2022-11-04 09:52:10
11 ᠰᠠᠷ᠎ᠠ᠎ᠶ᠋ᠢᠨ 3 ᠤ᠋ ᠡᠳᠦᠷ ᠬᠤᠷᠠᠯᠳᠤᠭ᠍ᠰᠠᠨ ᠬᠥᠬᠡᠬᠣᠲᠠ᠎ᠶ᠋ᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠰᠣᠨᠢᠨ ᠮᠡᠳᠡᠭᠡ ᠨᠡᠢᠲᠡᠯᠡᠬᠦ᠌ ᠬᠤᠷᠠᠯ ( 68 ᠳ᠋ᠤᠭᠠᠷ ᠲᠠᠯᠠᠪᠠᠶ) ᠡᠴᠡ ᠣᠢᠯᠠᠭᠠᠭ᠍ᠰᠠᠨ᠎ᠢᠶᠠᠷ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢ ᠨᠢᠭᠡᠳᠦᠯᠲᠡᠶ ᠲᠥᠯᠥᠪᠵᠢᠭᠦᠯᠵᠦ᠍᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌᠂ ᠠᠷᠠᠳ᠎ᠤᠨ ᠠᠮᠢᠳᠤᠷᠠᠯ᠎ᠢ ᠴᠤ᠌ ᠭᠦᠶ᠋ᠴᠡᠳ ᠪᠠᠲᠤᠯᠠᠬᠤ ᠬᠠᠷᠠᠯᠲᠠ᠎ᠶ᠋ᠢ ᠪᠡᠶᠡᠯᠡᠭᠦᠯᠬᠦ᠌᠎ᠶ᠋ᠢᠨ ᠲᠥᠯᠥᠭᠡ᠂ ᠬᠥᠬᠡᠬᠣᠲᠠ ᠳᠤᠤᠷ᠎ᠠ ᠲᠦᠭ᠌ᠰᠢᠭᠦᠷᠢᠳᠤ ᠰᠠᠭᠤᠭᠠᠯᠢ ᠠᠷᠠᠳ ᠤ᠋ᠨ ᠲᠣᠭᠣᠷᠢᠭ᠎ᠤᠨ ᠬᠠᠮ ᠳᠡᠯᠭᠡᠭᠦᠷ᠂ ᠲᠥᠬᠥᠮ ᠦᠵᠡᠭᠦᠯᠬᠦ ᠳᠡᠯᠭᠡᠭᠦᠷ᠎ᠢ ᠨᠡᠭᠡᠭᠡᠭ᠌ᠰᠡᠨ ᠰᠠᠭᠤᠷᠢᠨ ᠳᠡᠭᠡᠷ᠎ᠡ᠂ ᠳᠤᠮᠳᠠ ᠲᠦᠭ᠌ᠰᠢᠭᠦᠷᠢᠳᠤ ᠰᠠᠭᠤᠭᠠᠯᠢ ᠠᠷᠠᠳ ᠤ᠋ᠨ ᠲᠣᠭᠣᠷᠢᠭ᠎ᠤᠨ ᠬᠠᠮ ᠳᠡᠯᠭᠡᠭᠦᠷ ᠪᠠ ᠲᠥᠬᠥᠮ ᠦᠵᠡᠭᠦᠯᠬᠦ ᠳᠡᠯᠭᠡᠭᠦᠷ᠎ᠢ ᠨᠡᠭᠡᠭᠡᠬᠦ᠌᠎ᠪᠡᠷ ᠲᠣᠭ᠍ᠲᠠᠪᠠ᠃
ᠨᠡᠭᠡᠭᠡᠬᠦ ᠣᠷᠣᠨ ᠪᠦᠰᠡ᠎ᠨᠢ ᠬᠣᠲᠠ᠎ᠶ᠋ᠢᠨ ᠳᠥᠷᠪᠡᠨ ᠲᠣᠭᠣᠷᠢᠭ᠂ ᠠᠵᠤ ᠠᠬᠤᠶ ᠮᠡᠷᠭᠡᠵᠢᠯ᠎ᠦᠨ ᠨᠡᠭᠡᠭᠡᠯᠲᠡ᠎ᠶ᠋ᠢᠨ ᠤᠷᠤᠨ ᠪᠠ ᠲᠦᠮᠡᠳ ᠵᠡᠭᠦᠨ ᠬᠣᠱᠢᠭᠤᠨᠤᠶ᠋ᠢᠨᠴᠤᠸᠠᠨ ᠤᠷᠤᠨ ᠳᠡᠬᠢ ᠳᠤᠮᠳᠠ ᠲᠦᠭ᠌ᠰᠢᠭᠦᠷᠢᠳᠤ ᠰᠠᠭᠤᠭᠠᠯᠢ ᠠᠷᠠᠳ ᠤ᠋ᠨ ᠲᠣᠭᠣᠷᠢᠭ᠎ᠤᠨ ᠬᠠᠮ ᠳᠡᠯᠭᠡᠭᠦᠷ ᠪᠠ ᠲᠥᠬᠥᠮ ᠦᠵᠡᠭᠦᠯᠬᠦ ᠳᠡᠯᠭᠡᠭᠦᠷ ᠪᠣᠯᠤᠨ᠎ᠠ᠃ 11 ᠰᠠᠷ᠎ᠠ᠎ᠶ᠋ᠢᠨ 3 ᠤ᠋ ᠡᠳᠦᠷ᠎ᠡᠴᠡ ᠡᠬᠢᠯᠡᠨ᠂ ᠳᠤᠮᠳᠠ ᠲᠦᠭ᠌ᠰᠢᠭᠦᠷᠢᠳᠤ ᠰᠠᠭᠤᠭᠠᠯᠢ ᠠᠷᠠᠳ ᠤ᠋ᠨ ᠲᠣᠭᠣᠷᠢᠭ᠎ᠤᠨ ᠳᠣᠲᠣᠷᠠᠬᠢ ᠬᠠᠮ ᠳᠡᠯᠭᠡᠭᠦᠷ᠂ ᠳᠦᠭᠦᠮ ᠦᠵᠡᠭᠦᠯᠬᠦ ᠳᠡᠯᠭᠡᠭᠦᠷ ᠡᠵᠡᠩᠨᠡᠯᠲᠡ᠎ᠪᠡᠨ ᠰᠡᠷᠭᠦᠭᠡᠬᠦ᠌᠎ᠳᠡᠭᠡᠨ ᠲᠣᠰ ᠰᠠᠭᠤᠭᠠᠯᠢ ᠠᠷᠠᠳ ᠤ᠋ᠨ ᠲᠣᠭᠣᠷᠢᠭ᠎ᠤᠨ ᠴᠡᠭ ᠪᠠᠢᠷᠢ᠎ᠶ᠋ᠢᠨ ᠳᠠᠷᠤᠭ᠎ᠠ᠎ᠳᠤ ᠭᠤᠶᠤᠴᠢᠯᠠᠯ ᠭᠠᠷᠭᠠᠵᠤ᠂ ᠬᠠᠷᠢᠶ᠎ᠠ ᠭᠠᠵᠠᠷ᠎ᠤᠨ ᠨᠡᠢᠭᠡᠮ ᠲᠣᠭᠣᠷᠢᠭ᠎ᠲᠤ ᠮᠡᠳᠡᠭᠦᠯᠦᠨ ᠵᠥᠪᠱᠢᠶᠡᠷᠡᠭᠦᠯᠵᠦ᠍ ᠳᠠᠩᠰᠠᠯᠠᠭᠤᠯᠤᠭ᠍ᠰᠠᠨ᠎ᠤ ᠳᠠᠷᠠᠭ᠎ᠠ ᠨᠡᠬᠡᠬᠡᠵᠤ ᠪᠣᠯᠤᠨ᠎ᠠ; ᠠᠵᠢᠯᠯᠠᠬᠤ ᠬᠥᠮᠦᠰ ᠨᠢ ᠳᠤᠮᠳᠠ ᠳᠦᠭᠰᠢᠭᠦᠷᠢ᠎ᠳᠤ ᠰᠠᠭᠤᠭᠠᠯᠢ ᠠᠷᠠᠳ ᠤ᠋ᠨ ᠲᠣᠭᠣᠷᠢᠭ᠎ᠲᠤ ᠰᠠᠭᠤᠵᠤ ᠪᠠᠢᠬᠤ ᠬᠡᠷᠡᠭ᠌ᠲᠡᠶ᠂ ᠡᠭᠦᠨ ᠳ᠋ᠤ ᠳᠤᠮᠳᠠ ᠳᠦᠭᠰᠢᠭᠦᠷᠢ᠎ᠳᠤ ᠰᠠᠭᠤᠭᠠᠯᠢ ᠠᠷᠠᠳ ᠤ᠋ᠨ ᠲᠣᠭᠣᠷᠢᠭ᠎ᠤᠨ ᠪᠢᠲᠡᠭᠦᠮᠵᠢᠯᠡᠨ ᠡᠵᠡᠮᠳᠡᠵᠦ᠍ ᠪᠠᠢᠭ᠎ᠠ ᠨᠢᠭᠡᠴᠢ ᠪᠠ ᠠᠰᠠᠷ ᠢ᠋ ᠪᠠᠭᠳᠠᠭᠠᠬᠤ ᠦᠭᠡᠢ; ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠱᠠᠭᠠᠷᠳᠠᠯᠭ᠎ᠠ᠄ ᠠᠵᠢᠯᠯᠠᠬᠤ ᠬᠦᠮᠦᠰ ᠬᠠᠮᠠᠭᠠᠯᠠᠯᠲᠠ᠎ᠶ᠋ᠢᠨ ᠬᠤᠪᠴᠠᠰᠤ ᠡᠮᠦᠰᠴᠦ᠍᠂ N95 ᠠᠮᠠᠪᠴᠢ ᠪᠠ ᠪᠡᠭᠡᠯᠡᠶ ᠵᠡᠭᠦᠵᠦ᠍ ᠠᠵᠢᠯᠯᠠᠬᠤ ᠬᠡᠷᠡᠭ᠌ᠲᠡᠶ᠃
ᠡᠳᠦᠷ ᠪᠦᠷᠢ ᠠᠵᠢᠯᠯᠠᠬᠤ ᠡᠴᠡ ᠪᠠᠨ ᠡᠮᠦᠨ᠎ᠡ ᠨᠢᠭᠡ ᠤᠳᠠᠭ᠎ᠠ ᠠᠨᠲ᠋ᠢᠪᠤᠳᠢ᠎ᠶᠢᠨ ᠤᠷᠪᠠᠯ᠎ᠤᠨ ᠪᠠᠢᠴᠠᠭᠠᠯᠳᠠ ᠬᠢᠬᠦ᠎ᠶᠢᠨ ᠲᠠᠭᠠᠤ ᠡᠮᠦᠨ᠎ᠠ ᠡᠳᠦᠷ᠎ᠤᠨ ᠵᠢᠡᠨ ᠪᠥᠭᠡᠮ ᠬᠦᠴᠢᠯ᠎ᠦᠨ ᠪᠠᠢᠴᠠᠭᠠᠯᠲᠠ ᠵᠢ ᠪᠠᠢᠴᠠᠭᠠᠨ ᠦᠵᠡᠵᠤ᠂ ᠲᠤᠰ ᠬᠤᠶᠠᠷ ᠵᠤᠢᠯ ᠤ᠋ᠨ ᠪᠠᠢᠴᠠᠭᠠᠯᠲᠠ ᠵᠢᠨ ᠦᠷ᠎ᠡ ᠳ᠋ᠦᠩ᠎ᠨᠢ ᠴᠥᠮ ᠪᠢᠯᠢᠭ ᠴᠢᠨᠠᠷᠲᠠᠶ ᠪᠠᠢᠪᠠᠯ ᠰᠠᠶᠢ ᠠᠵᠢᠯ᠎ᠤᠨ ᠪᠠᠢᠷᠢ᠎ᠳᠤ ᠭᠠᠷᠬᠤ ᠬᠢᠷᠢ ᠬᠡᠮ᠎ᠢ ᠪᠦᠷᠢᠯᠳᠦᠭᠦᠯᠦᠨ᠎ᠡ᠂ ᠬᠡᠷᠪᠡ ᠠᠷᠭ᠎ᠠ ᠴᠢᠨᠠᠷ ᠢᠯᠡᠷᠡᠪᠡᠯ ᠬᠠᠷᠢᠶ᠎ᠠ ᠭᠠᠵᠠᠷ᠎ᠤᠨ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ᠌ ᠰᠠᠯᠠᠭ᠎ᠠ ᠮᠥᠴᠢᠷ ᠪᠣᠯᠤᠨ ᠴᠡᠭ ᠪᠠᠢᠷᠢ ᠵᠢᠨ ᠳᠠᠷᠤᠭ᠎ᠠ᠎ᠳᠤ ᠳᠠᠷᠤᠶ ᠲᠦᠷᠭᠡᠨ ᠮᠡᠳᠡᠭᠦᠯᠵᠦ᠍᠂ ᠤᠤᠯ ᠭᠠᠵᠠᠷ ᠲᠠᠭᠠᠨ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ᠌ ᠰᠠᠯᠠᠭ᠎ᠠ ᠮᠥᠴᠢᠷ᠎ᠦᠨ ᠱᠢᠶ᠋ᠳᠪᠦᠷᠢᠯᠡᠬᠦ᠌᠎ᠶ᠋ᠢ ᠬᠦᠯᠢᠶᠡᠬᠦ ᠬᠡᠷᠡᠭᠳᠠᠢ᠃ ᠡᠳᠦᠷ ᠪᠦᠷᠢ ᠲᠣᠭ᠍ᠲᠠᠭᠠᠯ ᠶᠣᠰᠣᠭᠠᠷ ᠵᠠᠪᠠᠯ ᠨᠢᠭᠡ ᠤᠳᠠᠭ᠎ᠠ ᠪᠥᠭᠡᠮ ᠬᠦᠴᠢᠯ᠎ᠦᠨ ᠪᠠᠢᠴᠠᠭᠠᠯᠲᠠ᠂ ᠬᠣᠶᠠᠷ ᠤᠳᠠᠭ᠎ᠠ ᠵᠢᠨ ᠠᠨᠲ᠋ᠢᠪᠤᠳᠢ᠎ᠶᠢᠨ ᠤᠷᠪᠠᠯ᠎ᠤᠨ ᠪᠠᠢᠴᠠᠭᠠᠯᠲᠠ ᠬᠢᠬᠦ ᠭᠡᠷᠡᠭᠳᠠᠢ᠃ ᠬᠠᠷᠢᠶ᠎ᠠ ᠭᠠᠵᠠᠷ᠎ᠤᠨ ᠵᠠᠰᠠᠭ᠎ᠤᠨ ᠣᠷᠳᠣᠨ ᠨᠡᠭᠦᠳᠡᠯ ᠪᠥᠭᠡᠮ ᠬᠦᠴᠢᠯ᠎ᠦᠨ ᠪᠠᠢᠴᠠᠭᠠᠯᠳᠠ ᠵᠢᠨ ᠲᠡᠷᠭᠡ᠎ᠶ᠋ᠢ ᠳᠡᠯᠭᠡᠭᠦᠷ᠎ᠲᠦ ᠣᠴᠢᠭᠤᠯᠤᠨ ᠪᠠᠢᠴᠠᠭᠠᠬᠤ ᠵᠢᠨ ᠬᠠᠮᠲᠤ ᠠᠨᠲ᠋ᠢᠪᠤᠳᠢ᠎ᠶᠢᠨ ᠤᠷᠪᠠᠯ᠎ᠤᠨ ᠪᠠᠢᠴᠠᠭᠠᠨ ᠬᠡᠮᠵᠢᠯᠳᠠ᠎ᠶᠢᠨ ᠤᠷᠪᠠᠯᠵᠢ᠎ᠶᠢᠨ ᠬᠠᠢᠷᠴᠠᠭ ᠣᠯᠭᠣᠬᠤ᠎ᠶ᠋ᠢ ᠬᠠᠷᠢᠭᠤᠴᠠᠬᠤ ᠭᠡᠷᠡᠭᠳᠠᠢ᠃ ᠠᠵᠢᠯᠯᠠᠵᠤ ᠪᠠᠢᠭ᠎ᠠ ᠬᠥᠮᠦᠰ ᠲᠤ᠌ ᠪᠢᠲᠡᠭᠦᠮᠵᠢᠯᠡᠭᠰᠡᠨ ᠬᠠᠮᠢᠶᠠᠷᠤᠯᠲᠠ᠎ᠶ᠋ᠢ ᠬᠡᠷᠡᠭ᠌ᠵᠢᠭᠦᠯᠵᠦ᠍᠂ ᠲᠣᠰ ᠰᠠᠭᠤᠭᠠᠯᠢ ᠠᠷᠠᠳ ᠤ᠋ᠨ ᠲᠣᠭᠣᠷᠢᠭ᠎ᠡᠴᠡ ᠪᠡᠨ ᠭᠠᠷᠴᠤ ᠪᠣᠯᠬᠤ ᠥᠬᠡᠶ; ᠰᠠᠭᠤᠭᠠᠯᠢ ᠠᠷᠠᠳ᠎ᠤᠨ ᠲᠣᠭᠣᠷᠢᠭ᠎ᠲᠤ ᠪᠠᠷᠠᠭ᠎ᠠ ᠬᠤᠳᠠᠯᠳᠤᠨ ᠠᠪᠬᠤ᠎ᠳᠤ ᠠᠰᠠᠷ᠎ᠢᠶᠠᠷ ᠨᠢᠭᠡᠴᠢ ᠪᠣᠯᠭᠠᠵᠤ᠂ ᠣᠷᠭᠢᠯ᠎ᠤᠨ ᠬᠤᠭᠤᠴᠠᠭ᠎ᠠ᠎ᠶ᠋ᠢ ᠵᠥᠷᠢᠭᠦᠯᠬᠦ᠌ ᠠᠷᠭ᠎ᠠ ᠮᠠᠶᠢᠭ᠎ᠢ ᠠᠪᠴᠤ᠌᠂ ᠳᠡᠯᠭᠡᠭᠦᠷ᠎ᠦᠨ ᠭᠠᠳᠠᠨ᠎ᠠ ᠮᠥᠷᠯᠡᠬᠦ᠌᠂ ᠠᠮᠤᠷ ᠲᠦᠪᠱᠢᠨ᠎ᠦ ᠵᠠᠶ᠎ᠶ᠋ᠢ ᠪᠠᠲᠤᠯᠠᠬᠤ᠂ ᠺᠣᠳ᠋ ᠱᠢᠷᠪᠢᠵᠦ᠍ ᠰᠦᠶ᠋ᠳᠭᠡᠯ ᠲᠤᠱᠢᠶᠠᠬᠤ᠂ ᠦᠯᠤ ᠬᠦᠷᠦᠯᠴᠡᠬᠦ ᠮᠠᠶᠢᠭ ᠵᠢᠡᠷ ᠲᠠᠸᠠᠷ ᠲᠤᠱᠢᠶᠠᠬᠤ ᠪᠠ ᠭᠥᠯᠢᠶᠡᠨ ᠠᠪᠬᠤ ᠵᠡᠷᠭᠡ ᠱᠠᠭᠠᠷᠳᠠᠯᠭ᠎ᠠ᠎ᠶ᠋ᠢ ᠴᠢᠩᠭ᠎ᠠ ᠵᠢᠷᠤᠮᠯᠠᠨ᠂ ᠠᠮᠤᠷ ᠲᠦᠪᠱᠢᠨ᠎ᠢ ᠦᠨᠡᠨ ᠬᠦ᠌ ᠪᠠᠲᠤᠯᠠᠬᠤ ᠬᠡᠷᠡᠭ᠌ᠲᠡᠶ᠃ ᠰᠠᠭᠤᠭᠠᠯᠢ ᠠᠷᠠᠳ ᠤ᠋ᠨ ᠲᠣᠭᠣᠷᠢᠭ᠎ᠤᠨ ᠳᠥᠭᠥᠮ ᠦᠵᠡᠭᠦᠯᠬᠦ ᠳᠡᠯᠭᠡᠭᠦᠷ᠎ᠦᠨ ᠡᠮᠬᠢ ᠳᠢᠭ᠌ᠯᠢᠮ᠎ᠢ ᠬᠠᠮᠠᠭᠠᠯᠠᠬᠤ ᠪᠠ ᠬᠠᠮᠢᠶᠠᠷᠬᠤ ᠶᠠᠪᠤᠳᠠᠯ᠎ᠢ ᠬᠠᠷᠢᠶ᠎ᠠ ᠭᠠᠵᠠᠷ᠎ᠤᠨ ᠤᠷᠤᠨ ᠪᠠᠢᠷᠢ᠎ᠡᠴᠡ ᠲᠤᠰᠭᠠᠶ ᠬᠥᠮᠦᠨ ᠵᠢᠭᠠᠨ ᠲᠣᠭ᠍ᠲᠠᠭᠠᠵᠤ ᠬᠠᠮᠢᠶᠠᠷᠤᠭᠤᠯᠬᠤ ᠬᠡᠷᠡᠭ᠌ᠲᠡᠶ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠴᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃