2022-11-06 16:03:30
ᠣᠢᠷ᠎ᠠ᠎ᠳᠤ ᠬᠦᠬᠡᠬᠤᠳᠠ ᠨᠢ ᠬᠤᠳᠠ᠎ᠳᠤ ᠤᠷᠤᠵᠦ ᠬᠤᠳᠠ ᠡᠴᠡ ᠭᠠᠷᠬᠤ ᠬᠦᠮᠦᠰ ᠲᠤ ᠬᠠᠨᠳᠤᠭᠤᠯᠤᠨ ᠳᠦᠷᠦ ᠵᠢᠨ ᠪᠤᠳᠤᠯᠭ᠎ᠠ ᠳᠤᠭᠳᠠᠭᠠᠵᠦ᠂ ᠬᠠᠮᠢᠶ᠎ᠠ ᠪᠦᠬᠦᠢ ᠨᠦᠬᠦᠴᠡᠯ ᠳ᠋ᠦ ᠨᠡᠢᠴᠡᠭᠰᠡᠳ ᠨᠡᠪᠳᠡᠷᠡᠵᠦ ᠪᠤᠯᠤᠨ᠎ᠠ ᠭᠡᠵᠡᠢ᠃ ᠳᠠᠷᠠᠭᠠᠬᠢ ᠠᠯᠪᠠᠨ ᠵᠠᠷᠯᠠᠯ ᠡᠴᠡ ᠨᠠᠷᠢᠨ ᠪᠠᠢᠳᠠᠯ᠎ᠢ ᠣᠢᠯᠠᠭᠠᠭᠠᠷᠠᠢ᠃
ᠠᠯᠪᠠᠨ ᠵᠠᠷᠯᠠᠯ
ᠬᠦᠬᠡᠬᠤᠳᠠ᠎ᠶ᠋ᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠨᠢᠭᠡᠳᠦᠯᠲᠡᠶ ᠲᠣᠬᠢᠷᠠᠭᠤᠯᠤᠯᠲᠠ ᠪᠠᠢᠷᠢᠯᠠᠭᠤᠯᠤᠯᠲᠠ ᠶᠣᠰᠣᠭᠠᠷ᠂ ᠬᠦᠬᠡᠬᠤᠳᠠ᠎ᠳᠤ ᠣᠷᠣᠵᠤ ᠬᠦᠬᠡᠬᠤᠳᠠ ᠠᠴᠠ ᠭᠠᠷᠬᠤ ᠬᠥᠮᠦᠰ᠎ᠦᠨ ᠬᠢᠵᠢᠭ᠎ᠦᠨ ᠪᠠᠢᠳᠠᠯ᠎ᠢ ᠪᠠᠢᠴᠠᠭᠠᠨ ᠱᠢᠯᠭᠠᠵᠤ ᠰᠡᠷᠭᠡᠢᠯᠡᠨ ᠡᠵᠡᠮᠳᠡᠬᠦ᠌ ᠠᠵᠢᠯ᠎ᠢ ᠤᠯᠠᠮ ᠨᠢᠭᠡ ᠠᠯᠬᠤᠮ ᠱᠢᠨᠵᠢᠯᠡᠬᠦ᠌ ᠤᠬᠠᠭᠠᠨᠴᠢ ᠪᠥᠭᠡᠳ ᠣᠨᠣᠴᠠᠲᠠᠶ ᠰᠠᠢᠲᠤᠷ ᠬᠢᠬᠦ᠌᠎ᠶ᠋ᠢᠨ ᠲᠥᠯᠥᠭᠡ᠂ ᠡᠳᠦᠭᠡ ᠬᠣᠯᠪᠣᠭ᠍ᠳᠠᠯ ᠪᠥᠬᠥᠶ ᠤᠴᠢᠷ᠎ᠢ ᠳᠤᠤᠷᠠᠬᠢ ᠮᠡᠲᠦ ᠵᠠᠷᠯᠠᠪᠠ ᠄
ᠨᠢᠭᠡ᠂ ᠬᠥᠬᠡᠬᠣᠲᠠ᠎ᠠᠴᠠ ᠶᠠᠪᠤᠬᠤ ᠬᠥᠮᠦᠰ (ᠠᠴᠢᠶᠠᠨ᠎ᠤ ᠮᠠᠱᠢᠨ᠎ᠤ ᠵᠢᠯᠣᠭᠣᠴᠢ ᠪᠠ ᠠᠶᠠᠨᠴᠢᠳ ᠪᠠᠭ᠍ᠲᠠᠬᠤ ᠥᠬᠡᠶ) ᠡᠷᠬᠡᠪᠰᠢ ᠪᠥᠭᠡᠮ ᠬᠦᠴᠢᠯ᠎ᠦᠨ ᠪᠠᠢᠴᠠᠭᠠᠯᠲᠡ ᠶ᠋ᠢᠨ《ᠭᠤᠷᠪᠠᠨ ᠡᠳᠦᠷ ᠦᠨ ᠲᠤᠳᠤᠷᠠᠬᠢ ᠬᠣᠶᠠᠷ ᠤᠳᠠᠭᠠᠨ᠎ᠤ ᠪᠠᠢᠴᠠᠭᠠᠯᠲᠠ》 ᠶ᠋ᠢᠨ ᠪᠢᠯᠢᠭ ᠴᠢᠨᠠᠷ ᠤᠨ ᠳ᠋ᠦᠩ (ᠤᠳᠠᠭ᠎ᠠ ᠪᠦᠷᠢ 24 ᠴᠠᠭ᠎ᠠᠴᠠ ᠳᠡᠭᠡᠭ᠌ᠰᠢ ᠠᠯᠤᠰᠯᠠᠨ᠎ᠠ) ᠠᠪᠴᠦ᠍᠂ ᠪᠡᠶ᠎ᠡ᠎ᠶ᠋ᠢᠨ ᠲᠤᠯᠠᠭᠠᠨ ᠬᠡᠪ᠎ᠦᠨ ᠪᠠᠢᠵᠤ᠂ ᠬᠥᠬᠡᠬᠣᠲᠠ᠎ᠶ᠋ᠢᠨ ᠮᠡᠷᠭᠡᠨ ᠴᠣᠬᠣᠷ ᠨᠢ ᠨᠣᠭᠣᠭᠠᠨ ᠪᠠᠢᠬᠤ ᠬᠡᠷᠡᠭ᠌ᠲᠡᠶ; ᠪᠡᠭᠡᠵᠢᠩ᠎ᠳᠦ ᠣᠴᠢᠬᠤ ᠬᠥᠮᠦᠰ ᠡᠷᠬᠡᠪᠰᠢ ᠪᠥᠭᠡᠮ ᠬᠦᠴᠢᠯ᠎ᠦᠨ ᠪᠠᠢᠴᠠᠭᠠᠯᠲᠠ᠎ᠶ᠋ᠢᠨ《ᠬᠣᠶᠠᠷ ᠡᠳᠦᠷ ᠤᠨ ᠲᠤᠳᠤᠷᠠᠬᠢ ᠬᠣᠶᠠᠷ ᠣᠳᠠᠭᠠᠨ ᠤ ᠪᠠᠢᠴᠠᠭᠠᠯᠳᠠ》 ᠶ᠋ᠢᠨ ᠪᠢᠯᠢᠭ ᠴᠢᠨᠠᠷ᠎ᠤᠨ ᠳ᠋ᠦᠩ (ᠤᠳᠠᠭ᠎ᠠ ᠪᠦᠷᠢ 24 ᠴᠠᠭ᠎ᠠᠴᠠ ᠳᠡᠭᠡᠭ᠌ᠰᠢ ᠠᠯᠤᠰᠯᠠᠬᠤ) ᠠᠪᠴᠤ᠌᠂ ᠪᠡᠶ᠎ᠡ᠎ᠶ᠋ᠢᠨ ᠲᠤᠯᠠᠭᠠᠨ ᠬᠡᠪ᠎ᠦᠨ ᠪᠠᠢᠵᠦ᠍᠂ ᠬᠥᠬᠡᠬᠣᠲᠠ᠎ᠶ᠋ᠢᠨ ᠮᠡᠷᠭᠡᠨ ᠴᠣᠬᠣᠷ ᠨᠢ ᠨᠣᠭᠣᠭᠠᠨ ᠪᠠᠢᠵᠦ᠍᠂ ᠪᠡᠭᠡᠵᠢᠩ᠎ᠦᠨ ᠡᠷᠡᠭᠦᠯ ᠮᠡᠨᠳᠦ᠍᠎ᠶ᠋ᠢᠨ ᠺᠣᠳ᠋᠎ᠢ ᠪᠠᠢᠴᠠᠭᠠᠨ ᠱᠢᠯᠭᠠᠵᠤ᠂ ᠬᠤᠪᠢ ᠬᠥᠮᠦᠨ᠎ᠦ ᠮᠡᠳᠡᠭᠡ ᠵᠠᠩᠭᠢ ᠪᠠᠨ ᠲᠠᠩᠰᠠᠯᠠᠭᠤᠯᠬᠤ ᠬᠡᠷᠡᠭ᠌ᠳᠡᠢ᠃
ᠬᠣᠶᠠᠷ᠂ ᠬᠥᠬᠡᠬᠣᠲᠠ᠎ᠳᠤ ᠣᠷᠣᠬᠤ ᠬᠥᠮᠦᠰ(ᠠᠴᠢᠶᠠᠨ᠎ᠤ ᠮᠠᠱᠢᠨ ᠲᠡᠷᠭᠡ᠎ᠶ᠋ᠢᠨ ᠵᠢᠯᠣᠭᠣᠴᠢ ᠪᠠ ᠠᠶᠠᠨᠴᠢᠳ ᠪᠠᠭ᠍ᠲᠠᠬᠤ ᠥᠬᠡᠶ) ᠡᠷᠬᠡᠪᠰᠢ 48 ᠴᠠᠭ᠎ᠤᠨ ᠲᠤᠳᠤᠷᠠᠬᠢ 1 ᠤᠳᠠᠭᠠᠨ᠎ᠤ ᠪᠥᠭᠡᠮ ᠬᠦᠴᠢᠯ᠎ᠦᠨ ᠪᠠᠢᠴᠠᠭᠠᠯᠲᠡ᠎ᠶ᠋ᠢᠨ ᠪᠢᠯᠢᠭ ᠴᠢᠨᠠᠷ᠎ᠤᠨ ᠳ᠋ᠦᠩ ᠠᠪᠴᠤ᠌ ᠂ ᠪᠡᠶ᠎ᠡ᠎ᠶ᠋ᠢᠨ ᠲᠤᠯᠠᠭᠠᠨ ᠬᠡᠪ᠎ᠦᠨ ᠪᠠᠢᠵᠤ᠂ ᠬᠥᠬᠡᠬᠣᠲᠠ ᠶ᠋ᠢᠨ ᠮᠡᠷᠭᠡᠨ ᠴᠣᠬᠣᠷ᠎ᠨᠢ ᠨᠣᠭᠣᠭᠠᠨ ᠪᠠᠢᠵᠤ᠂ ᠬᠦᠷᠦᠭ᠌ᠰᠡᠨ ᠭᠠᠵᠠᠷ᠎ᠲᠠᠬᠢ ᠪᠥᠭᠡᠮ ᠬᠦᠴᠢᠯ᠎ᠦᠨ ᠥᠯᠢᠭᠡᠷ ᠠᠪᠤᠭᠤᠯᠬᠤ ᠬᠡᠷᠡᠭ᠌ᠲᠡᠶ; ᠬᠥᠬᠡᠬᠣᠲᠠ᠎ᠳᠤ ᠣᠷᠣᠬᠤ᠎ᠠᠴᠠ ᠡᠮᠦᠨ᠎ᠡ ᠡᠷᠬᠡᠪᠰᠢ ᠰᠠᠨᠠᠭᠠᠴᠢᠯᠠᠭ᠎ᠠ᠎ᠠᠴᠠ᠎ᠪᠠᠨ ᠨᠡᠢᠭᠡᠮ ᠲᠤᠭᠤᠷᠢᠭ᠎ᠲᠠᠭᠠᠨ ᠮᠡᠳᠡᠭᠦᠯᠦᠨ ᠳᠠᠩᠰᠠᠯᠠᠭᠤᠯᠵᠤ᠂ ᠬᠥᠬᠡᠬᠣᠲᠠ᠎ᠳᠤ ᠤᠷᠤᠭ᠍ᠰᠠᠨ᠎ᠤ ᠳᠠᠷᠠᠭ᠎ᠠ ᠬᠦᠬᠡᠬᠤᠳᠠ᠎ᠶ᠋ᠢᠨ ᠡᠯ᠎ᠡ ᠵᠦᠶ᠋ᠯ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠴᠢᠩᠭ᠎ᠠ ᠬᠡᠷᠡᠭ᠌ᠵᠢᠭᠦᠯᠬᠦ᠌ ᠬᠡᠷᠡᠭ᠌ᠲᠡᠶ᠃
ᠭᠤᠷᠪᠠ᠂ ᠠᠴᠢᠶᠠᠨ᠎ᠤ ᠮᠠᠱᠢᠨ᠎ᠤ ᠵᠢᠯᠣᠭᠣᠴᠢ ᠪᠠ ᠠᠶᠠᠨᠴᠢᠳ ᠬᠥᠬᠡᠬᠣᠲᠠ᠎ᠳᠤ ᠣᠷᠣᠵᠤ ᠢᠷᠡᠬᠦ᠌᠎ᠳᠦ᠂ ᠡᠷᠬᠡᠪᠰᠢ 48 ᠴᠠᠭ᠎ᠤᠨ ᠲᠤᠳᠤᠷᠠᠬᠢ 1 ᠣᠳᠠᠭᠠᠨ ᠤ ᠪᠥᠭᠡᠮ ᠬᠦᠴᠢᠯ᠎ᠦᠨ ᠪᠠᠢᠴᠠᠭᠠᠯᠲᠠ᠎ᠶ᠋ᠢᠨ ᠪᠢᠯᠢᠭ ᠴᠢᠨᠠᠷ᠎ᠤᠨ ᠳ᠋ᠦᠩ᠎ᠲᠡᠶ᠂ ᠪᠡᠶ᠎ᠡ᠎ᠶ᠋ᠢᠨ ᠲᠤᠯᠠᠭᠠᠨ ᠬᠡᠪ᠎ᠦᠨ ᠪᠠᠢᠵᠤ᠂ ᠬᠥᠬᠡᠬᠣᠲᠠ᠎ᠶ᠋ᠢᠨ ᠮᠡᠷᠭᠡᠨ ᠴᠤᠬᠤᠷ᠎ᠨᠢ ᠨᠣᠭᠣᠭᠠᠨ ᠪᠠᠢᠵᠤ᠂ ᠬᠦᠷᠦᠭ᠌ᠰᠡᠨ ᠭᠠᠵᠠᠷ᠎ᠲᠠᠬᠢ ᠪᠥᠭᠡᠮ ᠬᠦᠴᠢᠯ᠎ᠦᠨ ᠥᠯᠢᠭᠡᠷ ᠠᠪᠤᠭᠤᠯᠬᠤ ᠬᠡᠷᠡᠭ᠌ᠲᠡᠶ ᠃ ᠬᠥᠬᠡᠬᠣᠲᠠ᠎ᠳᠤ ᠤᠷᠤᠭ᠍ᠰᠠᠨ᠎ᠤ ᠳᠠᠷᠠᠭ᠎ᠠ᠂ ᠴᠡᠭ᠎ᠡᠴᠡ ᠴᠡᠭ ᠲᠤ ᠬᠦᠷᠬᠦ᠌ ᠪᠢᠲᠡᠭᠦᠦ ᠴᠠᠭᠠᠷᠢᠭ᠎ᠤᠨ ᠵᠥᠭᠡᠭᠡᠪᠦᠷᠢ᠎ᠶ᠋ᠢ ᠪᠡᠶᠡᠯᠡᠬᠦᠯᠵᠦ᠍᠂ ᠪᠠᠷᠠᠭᠠᠨ᠎ᠤ ᠲᠡᠷᠭᠡ᠎ᠶ᠋ᠢᠨ ᠵᠢᠯᠣᠭᠣᠴᠢ ᠪᠠ ᠠᠶᠠᠨᠴᠢᠳ ᠵᠠᠮ ᠲᠤᠵᠢ ᠲᠡᠷᠭᠡᠨ᠎ᠡᠴᠡ᠎ᠪᠠᠨ ᠪᠠᠭᠤᠬᠤ ᠦᠭᠡᠶ᠂ ᠬᠦᠷᠦᠯᠴᠡᠬᠦ᠌ ᠦᠭᠡᠶ ᠪᠠᠢᠵᠦ᠍᠂ ᠪᠠᠷᠠᠭ᠎ᠠ ᠪᠠᠨ ᠠᠴᠢᠮᠠᠬ᠍ᠴᠠ(ᠪᠠᠭᠤᠯᠭᠠᠮᠠᠬ᠍ᠴᠠ)ᠲᠠᠷᠤᠢᠬᠠᠨ ᠶᠠᠪᠤᠵᠤ᠂ ᠬᠣᠲᠠ᠎ᠶ᠋ᠢᠨ ᠬᠡᠪᠴᠢᠶᠡᠨ᠎ᠳᠦ ᠳᠤᠷ᠎ᠠ᠎ᠪᠠᠷ᠎ᠢᠶᠠᠨ ᠵᠣᠭ᠍ᠰᠣᠵᠤ ᠪᠣᠯᠬᠤ ᠦᠭᠡᠶ᠃ ᠬᠦᠬᠡᠬᠤᠳᠠ᠎ᠠᠴᠠ ᠶᠠᠪᠣᠬᠣ ᠡᠴᠡ ᠡᠮᠦᠨ᠎ᠡ ᠂ ᠡᠷᠬᠡᠪᠰᠢ 24 ᠴᠠᠭ᠎ᠤᠨ ᠲᠤᠳᠤᠷᠠᠬᠢ 1 ᠤᠳᠠᠭᠠᠨ᠎ᠤ ᠪᠥᠭᠡᠮ ᠬᠦᠴᠢᠯ᠎ᠦᠨ ᠪᠠᠢᠴᠠᠭᠠᠯᠲᠡ ᠶ᠋ᠢᠨ ᠪᠢᠯᠢᠭ ᠴᠢᠨᠠᠷ ᠤᠨ ᠳ᠋ᠦᠩ᠎ᠲᠡᠶ ᠪᠠᠢᠵᠤ ᠂ ᠪᠡᠶ᠎ᠡ᠎ᠶ᠋ᠢᠨ ᠲᠣᠯᠠᠭᠠᠨ ᠬᠡᠪ᠎ᠦᠨ ᠪᠠᠢᠵᠤ ᠂ ᠬᠥᠬᠡᠬᠣᠲᠠ ᠶ᠋ᠢᠨ ᠮᠡᠷᠭᠡᠨ ᠴᠤᠬᠣᠷ ᠨᠢ ᠨᠣᠭᠣᠭᠠᠨ ᠪᠠᠢᠬᠤ ᠬᠡᠷᠡᠭ᠌ᠲᠡᠶ; ᠪᠡᠭᠡᠵᠢᠩ ᠳᠤ ᠤᠴᠢᠬᠣ ᠠᠴᠢᠶᠠᠨ᠎ᠤ ᠮᠠᠱᠢᠨ᠎ᠤ ᠵᠢᠯᠣᠭᠣᠴᠢ ᠪᠠᠰᠠ ᠪᠡᠭᠡᠵᠢᠩ᠎ᠦᠨ ᠡᠷᠡᠭᠦᠯ ᠮᠡᠨᠳᠦ᠍᠎ᠶ᠋ᠢᠨ ᠺᠤᠳ᠋ ᠶ᠋ᠢᠨ ᠨᠣᠭᠣᠭᠠᠨ ᠺᠣᠳ᠋᠎ᠢ ᠪᠠᠢᠴᠠᠭᠠᠨ ᠱᠢᠯᠭᠠᠵᠤ᠂ ᠬᠤᠪᠢ ᠬᠥᠮᠦᠨ᠎ᠦ ᠮᠡᠳᠡᠭᠡ ᠵᠠᠩᠭᠢ᠎ᠪᠠᠨ ᠳᠠᠩᠰᠠᠯᠠᠭᠤᠯᠬᠤ ᠬᠡᠷᠡᠭ᠌ᠲᠡᠶ᠃
ᠬᠢᠵᠢᠭ᠎ᠦᠨ ᠪᠠᠢᠳᠠᠯ᠎ᠤᠨ ᠬᠤᠪᠢᠷᠠᠯᠲᠠ᠎ᠶ᠋ᠢ ᠦᠨᠳᠦᠰᠦᠯᠡᠨ ᠳᠡᠭᠡᠷᠡᠬᠢ ᠠᠷᠭ᠎ᠠ ᠬᠡᠮᠵᠢᠶ᠎ᠡ ᠳ᠋ᠦ ᠬᠥᠳᠡᠯᠦᠩᠭᠦᠶ ᠲᠤᠬᠢᠷᠠᠭᠤᠯᠤᠯᠳᠠ ᠬᠢᠨ᠎ᠡ᠃
ᠬᠥᠬᠡᠬᠣᠲᠠ᠎ᠶ᠋ᠢᠨ ᠬᠢᠵᠢᠭ᠎ᠦᠨ ᠪᠠᠢᠳᠠᠯ᠎ᠢ
ᠰᠡᠷᠭᠡᠢᠯᠡᠨ ᠡᠵᠡᠮᠳᠡᠬᠦ᠌ ᠵᠢᠯᠣᠭᠣᠳᠭᠤ
ᠭᠠᠵᠠᠷ᠎ᠤᠨ ᠵᠠᠮ ᠬᠠᠷᠢᠯᠴᠠᠭᠠᠨ᠎ᠤ ᠪᠠᠲᠤᠯᠠᠭ᠎ᠠ᠎ᠶ᠋ᠢᠨ ᠳᠤᠭᠤᠢᠯᠠᠩ
2022 ᠣᠨ᠎ᠤ 11 ᠰᠠᠷ᠎ᠠ᠎ᠶ᠋ᠢᠨ 5 ᠤ ᠡᠳᠦᠷ
ᠢᠷᠡᠯᠳᠡ᠄ ᠬᠥᠬᠡᠬᠣᠲᠠ᠎ᠶ᠋ᠢᠨ ᠬᠢᠵᠢᠭ᠎ᠦᠨ ᠪᠠᠢᠳᠠᠯ᠎ᠢ
ᠰᠡᠷᠭᠡᠢᠯᠡᠨ ᠡᠵᠡᠮᠳᠡᠬᠦ᠌ ᠵᠢᠯᠣᠭᠣᠳᠭᠤ ᠭᠠᠵᠠᠷ᠎ᠤᠨ ᠵᠠᠮ
ᠬᠠᠷᠢᠯᠴᠠᠭᠠᠨ᠎ᠤ ᠪᠠᠲᠤᠯᠠᠭ᠎ᠠ᠎ᠶ᠋ᠢᠨ ᠳᠤᠭᠤᠢᠯᠠᠩ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠴᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃