡᠨ᠎ᠢᠶᠡᠷ᠂ 11 ᠰᠠᠷ᠎ᠠ᠎ᠶᠢᠨ 2 ᠎ᠤᠨ ᠡᠳᠦᠷ᠎ᠦᠨ 0 ᠴᠠᠭ᠎ᠠᠴᠠ 24 ᠴᠠᠭ ᠪᠤᠯᠲᠠᠯᠡᠬᠢ ᠭᠦᠭᠡᠬᠣᠲᠠ᠎ᠳ᠋ᠦ ᠰᠢᠨ᠎ᠡ᠎ᠪᠡᠷ ᠨᠡᠮᠡᠭᠳᠡᠭᠰᠡᠨ ᠬᠠᠯᠳᠠᠪᠤᠷᠢᠯᠠᠭᠳᠠᠭᠴᠢ ᠵᠢᠨ ᠳᠣᠲᠣᠷᠠᠬᠢ 894 ᠨᠢ ᠲᠤᠰᠠᠭᠠᠷᠯᠠᠨ ᠬᠠᠮᠢᠶᠠᠷᠤᠨ ᠡᠵᠡᠮᠳᠡᠵᠤ ᠪᠠᠢᠭ᠎ᠠ ᠬᠥᠮᠥᠰ ᠡᠴᠡ ᠢᠷᠡᠯᠳᠡ ᠲᠠᠢ᠃ ᠣᠢᠷ᠎ᠠ᠎ᠶᠢᠨ ᠡᠳᠦᠷ᠎ᠦᠳ᠎ᠲᠦ ᠨᠡᠢᠭᠡᠮ ᠳᠡᠭᠡᠷ᠎ᠠ ᠡᠴᠡ ᠪᠠᠢᠴᠠᠭᠠᠨ ᠭᠠᠷᠭᠠᠭᠰᠠᠨ ᠠᠷᠭ᠎ᠠ ᠴᠢᠨᠠᠷᠲᠠᠢ ᠬᠠᠯᠳᠠᠪᠤᠷᠢᠯᠠᠭᠳᠠᠭᠴᠢ ᠢᠯᠡᠳᠲᠡ ᠪᠠᠭᠤᠷᠠᠬᠤ ᠬᠠᠨᠳᠤᠰᠢ᠎ᠲᠠᠢ ᠬᠡᠪᠡ᠃

11 ᠰᠠᠷ᠎ᠠ᠎ᠶᠢᠨ 3᠎ᠤ ᠡᠳᠦᠷ᠂ ᠭᠦᠭᠡᠬᠣᠲᠠ᠎ᠶᠢᠨ 1 ᠳᠣᠣᠷ᠎ᠠ ᠲᠦᠭᠰᠢᠭᠦᠷᠢᠳᠠᠢ ᠭᠠᠵᠠᠷ ᠣᠷᠣᠨ᠎ᠢ ᠥᠨᠳᠥᠷ ᠲᠦᠭᠰᠢᠭᠦᠷᠢᠳᠠᠢ᠎ᠭᠠᠵᠠᠷ ᠣᠷᠣᠨ ᠪᠣᠯᠭᠠᠨ ᠲᠣᠬᠢᠷᠠᠭᠤᠯᠵᠤ᠂ 13 ᠥᠨᠳᠥᠷ ᠲᠦᠭᠰᠢᠭᠦᠷᠢᠳᠠᠢ ᠭᠠᠵᠠᠷ ᠣᠷᠣᠨ᠎ᠢ ᠳᠤᠮᠳᠠ ᠲᠦᠭᠰᠢᠭᠦᠷᠢᠳᠠᠢ ᠭᠠᠵᠠᠷ ᠣᠷᠣᠨ ᠪᠣᠯᠭᠠᠨ ᠪᠠᠭᠤᠷᠠᠭᠤᠯᠵᠤ᠂ 2 ᠳᠤᠮᠳᠠ ᠲᠦᠭᠰᠢᠭᠦᠷᠢᠳᠠᠢ ᠭᠠᠵᠠᠷ ᠣᠷᠣᠨ᠎ᠢ ᠳᠣᠣᠷ᠎ᠠ ᠲᠦᠭᠰᠢᠭᠦᠷᠢᠳᠠᠢ ᠭᠠᠵᠠᠷ ᠣᠷᠣᠨ ᠪᠣᠯᠭᠠᠨ ᠪᠠᠭᠤᠷᠠᠭᠤᠯᠪᠠ᠃ ᠡᠨᠡ ᠡᠳᠦᠷ ᠪᠠᠰᠠ ᠬᠢᠵᠢᠭ᠌ ᠦᠭᠡᠢ 84 ᠰᠠᠭᠤᠭᠠᠯᠢ ᠲᠣᠭᠣᠷᠢᠭ᠋᠎ᠢ ᠪᠢᠲᠡᠭᠦᠮᠵᠢᠯᠡᠯ ᠡᠴᠡ ᠲᠠᠢᠯᠪᠠ᠃

ᠸᠢᠷᠦ᠋ᠰ᠎ᠦᠨ ᠲᠠᠷᠬᠠᠭᠠᠯᠲᠠ᠎ᠶᠢᠨ ᠬᠡᠯᠬᠢᠶ᠎ᠡ᠎ᠶᠢ ᠦᠳᠲᠡᠷ ᠲᠦᠷᠭᠡᠨ ᠲᠠᠰᠤᠯᠬᠤ᠎ᠶᠢᠨ ᠲᠥᠯᠥᠭᠡ᠂ 10 ᠰᠠᠷ᠎ᠠ᠎ᠶᠢᠨ 25 ᠎ᠤ ᠡᠳᠦᠷ᠎ᠡᠴᠡ ᠨᠠᠭᠠᠰᠢ ᠭᠦᠭᠡᠬᠣᠲᠠ᠎ᠳᠤ ᠵᠠᠯᠭᠠᠭ᠎ᠠ᠎ᠪᠠᠷ ᠬᠡᠳᠦᠨ ᠡᠭᠡᠯᠵᠢ᠎ᠶᠢᠨ ᠶᠡᠬᠡ ᠬᠡᠪᠴᠢᠶᠡᠨ᠎ᠦ ᠪᠦᠭᠦ ᠬᠥᠮᠥᠰ᠎ᠦᠨ ᠪᠥᠭᠡᠮ ᠬᠦᠴᠢᠯ᠎ᠦᠨ ᠪᠠᠢᠴᠠᠭᠠᠯᠲᠠ ᠥᠷᠨᠢᠭᠦᠯᠵᠦ᠂ ᠬᠣᠲᠠ᠎ᠶᠢᠨ ᠬᠡᠪᠴᠢᠶᠡᠨ᠎ᠳᠠᠬᠢ ᠰᠠᠭᠤᠭᠠᠯᠢ ᠠᠷᠠᠳ᠎ᠲᠤ ᠪᠥᠭᠡᠮ ᠬᠦᠴᠢᠯ᠎ᠦᠨ ᠪᠠᠢᠴᠠᠭᠠᠯᠲᠠ ᠬᠢᠬᠦ᠎ᠶᠢᠨ ᠬᠠᠮᠲᠤ ᠶᠡᠬᠡ ᠳᠡᠭᠡᠳᠦ ᠰᠤᠷᠭᠠᠭᠤᠯᠢ᠎ᠶᠢᠨ ᠰᠣᠷᠣᠬ᠍ᠴᠢ᠂ ᠪᠠᠷᠢᠯᠭ᠎ᠠ᠎ᠶᠢᠨ ᠭᠠᠵᠠᠷ᠎ᠤᠨ ᠠᠵᠢᠯᠳᠠᠨ᠂ ᠵᠠᠬ᠎ᠠ ᠳᠡᠯᠭᠡᠭᠦᠷ᠎ᠦᠨ ᠬᠠᠩᠭᠠᠯᠭ᠎ᠠ᠎ᠶᠢ ᠪᠠᠲᠤᠯᠠᠬᠤ ᠬᠥᠮᠥᠰ ᠵᠡᠷᠭᠡ ᠭᠣᠣᠯᠳᠠᠯᠭ᠎ᠠ᠎ᠲᠠᠢ ᠬᠥᠮᠥᠰ᠎ᠲᠦ ᠪᠥᠭᠡᠮ ᠬᠦᠴᠢᠯ᠎ᠦᠨ ᠪᠠᠢᠴᠠᠭᠠᠯᠲᠠ ᠬᠢᠬᠦ ᠡᠷᠴᠢᠮ ᠎ᠢᠶᠡᠨ ᠴᠢᠩᠭᠠᠷᠠᠭᠤᠯᠵᠤ᠂ ᠨᠢᠭᠡ ᠪᠦᠯᠦᠭ ᠠᠷᠭ᠎ᠠ ᠴᠢᠨᠠᠷᠲᠠᠢ ᠬᠠᠯᠳᠠᠪᠤᠷᠢᠯᠠᠭᠳᠠᠭᠴᠢ᠎ᠵᠢ ᠲᠥᠪᠯᠡᠷᠡᠭᠦᠯᠦᠨ ᠢᠯᠡᠷᠡᠭᠦᠯᠦᠭᠰᠡᠨ ᠪᠥᠭᠡᠳ ᠳᠠᠷᠤᠢ ᠲᠦᠷᠭᠡᠨ ᠬᠦᠴᠦᠲᠡᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠠᠪᠴᠠᠢ᠃

ᠸᠢᠷᠦ᠋ᠰ᠎ᠦᠨ ᠳᠡᠯᠭᠡᠷᠡᠭᠰᠡᠨ ᠣᠨᠴᠠᠯᠢᠭ᠋᠎ᠠᠴᠠ ᠦᠵᠡᠪᠡᠯ᠂ ᠬᠢᠵᠢᠭ᠌᠎ᠦᠨ ᠪᠠᠢᠳᠠᠯ᠎ᠤᠨ ᠬᠥᠭᠵᠢᠯᠲᠡ᠎ᠳᠦ ᠮᠥᠨ ᠲᠣᠭᠲᠠᠭᠠᠯᠲᠤ ᠪᠤᠰᠤ ᠴᠢᠨᠠᠷ ᠣᠷᠣᠰᠢᠵᠤ ᠪᠠᠢᠨ᠎ᠠ᠃ ᠲᠠᠷᠠᠭᠠᠴᠢ ᠎ᠶᠢᠨ ᠠᠯᠬᠤᠮ ᠎ᠳᠤ ᠬᠥᠬᠡᠬᠣᠲᠠ ᠨᠡᠢᠭᠡᠮ ᠎ᠦᠨ ᠪᠠ ᠭᠣᠣᠯᠳᠠᠯᠭ᠎ᠠ᠎ᠲᠠᠢ ᠬᠥᠮᠥᠰ᠎ᠦᠨ ᠪᠥᠭᠡᠮ ᠬᠦᠴᠢᠯ᠎ᠤᠨ ᠪᠠᠢᠴᠠᠭᠠᠯᠳᠠ ᠵᠢᠨ ᠡᠷᠴᠢᠮ ᠵᠢᠡᠨ ᠦᠷᠭᠦᠯᠵᠢᠯᠡᠨ ᠴᠢᠩᠭᠠᠷᠠᠭᠤᠯᠬᠤ᠎ᠶᠢᠨ ᠬᠠᠮᠲᠤ ᠰᠢᠨᠵᠢᠯᠡᠬᠦ ᠤᠬᠠᠭᠠᠨᠴᠢ᠎ᠪᠠᠷ ᠨᠠᠷᠢᠯᠢᠭ ᠣᠨᠣᠪᠴᠢᠲᠠᠶ᠎ᠪᠠᠷ ᠰᠡᠷᠭᠡᠢᠯᠡᠨ ᠡᠵᠡᠮᠳᠡᠵᠦ᠂ ᠬᠠᠮᠤᠭ᠎ᠤᠨ ᠴᠢᠩᠭ᠎ᠠ ᠬᠠᠮᠢᠶᠠᠷᠤᠯᠲᠠ᠎ᠪᠠᠷ ᠡᠮᠬᠢ ᠵᠢᠷᠤᠮ᠎ᠲᠠᠢ ᠲᠠᠯᠪᠢᠬᠤ᠎ᠶᠢ ᠪᠡᠶᠡᠯᠡᠭᠦᠯᠬᠦ ᠪᠠᠷ ᠪᠤᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面