ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠮᠡᠳᠡᠭᠡᠯᠡᠯ

2022-11-03 10:49:23

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠬᠥᠬᠡᠬᠣᠲᠠ᠎ᠶ᠋ᠢᠨ ᠬᠢᠵᠢᠭ᠎ᠦ᠋ᠨ ᠪᠠᠢᠳᠠᠯ᠎ᠢ᠋ ᠰᠡᠷᠭᠡᠢᠯᠡᠨ ᠡᠵᠡᠮᠳᠡᠬᠦ ᠠᠵᠢᠯ᠎ᠤ᠋ᠨ ᠰᠣᠨᠢᠨ ᠮᠡᠳᠡᠭᠡ ᠨᠡᠢᠲᠡᠯᠡᠬᠦ ᠬᠤᠷᠠᠯ ( 67 ᠳ᠋ᠤᠭᠠᠷ ᠲᠠᠯᠠᠪᠠᠢ ) ᠎ᠤᠨ ᠨᠡᠢᠲᠡᠯᠡᠭᠰᠡᠨ᠎ᠢ᠋ᠶ᠋ᠡᠷ᠂ ᠬᠢᠵᠢᠭ᠎ᠦ᠋ᠨ ᠪᠠᠢᠳᠠᠯ᠎ᠢ᠋ ᠰᠡᠷᠭᠡᠢᠯᠡᠨ ᠡᠵᠡᠮᠳᠡᠬᠦ ᠪᠠ ᠠᠵᠤ ᠠᠬᠤᠢ ᠨᠡᠢᠭᠡᠮ᠎ᠦ᠋ᠨ ᠬᠥᠭᠵᠢᠯᠲᠡ᠎ᠶ᠋ᠢ ᠨᠡᠩ ᠰᠠᠢᠲᠤᠷ ᠨᠢᠭᠡᠳᠦᠯᠲᠡᠢ ᠲᠥᠯᠥᠪᠵᠢᠭᠦᠯᠵᠦ᠂ ᠬᠡᠰᠡᠭ ᠰᠠᠭᠤᠭᠠᠯᠢ ᠠᠷᠠᠳ᠎ᠤ᠋ᠨ ᠲᠣᠭᠣᠷᠢᠭ᠎ᠤ᠋ᠨ ᠬᠡᠪ᠎ᠦ᠋ᠨ ᠠᠮᠢᠳᠤᠷᠠᠯ᠎ᠤ᠋ᠨ ᠡᠮᠬᠢ ᠳᠢᠭᠯᠢᠮ᠎ᠢ᠋ ᠠᠯᠬᠤᠮ ᠠᠯᠬᠤᠮ᠎ᠢ᠋ᠶ᠋ᠠᠷ ᠰᠡᠷᠭᠦᠭᠡᠬᠦ᠎ᠶ᠋ᠢ ᠠᠬᠢᠭᠤᠯᠬᠤ᠎ᠶ᠋ᠢᠨ ᠲᠤᠰᠠᠳᠠ᠂ ᠬᠠᠮᠢᠶᠠᠷᠴᠤ ᠡᠵᠡᠮᠳᠡᠬᠦ ᠠᠷᠭ᠎ᠠ ᠬᠡᠮᠵᠢᠶ᠎ᠡ᠎ᠳ᠋ᠦ᠍ ᠲᠣᠬᠢᠷᠠᠭᠤᠯᠤᠯᠲᠠ ᠬᠢᠬᠦ ᠲᠤᠬᠠᠢ ᠬᠥᠬᠡᠬᠣᠲᠠ᠎ᠶ᠋ᠢᠨ ᠬᠢᠵᠢᠭ᠎ᠦ᠋ᠨ ᠪᠠᠢᠳᠠᠯ᠎ᠢ᠋ ᠰᠡᠷᠭᠡᠢᠯᠡᠨ ᠡᠵᠡᠮᠳᠡᠬᠦ ᠠᠵᠢᠯ᠎ᠤ᠋ᠨ ᠵᠢᠯᠣᠭᠣᠳᠬᠤ ᠭᠠᠵᠠᠷ᠎ᠤ᠋ᠨ ᠠᠯᠪᠠᠨ ᠵᠠᠷᠯᠠᠯ ( 2022 ᠣᠨ᠎ᠤ᠋ 118 ᠳ᠋ᠤᠭᠠᠷ ᠲᠣᠭᠠᠲᠤ ) ᠎ᠢ ᠦᠨᠳᠦᠰᠦᠯᠡᠨ᠂ ᠬᠥᠬᠡᠬᠣᠲᠠ ᠬᠢᠵᠢᠭ ᠦᠭᠡᠢ ᠰᠠᠭᠤᠭᠠᠯᠢ ᠲᠣᠭᠣᠷᠢᠭ᠎ᠢ᠋ ᠳᠤᠲᠤᠷᠬᠠᠢᠯᠠᠨ ᠲᠣᠭᠲᠠᠭᠠᠬᠤ ᠠᠵᠢᠯ᠎ᠢ᠋ ᠥᠷᠨᠢᠭᠦᠯᠪᠡ᠃

ᠣᠳᠣᠬᠠᠨ ᠪᠣᠯᠲᠠᠯ᠎ᠠ᠂ ᠨᠡᠢᠭᠡᠮ ᠲᠣᠭᠣᠷᠢᠭ᠎ᠤ᠋ᠨ ᠭᠤᠶᠤᠴᠢᠯᠠᠭᠰᠠᠨ᠂ ᠬᠠᠷᠢᠶ᠎ᠠ ᠭᠠᠵᠠᠷ᠎ᠤ᠋ᠨ ᠬᠢᠵᠢᠭ᠎ᠦ᠋ᠨ ᠪᠠᠢᠳᠠᠯ᠎ᠢ᠋ ᠰᠡᠷᠭᠡᠢᠯᠡᠨ ᠡᠵᠡᠮᠳᠡᠬᠦ ᠵᠢᠯᠣᠭᠣᠳᠬᠤ ᠭᠠᠵᠠᠷ᠎ᠤ᠋ᠨ ᠦᠨᠡᠯᠡᠨ ᠵᠢᠱ᠌ᠢᠵᠦ ᠲᠣᠭᠲᠠᠭᠠᠭᠰᠠᠨ ᠲᠦᠷᠦᠭᠦᠦ ᠪᠦᠯᠦᠭ ᠬᠢᠵᠢᠭ ᠦᠭᠡᠢ ᠰᠠᠭᠤᠭᠠᠯᠢ ᠲᠣᠭᠣᠷᠢᠭ ᠨᠡᠢᠲᠡ 47 ᠪᠠᠢᠵᠤ᠂ ᠡᠳᠡᠭᠡᠷ ᠰᠠᠭᠤᠭᠠᠯᠢ ᠲᠤᠭᠤᠷᠢᠭ ᠲᠤ᠌ ᠡᠳᠦᠷ ᠪᠦᠷᠢ 1 ᠬᠥᠮᠦᠨ ᠨᠢ ᠣᠷᠣᠵᠤ ᠭᠠᠷᠬᠤ ᠺᠠᠷᠲ᠎ᠢ᠋ᠶ᠋ᠠᠷ 1 ᠤᠳᠠᠭ᠎ᠠ ᠰᠠᠭᠤᠭᠠᠯᠢ ᠲᠣᠭᠣᠷᠢᠭ᠎ᠲᠠᠭᠠᠨ ᠤᠷᠤᠵᠤ ᠭᠠᠷᠴᠤ ᠪᠤᠯᠬᠤ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ᠎ᠶ᠋ᠢ ᠬᠡᠷᠡᠭᠵᠢᠭᠦᠯᠪᠡ᠃ ᠬᠣᠢᠰᠢᠳᠠ ᠬᠢᠨᠠᠨ ᠬᠠᠷᠭᠤᠭᠤᠯᠤᠭᠰᠠᠨ ᠪᠠᠢᠳᠠᠯ᠎ᠢ᠋ ᠦᠨᠳᠦᠰᠦᠯᠡᠨ ᠬᠢᠵᠢᠭ ᠥᠬᠡᠢ ᠰᠠᠭᠤᠭᠠᠯᠢ ᠲᠣᠭᠣᠷᠢᠭ᠎ᠤ᠋ᠨ ᠨᠡᠷᠡᠰ᠎ᠢ᠋ ᠦᠷᠭᠦᠯᠵᠢᠯᠡᠨ ᠨᠡᠢᠲᠡᠯᠡᠬᠦ᠎ᠪᠡᠷ ᠪᠣᠢ᠃ ᠬᠢᠵᠢᠭ ᠥᠬᠡᠢ ᠰᠠᠭᠤᠭᠠᠯᠢ ᠲᠣᠭᠣᠷᠢᠭ᠎ᠲᠤ᠌ ᠬᠥᠳᠡᠯᠦᠩᠭᠦᠢ ᠬᠠᠮᠢᠶᠠᠷᠤᠯᠲᠠ᠎ᠶ᠋ᠢ ᠬᠡᠷᠡᠭᠵᠢᠭᠦᠯᠵᠦ᠂ ᠬᠢᠵᠢᠭ ᠥᠬᠡᠢ ᠰᠠᠭᠤᠭᠠᠯᠢ ᠲᠣᠭᠣᠷᠢᠭ᠎ᠤ᠋ᠨ ᠨᠡᠷᠡᠰ᠎ᠲᠦ᠍ ᠣᠷᠣᠭᠰᠠᠨ ᠪᠣᠯᠪᠠᠴᠤ ᠰᠡᠭᠦᠯᠴᠢ᠎ᠶ᠋ᠢᠨ ᠬᠤᠭᠤᠴᠠᠭᠠᠨ᠎ᠳ᠋ᠤ᠌ ᠪᠠᠷᠢᠮᠵᠢᠶ᠎ᠠ᠎ᠳ᠋ᠤ᠌ ᠨᠡᠢᠴᠡᠬᠦ ᠥᠬᠡᠢ ᠪᠣᠯ ᠡᠷᠡᠰ ᠪᠤᠴᠠᠭᠠᠨ ᠭᠠᠷᠭᠠᠬᠤ ᠬᠡᠷᠡᠭᠲᠡᠢ ᠭᠡᠵᠡᠢ᠃

ᠬᠢᠵᠢᠭ᠎ᠦ᠋ᠨ ᠪᠠᠢᠳᠠᠯ᠎ᠢ᠋ ᠰᠡᠷᠭᠡᠢᠯᠡᠨ ᠡᠵᠡᠮᠳᠡᠬᠦ ᠪᠠᠢᠳᠠᠯ᠎ᠤ᠋ᠨ ᠬᠦᠨᠳᠦ ᠬᠡᠴᠡᠭᠦᠦ ᠴᠢᠨᠠᠷ᠂ ᠪᠤᠳᠤᠯᠢᠶᠠᠨᠲᠤ ᠴᠢᠨᠠᠷ ᠪᠠ ᠳᠠᠬᠢᠨ ᠳᠠᠪᠲᠠᠬᠤ ᠴᠢᠨᠠᠷ᠎ᠢ᠋ ᠦᠨᠳᠦᠰᠦᠯᠡᠨ᠂ ᠥᠷᠭᠡᠨ ᠣᠯᠠᠨ ᠬᠣᠲᠠ᠎ᠶ᠋ᠢᠨ ᠠᠷᠠᠳ ᠡᠷᠬᠡᠪᠰᠢ ᠬᠢᠵᠢᠭ᠎ᠦ᠋ᠨ ᠪᠠᠢᠳᠠᠯ᠎ᠢ᠋ ᠰᠡᠷᠭᠡᠢᠯᠡᠨ ᠡᠵᠡᠮᠳᠡᠬᠦ ᠡᠨᠡᠬᠦ ᠦᠨᠳᠦᠰᠦᠨ ᠭᠣᠭᠴᠣᠭ᠎ᠠ᠎ᠶ᠋ᠢ ᠦᠷᠭᠦᠯᠵᠢᠯᠡᠨ ᠴᠢᠩᠭ᠎ᠠ ᠠᠳᠬᠤᠵᠤ᠂ ᠬᠢᠵᠢᠭ ᠥᠬᠡᠢ ᠰᠠᠭᠤᠭᠠᠯᠢ ᠲᠣᠭᠣᠷᠢᠭ᠎ᠤ᠋ᠨ ᠢᠷᠠᠭᠤ ᠠᠯᠳᠠᠷ᠎ᠢ᠋ᠶ᠋ᠠᠨ ᠨᠠᠨᠳᠢᠩᠨᠠᠨ᠂ ᠬᠢᠵᠢᠭ᠎ᠦ᠋ᠨ ᠪᠠᠢᠳᠠᠯ᠎ᠢ᠋ ᠰᠡᠷᠭᠡᠢᠯᠡᠨ ᠡᠵᠡᠮᠳᠡᠬᠦ ᠲᠣᠭᠲᠠᠭᠠᠯ᠎ᠢ᠋ ᠴᠢᠩᠭ᠎ᠠ ᠵᠢᠷᠤᠮᠯᠠᠵᠤ᠂ ᠪᠠᠭᠰᠢᠷᠠᠯᠳᠤᠬᠤ ᠥᠬᠡᠢ᠂ ᠴᠤᠭᠯᠠᠷᠠᠬᠤ ᠥᠬᠡᠢ᠂ ᠶᠠᠪᠤᠵᠤ ᠰᠠᠭᠤᠬᠤ ᠪᠠᠨ ᠴᠦᠬᠡᠳᠬᠡᠵᠦ᠂ ᠬᠤᠪᠢ ᠬᠥᠮᠦᠨ᠎ᠦ᠌ ᠬᠠᠮᠠᠭᠠᠯᠠᠯᠲᠠ ᠪᠠᠨ ᠰᠠᠢᠲᠤᠷ ᠬᠢᠵᠦ᠂ ᠬᠢᠵᠢᠭ᠎ᠦ᠋ᠨ ᠪᠠᠢᠳᠠᠯ᠎ᠢ᠋ ᠰᠡᠷᠭᠡᠢᠯᠡᠨ ᠡᠵᠡᠮᠳᠡᠭᠰᠡᠨ ᠦᠷ᠎ᠡ ᠪᠦᠲᠦᠭᠡᠯ᠎ᠢ᠋ᠶ᠋ᠡᠨ ᠬᠠᠮᠲᠤ᠎ᠪᠠᠷ ᠬᠠᠮᠠᠭᠠᠯᠠᠵᠤ᠂ 《ᠨᠠᠷᠢᠯᠢᠭ ᠣᠨᠣᠪᠴᠢᠲᠠᠢ ᠬᠠᠮᠢᠶᠠᠷᠬᠤ》 ᠪᠠᠷ ᠳᠠᠮᠵᠢᠭᠤᠯᠤᠨ 《ᠡᠮᠬᠢ ᠵᠢᠷᠤᠮ᠎ᠲᠠᠢ ᠨᠡᠭᠡᠭᠡᠬᠦ》᠂ ᠪᠦᠬᠦ ᠬᠣᠲᠠ᠎ᠶ᠋ᠢᠨ ᠬᠡᠪ᠎ᠦ᠋ᠨ ᠦᠢᠯᠡᠳᠪᠦᠷᠢᠯᠡᠯ ᠠᠮᠢᠳᠤᠷᠠᠯ᠎ᠤ᠋ᠨ ᠡᠮᠬᠢ ᠳᠢᠭᠯᠢᠮ᠎ᠢ᠋ ᠲᠦᠷᠭᠡᠬᠡᠨ ᠰᠡᠷᠭᠦᠭᠡᠬᠦ᠎ᠪᠠᠷ ᠬᠠᠮᠲᠤ᠎ᠪᠠᠷ ᠴᠢᠷᠮᠠᠢᠬᠤ ᠬᠡᠷᠡᠭᠲᠡᠢ ᠭᠡᠰᠡᠨ ᠪᠠᠢᠨ᠎ᠠ᠃

ᠢᠷᠡᠯᠲᠡ ᠄ ᠲᠠᠯ᠎ᠠ ᠨᠤᠲᠤᠭ ᠪᠦᠷᠢᠨ ᠵᠠᠭᠤᠴᠢᠯᠠᠭᠤᠷ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠴᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面