2022-11-03 16:34:13
ᠰᠤᠷᠪᠤᠯᠵᠢᠯᠠᠭ᠍ᠴᠢ 11 ᠰᠠᠷ᠎ᠠ᠎ᠶ᠋ᠢᠨ 2 ᠤ᠋ᠨ ᠡᠳᠦᠷ ᠬᠤᠷᠠᠯᠳᠤᠭ᠍ᠰᠠᠨ ᠬᠥᠬᠡᠬᠣᠲᠠ᠎ᠶ᠋ᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠰᠣᠨᠢᠨ ᠮᠡᠳᠡᠭᠡ ᠨᠡᠢᠲᠡᠯᠡᠬᠦ᠌ ᠬᠤᠷᠠᠯ ( 67 ᠳ᠋ᠤᠭᠠᠷ ᠲᠠᠯᠠᠪᠠᠢ) ᠡᠴᠡ ᠣᠢᠯᠠᠭᠠᠭ᠍ᠰᠠᠨ᠎ᠢᠶᠠᠷ᠂ ᠬᠥᠬᠡᠬᠣᠲᠠ ᠬᠠᠮ ᠳᠡᠯᠭᠡᠭᠦᠷ᠂ ᠳᠦᠭᠦᠮ ᠦᠵᠡᠭᠦᠯᠬᠦ ᠳᠡᠯᠭᠡᠭᠦᠷ ᠵᠡᠷᠭᠡ ᠴᠢᠬᠤᠯᠠ ᠪᠦᠬᠦᠢ ᠠᠮᠢᠳᠤᠷᠠᠯ᠎ᠤᠨ ᠭᠡᠷᠡᠭᠰᠡᠯ᠎ᠦᠨ ᠡᠵᠡᠩᠨᠡᠯᠲᠡ᠎ᠶ᠋ᠢᠨ ᠭᠠᠵᠠᠷ᠎ᠤᠨ ᠬᠡᠪ᠎ᠦᠨ ᠡᠵᠡᠩᠨᠡᠯᠲᠡ᠎ᠶ᠋ᠢ ᠠᠯᠬᠤᠮ ᠠᠯᠬᠤᠮ᠎ᠢᠶᠠᠷ ᠰᠡᠷᠭᠦᠭᠡᠬᠦ᠌᠎ᠪᠡᠷ ᠪᠠᠢᠨ᠎ᠠ᠃
ᠬᠥᠬᠡᠬᠣᠲᠠ᠎ᠶ᠋ᠢᠨ ᠬᠤᠳᠠᠯᠳᠤᠭᠠᠨ᠎ᠤ ᠶᠠᠪᠤᠳᠠᠯ᠎ᠤᠨ ᠲᠣᠪᠴᠢᠶᠠᠨ᠎ᠤ ᠳᠡᠳ᠋ ᠳᠠᠷᠤᠭ᠎ᠠ ᠲᠠᠨ ᠵᠢᠨ ᠯᠦᠩ ᠢᠯᠡᠷᠬᠡᠢᠯᠡᠬᠦ ᠳ᠋ᠡᠬᠡᠨ᠂ ᠬᠥᠬᠡᠬᠣᠲᠠ ᠵᠢᠨ ᠬᠢᠨ ᠬᠠᠨᠳᠤᠯᠭᠠᠲᠤ ᠴᠢᠨᠠᠷᠲᠠᠢ ᠠᠷᠭ᠎ᠠ ᠬᠡᠮᠵᠢᠶ᠎ᠠ ᠠᠪᠴᠤ᠌ ᠢᠳᠡᠱᠢᠨ ᠨᠣᠭᠣᠭ᠎ᠠ ᠵᠡᠷᠭᠡ ᠴᠢᠬᠤᠯᠠ ᠪᠦᠬᠦᠢ ᠠᠮᠢᠳᠤᠷᠠᠯ᠎ᠤᠨ ᠬᠡᠷᠡᠭᠰᠡᠯ᠎ᠦᠨ ᠬᠠᠩᠭᠠᠯᠭ᠎ᠠ᠎ᠶ᠋ᠢ ᠪᠠᠲᠤᠯᠠᠵᠤ᠂ ᠦᠨ᠎ᠡ ᠬᠠᠩᠰᠢ᠎ᠶ᠋ᠢᠨ ᠲᠣᠭ᠍ᠲᠠᠭᠤᠨ᠎ᠢ ᠪᠠᠳᠤᠯᠠᠵᠤ ᠪᠠᠢᠨ᠎ᠠ᠃ ᠭᠣᠣᠯᠳᠠᠭᠤ ᠳᠣᠣᠷᠠᠬᠢ ᠬᠡᠳᠦᠨ ᠵᠦᠢᠯ᠎ᠦᠨ ᠠᠷᠭ᠎ᠠ ᠬᠡᠮᠵᠢᠶ᠎ᠠ ᠠᠪᠴᠠᠢ᠄
ᠨᠢᠭᠡ᠎ᠳᠦ᠂ ᠢᠳᠡᠱᠢᠨ ᠨᠣᠭᠣᠭ᠎ᠠ᠎ᠶ᠋ᠢᠨ ᠲᠤᠭᠳᠠᠭᠤᠨ ᠬᠠᠩᠭᠠᠯᠭ᠎ᠠ᠎ᠵᠢ ᠪᠠᠲᠤᠯᠠᠨ᠎ᠠ ᠃ ᠬᠥᠬᠡᠬᠣᠲᠠ᠎ᠶ᠋ᠢᠨ ᠪᠥᠭᠡᠮ᠎ᠢᠶᠡᠷ ᠪᠤᠷᠤᠯᠠᠭᠤᠯᠬᠤ ᠬᠡᠰᠡᠭ ᠵᠠᠬ᠎ᠠ ᠳᠡᠯᠭᠡᠭᠦᠷ᠎ᠢ ᠲᠦᠷ ᠴᠠᠭ ᠬᠠᠮᠢᠶᠠᠷᠤᠨ ᠡᠵᠡᠮᠳᠡᠭ᠌ᠰᠡᠨᠦ ᠳᠠᠷᠠᠭ᠎ᠠ᠂ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ ᠪᠠ ᠬᠠᠷᠢᠶ᠎ᠠ ᠭᠠᠵᠠᠷ᠎ᠤᠨ ᠵᠠᠰᠠᠭ᠎ᠤᠨ ᠣᠷᠳᠣᠨ ᠬᠠᠮᠲᠤᠷᠠᠨ ᠱᠢ ᠴᠢᠤᠸᠠᠨ ᠱᠢ ᠮᠸᠢ ᠺᠤᠮᠫᠠᠨᠢ ᠵᠢᠨ ᠱᠢ ᠶᠠᠩ ᠴᠢᠶᠤᠤ ᠵᠠᠮ᠂ ᠭᠤᠸᠠᠩ ᠮᠢᠩ ᠵᠠᠮ᠂ ᠵᠢᠷᠢᠮ ᠵᠠᠮ ᠪᠠ ᠷᠦ᠋ ᠢ ᠨᠡᠭᠡᠭᠡᠯᠲᠡ᠎ᠶ᠋ᠢᠨ ᠲᠣᠭᠣᠷᠢᠭ ᠵᠡᠷᠭᠡ 4 ᠬᠣᠶᠠᠳᠤᠭᠠᠷ ᠳᠡᠰ᠎ᠤᠨ ᠠᠷᠠᠯᠵᠢᠶᠠᠨ᠎ᠤ ᠵᠠᠬ᠎ᠠ ᠳᠡᠯᠭᠡᠭᠦᠷ᠎ᠢ ᠵᠠᠯᠭᠠᠭ᠎ᠠ᠎ᠪᠠᠷ ᠨᠡᠬᠡᠬᠡᠵᠤ᠂ ᠸᠠᠨ ᠬᠣᠶ᠂ ᠭᠦᠸᠧ ᠲᠦᠩ᠂ ᠴᠢᠨ ᠨᠦᠩ᠂ ᠫᠧᠩ ᠹᠧᠩ ᠵᠡᠷᠭᠡ ᠲᠠᠷᠢᠶᠠᠯᠠᠩ᠎ᠤᠨ ᠪᠦᠲᠦᠭᠡᠭᠳᠡᠭᠦᠨ ᠤ᠋ ᠠᠷᠠᠯᠵᠢᠶᠠᠨ᠎ᠤ ᠵᠠᠬ᠎ᠠ ᠳᠡᠯᠭᠡᠭᠦᠷ᠎ᠦᠨ ᠪᠠᠷᠠᠭ᠎ᠠ ᠬᠠᠩᠭᠠᠬᠤ ᠬᠡᠮᠵᠢᠶ᠎ᠡ᠎ᠶ᠋ᠢ ᠨᠡᠮᠡᠭ᠌ᠳᠡᠭᠦᠯᠵᠦ᠍᠂ ᠳ᠋ᠦᠩ ᠸᠠ ᠶᠣᠣ᠂ ᠹᠦ᠋ ᠬᠠᠶ ᠱᠢᠩ ᠵᠡᠷᠭᠡ ᠲᠦᠷ ᠬᠠᠭᠠᠭᠰᠠᠨ ᠵᠠᠬ᠎ᠠ ᠳᠡᠯᠭᠡᠭᠦᠷ᠎ᠦᠨ ᠡᠮᠬᠢ ᠵᠢᠷᠤᠮ᠎ᠲᠠᠶ᠎ᠪᠠᠷ ᠡᠵᠡᠩᠨᠡᠯᠲᠡ᠎ᠪᠡᠨ ᠰᠡᠷᠭᠦᠭᠡᠬᠦ᠌᠎ᠶ᠋ᠢ ᠠᠬᠢᠭᠤᠯᠵᠤ᠂ ᠲᠣᠮᠣ ᠬᠡᠯᠪᠡᠷᠢ᠎ᠶ᠋ᠢᠨ ᠬᠡᠯᠬᠢᠶ᠎ᠡ᠎ᠳᠤ ᠬᠠᠮ ᠳᠡᠯᠭᠡᠭᠦᠷ ᠪᠠ ᠲᠦᠭᠦᠬᠡᠶ ᠰᠤᠷᠭᠤᠭ ᠢᠳᠡᠭᠡᠨ᠎ᠦ ᠳᠡᠯᠭᠡᠭᠦᠷ᠎ᠤᠨ ᠬᠢᠨ᠎ᠤ ᠥᠪᠡᠷ᠎ᠦᠨ ᠪᠠᠷᠠᠭ᠎ᠠ ᠬᠠᠩᠭᠠᠬᠤ ᠠᠷᠭ᠎ᠠ ᠵᠠᠮ᠎ᠢᠶᠠᠷ ᠵᠢᠡᠨ ᠪᠠᠷᠠᠭ᠎ᠠ ᠣᠷᠣᠭᠤᠯᠬᠤ ᠬᠡᠮᠵᠢᠶ᠎ᠡ ᠪᠠᠨ ᠥᠷᠭᠡᠳᠭᠡᠬᠦ ᠵᠢ ᠵᠤᠬᠢᠶᠠᠨ ᠪᠠᠢᠭᠤᠯᠪᠠ᠃ ᠣᠢᠷ᠎ᠠ᠎ᠶ᠋ᠢᠨ ᠨᠢᠭᠡ ᠭᠠᠷᠠᠭ᠎ᠲᠤ᠂ ᠬᠥᠬᠡᠬᠣᠲᠠ᠎ᠶ᠋ᠢᠨ ᠢᠳᠡᠱᠢᠨ ᠨᠣᠭᠣᠭ᠎ᠠ ᠣᠷᠣᠭᠤᠯᠬᠤ ᠬᠡᠮᠵᠢᠶ᠎ᠡ ᠡᠳᠦᠷ ᠪᠥᠷᠢ 900 ᠲᠣᠨ ᠣᠷᠴᠢᠮ᠎ᠳᠤ ᠲᠣᠭ᠍ᠲᠠᠪᠤᠷᠢᠵᠢᠵᠤ᠂ ᠪᠥᠬᠥ᠌ ᠬᠣᠲᠠ᠎ᠶ᠋ᠢᠨ ᠢᠳᠡᠱᠢᠨ ᠨᠣᠭᠣᠭ᠎ᠠ ᠬᠠᠩᠭᠠᠨ ᠪᠣᠷᠣᠯᠠᠭᠤᠯᠬᠤ ᠶᠡᠷᠦᠩᠬᠡᠢ ᠪᠠᠢᠳᠠᠯ ᠲᠣᠭ᠍ᠲᠠᠭᠤᠨ ᠪᠠᠢᠨ᠎ᠠ᠃
ᠬᠣᠶᠠᠷ᠎ᠲᠤ᠂ ᠨᠡᠬᠡᠬᠡᠬᠦ ᠶᠤᠰᠤᠳᠠᠢ ᠳᠡᠯᠭᠡᠭᠦᠷ ᠢ᠋ ᠪᠦᠬᠦᠨ᠎ᠢ ᠨᠡᠭᠡᠭᠡᠬᠦ᠌᠎ᠶ᠋ᠢ ᠠᠬᠢᠭᠤᠯᠵᠦ ᠪᠠᠢᠨ᠎ᠠ᠃ ᠰᠠᠭᠤᠭᠠᠯᠢ ᠠᠷᠠᠳ ᠤ᠋ᠨ ᠲᠣᠭᠣᠷᠢᠭ᠎ᠤᠨ ᠳᠦᠭᠦᠮ ᠦᠵᠡᠭᠦᠯᠬᠦ ᠳᠡᠯᠭᠡᠭᠦᠷ᠂ ᠵᠡᠭᠡᠯᠢ ᠳᠠᠭᠠᠤ᠎ᠶ᠋ᠢᠨ ᠢᠳᠡᠱᠢᠨ ᠨᠣᠭᠣᠭᠠᠨ᠎ᠤ ᠳᠡᠯᠭᠡᠭᠦᠷ ᠡᠮᠬᠢ ᠵᠢᠷᠤᠮ᠎ᠲᠠᠶ᠎ᠪᠠᠷ ᠨᠡᠬᠡᠬᠡᠬᠦ 《ᠴᠠᠭᠠᠨ ᠳᠠᠩᠰᠠ》 ᠵᠢ ᠪᠠᠢᠭᠤᠯᠵᠤ᠂ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠎ᠲᠡᠶ ᠬᠠᠮᠲᠤᠷᠠᠨ ᠬᠣᠲᠠ᠎ᠶ᠋ᠢᠨ ᠳᠥᠷᠪᠡᠨ ᠲᠣᠭᠣᠷᠢᠭ᠎ᠤᠨ 800 ᠱᠢᠬᠠᠮ ᠰᠠᠭᠤᠭᠠᠯᠢ ᠠᠷᠠᠳ ᠤ᠋ᠨ ᠲᠣᠭᠣᠷᠢᠭ᠎ᠤᠨ ᠳᠦᠭᠦᠮ ᠦᠵᠡᠭᠦᠯᠬᠦ ᠳᠡᠯᠭᠡᠭᠦᠷ ᠪᠠ ᠵᠡᠭᠡᠯᠢ ᠳᠠᠭᠠᠤ᠎ᠶ᠋ᠢᠨ ᠳᠡᠯᠭᠡᠭᠦᠷ᠎ᠢ ᠨᠡᠭᠡᠭᠡᠬᠦ᠌᠎ᠶ᠋ᠢ ᠠᠬᠢᠭᠤᠯᠵᠤ᠂ ᠲᠣᠬᠢᠷᠠᠭᠤᠯᠤᠨ ᠬᠦᠷᠭᠡᠬᠦ᠌ ᠴᠡᠭ᠎ᠢ ᠨᠡᠮᠡᠭᠳᠡᠭᠦᠯᠵᠠᠢ᠃ ᠰᠠᠭᠤᠭᠠᠯᠢ ᠠᠷᠠᠳ ᠤ᠋ᠨ ᠲᠣᠭᠣᠷᠢᠭ᠎ᠤᠨ ᠲᠦᠭ᠌ᠰᠢᠭᠦᠷᠢ᠎ᠶ᠋ᠢᠨ ᠲᠠᠰ ᠪᠠ ᠨᠡᠢᠭᠡᠮ᠎ᠦᠨ ᠲᠠᠯ᠎ᠠ᠎ᠶ᠋ᠢᠨ ᠬᠠᠮᠢᠶᠠᠷᠤᠨ ᠡᠵᠡᠮᠳᠡᠬᠦ᠌ ᠱᠠᠭᠠᠷᠳᠠᠯᠭ᠎ᠠ᠎ᠶ᠋ᠢ ᠦᠨᠳᠦᠰᠦᠯᠡᠨ ᠢᠳᠡᠱᠢᠨ ᠨᠣᠭᠣᠭ᠎ᠠ᠎ᠶ᠋ᠢᠨ ᠬᠠᠩᠭᠠᠯᠭ᠎ᠠ᠎ᠶ᠋ᠢ ᠲᠥᠷᠥᠯ ᠬᠤᠪᠢᠶᠠᠨ ᠪᠠᠲᠤᠯᠠᠵᠤ᠂ ᠲᠤᠤᠷ᠎ᠠ ᠲᠦᠭ᠌ᠰᠢᠭᠦᠷᠢᠳᠤ ᠣᠷᠣᠨ ᠪᠦᠰᠡ ᠪᠠ ᠬᠢᠵᠢᠭ ᠥᠬᠡᠶ ᠰᠠᠭᠤᠭᠠᠯᠢ ᠠᠷᠠᠳ ᠤ᠋ᠨ ᠲᠣᠭᠣᠷᠢᠭ᠎ᠲᠤ ᠰᠠᠭᠤᠭᠠᠯᠢ ᠠᠷᠠᠳ᠎ᠤᠨ ᠰᠦᠯᠵᠢᠶᠡᠨ ᠳᠡᠭᠡᠷ᠎ᠡ ᠪᠠᠷᠠᠭ᠎ᠠ ᠬᠤᠳᠠᠯᠳᠤᠨ ᠠᠪᠬᠤ ᠪᠤᠶᠤ ᠡᠬᠦᠳᠠᠨ ᠳᠡᠯᠭᠡᠭᠦᠷ ᠡᠴᠡ ᠥᠪᠡᠰᠦᠪᠡᠨ ᠭᠠᠷᠭᠠᠨ ᠠᠪᠬᠤ ᠬᠡᠯᠪᠡᠷᠢ ᠵᠢ ᠠᠮᠢᠳᠤᠯᠢᠭ᠎ᠢᠶᠠᠷ ᠬᠡᠷᠡᠭ᠌ᠯᠡᠨ ᠢᠳᠡᠱᠢᠨ ᠨᠣᠭᠣᠭ᠎ᠠ ᠬᠤᠳᠠᠯᠳᠤᠨ ᠠᠪᠬᠤ᠎ᠶ᠋ᠢ ᠵᠣᠷᠢᠭ᠍ᠵᠢᠭᠤᠯᠪᠠ᠃ ᠳᠤᠮᠳᠠ ᠥᠨᠳᠥᠷ ᠲᠦᠭ᠌ᠰᠢᠭᠦᠷᠢᠳᠤ ᠣᠷᠣᠨ ᠪᠦᠰᠡ᠎ᠳᠦ ᠰᠠᠭᠤᠭᠠᠯᠢ ᠠᠷᠠᠳ᠎ᠤᠨ ᠣᠢᠷ᠎ᠠ ᠬᠠᠪᠢ᠎ᠳᠠᠭᠠᠨ ᠬᠡᠯᠬᠢᠶ᠎ᠡ ᠬᠠᠮ ᠳᠡᠯᠭᠡᠭᠦᠷ ᠪᠠ ᠵᠡᠭᠡᠯᠢ ᠳᠠᠭᠠᠤ ᠡᠭᠦᠳᠡᠨ ᠳᠡᠯᠭᠡᠭᠦᠷ᠎ᠦᠨ ᠰᠦᠯᠵᠢᠶᠡᠨ ᠳᠡᠭᠡᠷ᠎ᠠ ᠪᠠ ᠪᠤᠳᠠᠳᠤ ᠴᠤᠬᠴᠠ ᠵᠢᠨ ᠲᠡᠯᠬᠡᠬᠥᠷ ᠡᠴᠡ ᠪᠠᠷᠠᠭ᠎ᠠ ᠬᠤᠳᠠᠯᠳᠤᠨ ᠠᠪᠬᠤ ᠪᠠ ᠢᠳᠡᠱᠢᠨ ᠨᠣᠭᠣᠭ᠎ᠠ ᠵᠡᠷᠭᠡ ᠴᠢᠬᠤᠯᠠ ᠪᠦᠬᠦᠢ ᠠᠮᠢᠳᠤᠷᠠᠯ᠎ᠤᠨ ᠬᠡᠷᠡᠭᠰᠡᠯ᠎ᠢ ᠬᠤᠳᠠᠯᠳᠤᠨ ᠠᠪᠬᠤ᠎ᠶ᠋ᠢ ᠵᠣᠷᠢᠭ᠍ᠵᠢᠭᠤᠯᠪᠠ᠃
ᠭᠤᠷᠪᠠ᠎ᠳᠤ᠂ ᠳᠣᠭᠢᠷᠠᠭᠤᠯᠤᠨ ᠬᠦᠷᠭᠡᠬᠦ᠌ ᠪᠠᠲᠤᠯᠠᠭ᠎ᠠ᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠵᠦ ᠪᠠᠢᠨ᠎ᠠ᠃ ᠲᠠᠪᠴᠠᠩ᠎ᠤᠨ ᠠᠵᠤ ᠠᠬᠤᠢᠯᠠᠯ᠎ᠢ ᠵᠣᠬᠢᠴᠠᠭᠤᠯᠤᠨ ᠰᠦᠯᠵᠢᠶᠡᠨ᠎ᠤ ᠬᠤᠷᠳᠤᠴᠠ ᠪᠠᠨ ᠲᠦᠷᠬᠡᠳᠬᠡᠬᠦ ᠂ ᠤᠢᠯᠡᠴᠢᠯᠡᠬᠡ ᠪᠡᠨ ᠰᠠᠢᠵᠢᠷᠠᠭᠤᠯᠬᠤ ᠲᠠᠯ᠎ᠠ ᠵᠢᠨ ᠲᠠᠭᠠᠭᠠᠯᠳᠠ ᠵᠢᠨ ᠴᠢᠳᠠᠪᠤᠷᠢ᠎ᠵᠢ ᠨᠡᠮᠡᠭ᠌ᠳᠡᠭᠦᠯᠪᠠ᠃ 9 ᠲᠣᠮᠣ ᠬᠡᠯᠪᠡᠷᠢ᠎ᠶ᠋ᠢᠨ ᠪᠠᠷᠠᠭᠠᠨ᠎ᠤ ᠭᠦᠶ᠋ᠯᠭᠡᠭᠡ᠂ ᠲᠤᠬᠢᠷᠠᠭᠤᠯᠤᠨ ᠬᠦᠷᠭᠡᠬᠦ᠌ ᠠᠵᠤ ᠠᠬᠤᠢᠯᠠᠯ᠎ᠤᠨ ᠨᠡᠷᠡᠰ᠎ᠢ ᠬᠥᠳᠡᠯᠦᠩᠭᠦᠶ᠎ᠪᠡᠷ ᠲᠠᠨᠢᠯᠴᠠᠭᠤᠯᠤᠨ ᠬᠦᠷᠭᠡᠵᠦ᠍᠂ ᠡᠯᠧᠺᠲ᠋ᠷᠣᠨ ᠬᠤᠳᠠᠯᠳᠤᠭᠠᠨ᠎ᠤ ᠲᠠᠪᠴᠠᠩ ᠤ᠋ᠨ ᠵᠠᠬᠢᠶᠠᠯᠠᠭ᠎ᠠ ᠲᠣᠰᠭᠤ᠂ ᠢᠯᠭᠠᠬᠤ ᠪᠠ ᠲᠤᠬᠢᠷᠠᠭᠤᠯᠤᠨ ᠬᠦᠷᠭᠡᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠪᠠ᠃ ᠢᠳᠡᠱᠢᠨ ᠨᠣᠭᠣᠭ᠎ᠠ᠎ᠶ᠋ᠢᠨ ᠭᠠᠷᠤᠯᠲᠠ᠎ᠶ᠋ᠢᠨ ᠣᠷᠣᠨ ᠪᠠ ᠰᠠᠭᠤᠭᠠᠯᠢ ᠠᠷᠠᠳ ᠤ᠋ᠨ ᠲᠣᠭᠣᠷᠢᠭ᠎ᠤᠨ ᠮᠡᠳᠡᠭᠡ ᠵᠠᠩᠭᠢ᠎ᠶ᠋ᠢ ᠬᠣᠣᠰ ᠴᠢᠭ᠌ᠯᠡᠯ᠎ᠢᠶᠡᠷ ᠲᠠᠨᠢᠯᠴᠠᠭᠤᠯᠤᠨ ᠬᠦᠷᠭᠡᠵᠦ᠍᠂ ᠲᠤᠰ ᠭᠠᠵᠠᠷ᠎ᠤᠨ ᠢᠳᠡᠱᠢᠨ ᠨᠣᠭᠣᠭ᠎ᠠ᠎ᠶ᠋ᠢ ᠱᠢᠭᠤᠳ ᠰᠠᠭᠤᠭᠠᠯᠢ ᠠᠷᠠᠳ ᠤ᠋ᠨ ᠲᠣᠭᠣᠷᠢᠭ᠎ᠲᠤ ᠬᠠᠩᠭᠠᠬᠤ᠎ᠶ᠋ᠢ ᠠᠬᠢᠭᠤᠯᠪᠠ᠃ ᠲᠤᠤᠷ᠎ᠠ ᠲᠦᠭ᠌ᠰᠢᠭᠦᠷᠢᠳᠤ ᠭᠠᠵᠠᠷ ᠣᠷᠣᠨ᠎ᠤ ᠬᠠᠮ ᠳᠡᠯᠭᠡᠭᠦᠷ᠂ ᠲᠦᠷᠭᠡᠨ ᠬᠦᠷᠭᠡᠯᠳᠠ ᠵᠢᠨ ᠠᠵᠢᠯᠲᠠᠨ᠎ᠤ ᠠᠵᠢᠯ᠎ᠤᠨ ᠪᠠᠢᠷᠢ᠎ᠳᠠᠭᠠᠨ ᠪᠤᠴᠠᠬᠤ᠎ᠶ᠋ᠢ ᠪᠦᠯᠦᠭ ᠤᠳᠠᠭ᠎ᠠ ᠬᠤᠪᠢᠶᠠᠨ ᠵᠣᠬᠢᠴᠠᠭᠤᠯᠵᠤ᠂ ᠬᠠᠩᠭᠠᠯᠭ᠎ᠠ᠎ᠶ᠋ᠢ ᠪᠠᠲᠤᠯᠠᠬᠤ ᠬᠦᠴᠦᠨ᠎ᠢ ᠲᠡᠭᠦᠯᠳᠡᠷᠵᠢᠭᠦᠯᠪᠠ᠃ 11 ᠬᠡᠯᠬᠢᠶ᠎ᠡ ᠬᠠᠮ ᠳᠡᠯᠭᠡᠭᠦᠷ ᠪᠣᠯᠤᠨ ᠲᠦᠭᠦᠬᠡᠶ ᠰᠢᠨ᠎ᠠ ᠰᠣᠷᠭᠣᠭ ᠢᠳᠡᠭᠡᠨ᠎ᠦ ᠬᠡᠯᠬᠢᠶ᠎ᠡ ᠳᠡᠯᠭᠡᠭᠦᠷ᠎ᠦᠨ ᠣᠢᠷ᠎ᠠ ᠬᠠᠪᠢ᠎ᠳᠠᠭᠠᠨ ᠰᠠᠭᠤᠭᠠᠯᠢ ᠠᠷᠠᠳ ᠤ᠋ᠨ ᠲᠣᠭᠣᠷᠢᠭ᠎ᠤᠨ ᠲᠣᠬᠢᠷᠠᠭᠤᠯᠤᠨ ᠬᠦᠷᠭᠡᠬᠦ᠌᠎ᠳᠦ ᠣᠷᠣᠯᠴᠠᠬᠤ᠎ᠶ᠋ᠢ ᠠᠬᠢᠭᠤᠯᠬᠤ᠎ᠶ᠋ᠢᠨ ᠬᠠᠮᠲᠤ ᠲᠣᠬᠢᠷᠠᠭᠤᠯᠤᠨ ᠬᠦᠷᠭᠡᠬᠦ᠌ ᠠᠵᠢᠯᠲᠠᠨ᠎ᠤ ᠦᠶ᠋ᠯᠡᠴᠢᠯᠡᠭᠡᠨ᠎ᠦ ᠬᠡᠪᠴᠢᠶ᠎ᠡ᠎ᠶ᠋ᠢ ᠲᠣᠬᠢᠷᠠᠭᠤᠯᠤᠨ ᠱᠢᠯᠢᠳᠡᠭ᠌ᠵᠢᠭᠦᠯᠵᠦ᠍ ᠂ ᠬᠠᠮᠤᠭ᠎ᠤᠨ ᠶᠡᠬᠡ ᠴᠢᠷᠮᠠᠢᠯᠭᠠᠭᠠᠷᠭᠠᠵᠦ ᠲᠣᠬᠢᠷᠠᠭᠤᠯᠤᠨ ᠬᠦᠷᠭᠡᠬᠦ᠌ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠪᠠ᠃
ᠳᠥᠷᠪᠡ᠎ᠳᠦ᠂ ᠦᠨ᠎ᠡ ᠬᠠᠩᠰᠢ᠎ᠶ᠋ᠢᠨ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠪᠠ᠃ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ ᠦᠨ᠎ᠡ ᠬᠠᠩᠰᠢ᠎ᠶ᠋ᠢᠨ ᠲᠤᠰᠭᠠᠶ ᠬᠠᠤᠯᠢ ᠬᠡᠷᠡᠭ᠌ᠵᠢᠭᠦᠯᠦᠯᠲᠡ᠎ᠶ᠋ᠢ ᠱᠠᠯᠠᠪᠳᠠᠭᠤᠯᠤᠨ ᠵᠢᠯᠣᠭᠣᠳᠭᠤ 4ᠳᠤᠭᠤᠢᠯᠠᠩ ᠪᠠᠢᠭᠤᠯᠵᠤ᠂ ᠡᠳᠦᠷ ᠪᠦᠷᠢ ᠪᠥᠬᠥ᠌ ᠬᠣᠲᠠ᠎ᠶ᠋ᠢᠨ ᠭᠤᠤᠯᠳᠠᠯᠭ᠎ᠠ᠎ᠲᠠᠶ ᠲᠠᠸᠠᠷ᠎ᠤᠨ ᠦᠨ᠎ᠡ ᠬᠠᠩᠰᠢ᠎ᠶ᠋ᠢᠨ ᠬᠤᠪᠢᠷᠠᠯᠳᠠ ᠬᠠᠨᠳᠤᠰᠢ᠎ᠶ᠋ᠢ ᠵᠠᠳᠠᠯᠬᠤ᠎ᠪᠠᠷ ᠳᠠᠮᠵᠢᠭᠤᠯᠤᠨ᠂ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠬᠥᠳᠡᠯᠦᠯ ᠪᠠᠢᠳᠠᠯ᠂ ᠣᠯᠠᠨ ᠲᠦᠮᠡᠨ᠎ᠦ ᠵᠠᠭᠠᠯᠳᠤᠯᠭ᠎ᠠ ᠬᠢᠵᠦ᠍ ᠢᠯᠡᠴᠢᠯᠡᠨ ᠮᠡᠳᠡᠭᠦᠯᠬᠦ᠌᠂ ᠰᠦᠯᠵᠢᠶᠡᠨ᠎ᠦ ᠬᠢᠨᠠᠨ ᠬᠡᠮᠵᠢᠯᠲᠡ᠎ᠶ᠋ᠢᠨ ᠲᠣᠭ᠎ᠠ ᠪᠠᠷᠢᠮᠲᠠ ᠵᠡᠷᠭᠡ᠎ᠲᠡᠶ ᠤᠶᠠᠯᠳᠤᠭᠤᠯᠤᠨ᠂ ᠦᠨ᠎ᠡ ᠬᠠᠩᠰᠢ ᠬᠡᠲᠦ ᠲᠦᠷᠭᠡᠨ ᠥᠰᠦᠭ᠌ᠰᠡᠨ ᠲᠠᠸᠠᠷ᠎ᠢ ᠲᠤᠬᠠᠶ᠎ᠶ᠋ᠢᠨ ᠭᠠᠵᠠᠷ᠎ᠲᠤᠨᠢ ᠪᠠᠢᠴᠠᠭᠠᠬᠤ᠂ ᠢᠯᠡ᠎ᠪᠡᠷ ᠪᠠᠢᠴᠠᠭᠠᠵᠤ ᠳᠠᠯᠳᠠᠭᠤᠷ ᠰᠤᠷᠪᠤᠯᠵᠢᠯᠠᠯ ᠬᠢᠬᠦ᠂ ᠰᠦᠯᠵᠢᠶᠡᠨ ᠳᠡᠭᠡᠷᠡᠬᠢ ᠪᠠ ᠪᠤᠳᠠᠳᠤ ᠴᠤᠬᠴᠠ ᠵᠢ ᠤᠶᠠᠯᠳᠤᠭᠤᠯᠬᠤ ᠵᠡᠷᠭᠡ ᠬᠡᠯᠪᠡᠷᠢ᠎ᠪᠡᠷ ᠳᠠᠮᠵᠢᠭᠤᠯᠤᠨ ᠮᠥᠷᠳᠡᠨ ᠪᠠᠢᠴᠠᠭᠠᠵᠤ᠂ ᠡᠳᠦᠷ ᠪᠦᠷᠢ ᠲᠣᠬᠢᠷᠠᠭᠤᠯᠤᠯᠲᠠ ᠬᠢᠵᠦ᠍᠂ ᠴᠠᠭ ᠲᠤᠬᠠᠶ᠎ᠳᠤᠨᠢ ᠱᠢᠶ᠋ᠳᠪᠦᠷᠢᠯᠡᠪᠠ᠃ 10 ᠰᠠᠷ᠎ᠠ᠎ᠶ᠋ᠢᠨ 1 ᠤ᠋ ᠡᠳᠦᠷ᠎ᠡᠴᠡ ᠣᠲᠣ ᠪᠣᠯᠲᠠᠯ᠎ᠠ᠂ ᠬᠠᠤᠯᠢ ᠬᠡᠷᠡᠭ᠌ᠵᠢᠭᠦᠯᠬᠦ᠌ ᠠᠵᠢᠯᠲᠠᠨ᠎ᠢ ᠨᠡᠢᠲᠡ 9443 ᠬᠥᠮᠦᠨ ᠤᠳᠠᠭ᠎ᠠ ᠬᠥᠳᠡᠯᠭᠡᠵᠦ᠍᠂ ᠡᠯ᠎ᠡ ᠲᠥᠷᠥᠯ᠎ᠦᠨ ᠡᠵᠡᠩᠨᠡᠯᠲᠡ᠎ᠶ᠋ᠢᠨ ᠬᠤᠳᠠᠯᠳᠤᠭᠠᠨ᠎ᠤ ᠡᠷᠦᠬᠡ᠎ᠶ᠋ᠢ 10895 ᠪᠠᠢᠴᠠᠭᠠᠵᠤ᠂ ᠲᠤᠬᠠᠶ᠎ᠶ᠋ᠢᠨ ᠲᠠᠯᠠᠪᠠᠶ᠎ᠳᠤ ᠵᠠᠷᠯᠢᠭ᠍ᠳᠠᠵᠤ ᠬᠠᠯᠠᠨ ᠰᠠᠢᠵᠢᠷᠠᠭᠤᠯᠬᠤ ᠮᠡᠳᠡᠭ᠌ᠳᠡᠯ᠎ᠢ 310 ᠭᠠᠷᠤᠶ ᠬᠤᠪᠢ ᠪᠠᠭᠤᠯᠭᠠᠵᠤ᠂ 6 ᠬᠡᠷᠡᠭ᠎ᠢ ᠬᠡᠷᠡᠭ ᠪᠣᠯᠭᠠᠨ ᠳᠡᠩᠰᠡᠯᠡᠵᠦ᠍᠂ ᠰᠢᠢᠳᠭᠡᠨ ᠲᠤᠷᠭᠠᠬᠰᠠᠨ ᠵᠤᠭᠤᠰ 41 ᠲᠦᠮᠡᠨ ᠲᠥᠭᠥᠷᠢᠭ ᠲᠦ᠍ ᠬᠦᠷᠴᠠᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃