ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠮᠡᠳᠡᠭᠡᠯᠡᠯ

2022-11-10 16:10:26

ᠵᠣᠬᠢᠶᠠᠭ᠍ᠴᠢ᠄ ᠵᠧᠩ ᠱᠢᠤᠸᠠᠢ ᠯᠢᠶᠠᠩ ᠂ ᠸᠠᠩ ᠶᠠ ᠵᠢᠩ ᠣᠩᠱᠢᠭ᠍ᠰᠠᠨ ᠣᠳᠠᠭ᠎ᠠ᠄ 3

ᠰᠤᠷᠪᠤᠯᠵᠢᠯᠠᠭ᠍ᠴᠢ 11 ᠰᠠᠷ᠎ᠠ ᠶ᠋ᠢᠨ 8 ᠤ᠋ ᠡᠳᠦᠷ ᠬᠤᠷᠠᠯᠳᠤᠭᠰᠠᠨ ᠬᠦᠬᠡᠬ᠍ᠤᠲᠠ ᠶ᠋ᠢᠨ ᠬᠢᠵᠢᠭ᠎ᠦᠨ ᠪᠠᠢᠳᠠᠯ ᠢ᠋ ᠰᠡᠷᠭᠡᠢᠯᠡᠨ ᠡᠵᠡᠮᠳᠡᠬᠦ᠌ ᠠᠵᠢᠯ ᠤ᠋ᠨ ᠰᠣᠨᠢᠨ ᠮᠡᠳᠡᠭᠡ ᠨᠡᠢᠲᠡᠯᠡᠬᠦ᠌ ᠬᠤᠷᠠᠯ (70 ᠳ᠋ᠤᠭᠠᠷ ᠲᠠᠯᠠᠪᠤᠷ ) ᠡᠴᠡ ᠣᠢᠯᠠᠭᠠᠭ᠍ᠰᠠᠨ ᠶ᠋ᠢᠡᠷ ᠂ ᠣᠳᠣᠬᠠᠨ ᠪᠣᠯᠲᠠᠯ᠎ᠠ ᠂ ᠨᠤᠲᠤᠭ᠎ᠲᠠᠭᠠᠨ ᠪᠤᠴᠠᠬᠤ ᠨᠥᠬᠥᠴᠡᠯ ᠳ᠋ᠦ ᠨᠡᠢᠴᠡᠭ᠌ᠰᠡᠨ ᠰᠤᠷᠤᠭ᠍ᠴᠢᠳ ᠤ᠋ᠨ ᠤᠯᠠᠡᠭᠬᠢ ᠨᠢ ᠨᠢᠭᠡᠨᠲᠡ ᠠᠮᠤᠷ ᠲᠦᠪᠱᠢᠨ ᠡᠮᠬᠢ ᠵᠢᠷᠤᠮ ᠎ᠲᠠᠶ ᠎ᠪᠠᠷ ᠨᠤᠲᠤᠭ᠎ᠲᠠᠭᠠᠨ ᠪᠤᠴᠠᠵᠠᠢ᠃ ᠨᠤᠲᠤᠭ᠎ᠲᠠᠭᠠᠨ ᠪᠤᠴᠠᠭᠠᠳᠤᠢ ᠰᠤᠷᠤᠭ᠍ᠴᠢᠳ ᠢ᠋ 《ᠨᠢᠭᠡ ᠪᠦᠯᠦᠭ᠎ᠨᠢ ᠨᠦᠭᠦᠴᠡᠯ ᠳ᠋ᠦ ᠨᠡᠢᠴᠡᠪᠡᠯ᠂ ᠨᠢᠭᠡ ᠪᠦᠯᠦᠭ ᠢ᠋᠎ᠨᠢ ᠱᠢᠯᠵᠢᠭᠦᠯᠦᠨ ᠵᠥᠭᠡᠭᠡᠪᠦᠷᠢᠯᠡᠬᠦ᠌》 ᠂ 《ᠪᠤᠴᠠᠪᠠᠰᠤ ᠵᠣᠬᠢᠬᠤ ᠵᠢ᠎ᠨᠢ ᠪᠦᠬᠦᠨ ᠢ᠋ ᠪᠤᠴᠠᠭᠠᠬᠤ》 ᠂ 《ᠪᠤᠴᠠᠬᠤ ᠳᠤᠷᠠᠲᠠᠢ ᠵᠢ᠎ᠨᠢ ᠪᠦᠬᠦᠨ ᠢ᠋ ᠪᠤᠴᠠᠭᠠᠬᠤ》 ᠪᠤᠯᠤᠨ᠎ᠠ᠃

ᠥᠪᠡᠷᠲᠡᠭᠡᠨ ᠵᠠᠰᠠᠬᠤ ᠣᠷᠣᠨ ᠤ᠋ ᠰᠤᠷᠭᠠᠨ ᠬᠥᠮᠦᠵᠢᠯ᠎ᠦᠨ ᠲᠢᠩᠬᠢᠮ᠎ᠦᠨ ᠪᠡᠶ᠎ᠡ ᠶ᠋ᠢᠨ ᠲᠠᠮᠢᠷ ᠡᠷᠡᠭᠦᠯ ᠬᠠᠮᠠᠭᠠᠯᠠᠯ ᠤᠷᠠᠯᠢᠭ ᠬᠢᠭᠡᠳ ᠬᠥᠳᠡᠯᠮᠦᠷᠢ ᠶ᠋ᠢᠨ ᠰᠤᠷᠭᠠᠨ ᠬᠥᠮᠦᠵᠢᠯ᠎ᠦᠨ ᠭᠠᠵᠠᠷ ᠤ᠋ᠨ ᠳᠠᠷᠤᠭ᠎ᠠ ᠯᠢ ᠶᠦᠨ ᠹᠸᠩ ᠲᠠᠨᠢᠯᠴᠠᠭᠤᠯᠬᠤ᠎ᠳᠠᠭᠠᠨ᠂ ᠰᠤᠷᠤᠭ᠍ᠴᠢᠳ ᠤ᠋ᠨ ᠡᠮᠬᠢ ᠵᠢᠷᠤᠮ᠎ᠲᠠᠶ ᠨᠤᠲᠤᠭ᠎ᠲᠠᠭᠠᠨ ᠪᠤᠴᠠᠬᠤ ᠂ ᠰᠠᠨᠠᠭ᠎ᠠ ᠠᠮᠤᠷ ᠨᠤᠲᠤᠭ᠎ᠲᠠᠭᠠᠨ ᠪᠤᠴᠠᠬᠤ ᠂ ᠠᠮᠤᠷ ᠲᠦᠪᠱᠢᠨ ᠶ᠋ᠢᠡᠷ ᠨᠤᠲᠤᠭ᠎ᠲᠠᠭᠠᠨ ᠪᠤᠴᠠᠬᠤ ᠵᠢ ᠪᠠᠲᠤᠯᠠᠵᠤ᠂ ᠬᠢᠵᠢᠭ᠎ᠦᠨ ᠪᠠᠢᠳᠠᠯ ᠭᠠᠳᠠᠭ᠍ᠰᠢ ᠦᠯᠦ ᠬᠠᠯᠳᠠᠪᠤᠷᠢᠯᠠᠬᠤ ᠵᠢ ᠦᠨᠡᠨ ᠬᠦ᠌ ᠪᠠᠲᠤᠯᠠᠬᠤ ᠶ᠋ᠢᠨ ᠲᠥᠯᠥᠭᠡ ᠂ ᠥᠪᠡᠷᠲᠡᠭᠡᠨ ᠵᠠᠰᠠᠬᠤ ᠣᠷᠣᠨ ᠪᠣᠯᠤᠨ ᠡᠯ᠎ᠡ ᠭᠠᠵᠠᠷ ᠣᠷᠣᠨ ᠂ ᠡᠯ᠎ᠡ ᠰᠠᠯᠠᠭ᠎ᠠ ᠮᠥᠴᠢᠷ ᠴᠥᠮ ᠲᠤᠢᠯ ᠤ᠋ᠨ ᠨᠠᠷᠢᠨ ᠨᠢᠭ᠍ᠲᠠ ᠲᠥᠯᠥᠪᠯᠡᠭᠡ ᠪᠠ ᠨᠠᠷᠢᠨ ᠨᠢᠭᠲᠠ ᠲᠣᠬᠢᠷᠠᠭᠤᠯᠤᠯᠲᠠ ᠬᠢᠵᠦ ᠂ ᠴᠡᠭ᠎ᠡᠴᠡ ᠴᠡᠭ ᠲᠦ᠍ ᠬᠦᠷᠲᠡᠯ᠎ᠡ ᠪᠢᠲᠡᠭᠦᠮᠵᠢᠯᠡᠵᠦ ᠱᠢᠯᠵᠢᠭᠦᠯᠦᠨ ᠵᠦᠭᠡᠭᠡᠪᠦᠷᠢᠯᠡᠵᠦ ᠂ ᠭᠠᠷ ᠡᠴᠡ ᠭᠠᠷ ᠲᠦ᠍ ᠠᠮᠤᠷ ᠲᠦᠪᠱᠢᠨ ᠶ᠋ᠢᠡᠷ ᠲᠤᠱᠢᠶᠠᠨ ᠦᠭᠴᠠᠢ᠃ ᠡᠯ᠎ᠡ ᠳᠡᠭᠡᠳᠦ ᠰᠤᠷᠭᠠᠭᠤᠯᠢ᠎ᠨᠤᠭᠤᠳ ᠡᠷᠡᠭᠦᠯ ᠬᠠᠮᠠᠭᠠᠯᠠᠯ ᠡᠷᠡᠭᠦᠯ ᠮᠡᠨᠳᠦ᠍ ᠶ᠋ᠢᠨ ᠰᠠᠯᠠᠭ᠎ᠠ ᠮᠥᠴᠢᠷ᠎ᠦᠨ ᠵᠢᠯᠣᠭᠣᠳᠣᠯᠭ᠎ᠠ ᠳᠤᠤᠷ᠎ᠠ᠂ ᠰᠤᠷᠤᠭ᠍ᠴᠢᠳ ᠤ᠋ᠨ ᠠᠮᠤᠷ ᠲᠦᠪᠱᠢᠨ ᠶ᠋ᠢᠡᠷ ᠨᠤᠲᠤᠭ᠎ᠲᠠᠭᠠᠨ ᠪᠤᠴᠠᠬᠤ ᠠᠩᠬᠠᠨ ᠤ᠋ ᠪᠣᠭᠣᠮᠲᠠ ᠵᠢ ᠴᠢᠩᠭ᠎ᠠ ᠠᠳᠬᠤᠪᠠ᠃ ᠵᠠᠰᠠᠮᠠᠯ ᠵᠠᠮ᠂ ᠲᠡᠮᠦᠷ ᠵᠠᠮ᠂ ᠠᠷᠠᠳ ᠤ᠋ᠨ ᠠᠭᠠᠷ ᠤ᠋ᠨ ᠠᠶᠠᠯᠠᠯ ᠤ᠋ᠨ ᠲᠡᠭᠡᠭᠡᠪᠦᠷᠢ ᠶ᠋ᠢᠨ ᠰᠠᠯᠠᠭ᠎ᠠ ᠮᠥᠴᠢᠷ᠎ᠦᠳ ᠰᠤᠷᠤᠭ᠍ᠴᠢᠳ ᠤ᠋ᠨ ᠰᠠᠭᠤᠭ᠍ᠰᠠᠨ ᠵᠠᠮ ᠬᠠᠷᠢᠯᠴᠠᠭᠠᠨ ᠤ᠋ ᠪᠠᠭᠠᠵᠢ ᠵᠢ ᠴᠢᠩᠭ᠎ᠠ ᠬᠢᠨᠠᠨ ᠱᠢᠯᠭᠠᠵᠤ᠂ ᠴᠢᠩᠭ᠎ᠠ ᠠᠷᠢᠭᠤᠳᠭᠠᠨ᠂ ᠪᠠᠭ᠍ᠰᠢ ᠰᠤᠷᠤᠭ᠍ᠴᠢᠳ ᠤ᠋ᠨ ᠠᠮᠤᠷ ᠲᠦᠪᠱᠢᠨ᠂ ᠡᠮᠬᠢ ᠵᠢᠷᠤᠮ᠎ᠲᠠᠶ᠎ᠪᠠᠷ ᠲᠡᠷᠭᠡᠨ ᠳ᠋ᠦ ᠰᠠᠭᠤᠬᠤ ᠵᠢ ᠦᠨᠡᠨ ᠬᠦ᠌ ᠪᠠᠲᠤᠯᠠᠪᠠ᠃ ᠡᠯ᠎ᠡ ᠠᠢᠮᠠᠭ ᠬᠣᠲᠠ ᠵᠢᠨ ᠬᠢᠨ ᠨᠤᠲᠤᠭ᠎ᠲᠠᠭᠠᠨ ᠪᠤᠴᠠᠭ᠍ᠰᠠᠨ ᠰᠣᠷᠣᠭ᠍ᠴᠢ ᠵᠢ ᠲᠣᠰᠴᠤ᠌ ᠠᠪᠤᠭ᠍ᠰᠠᠨ ᠤ᠋ ᠳᠠᠷᠠᠭ᠎ᠠ᠂ ᠴᠡᠭ᠎ᠡᠴᠡ ᠴᠡᠭ ᠲᠦ᠍ ᠬᠦᠷᠲᠡᠯ᠎ᠡ ᠪᠢᠲᠡᠭᠦᠮᠵᠢᠯᠡᠨ ᠱᠢᠯᠵᠢᠭᠦᠯᠦᠨ ᠵᠦᠭᠡᠭᠡᠪᠦᠷᠢᠯᠡᠵᠦ ᠲᠥᠪᠯᠡᠷᠡᠭᠦᠯᠦᠨ ᠲᠤᠰᠠᠭᠠᠷᠯᠠᠬᠤ ᠪᠠᠭᠤᠳᠠᠯ ᠪᠤᠶᠤ ᠬᠡᠷ᠎ᠲᠡᠬᠡᠨ ᠲᠤᠰᠠᠭᠠᠷᠯᠠᠬᠤ ᠲᠠᠯᠠᠪᠤᠷ ᠲᠦ᠍ ᠬᠦᠷᠭᠡᠵᠦ᠂ ᠳᠠᠷᠤᠢᠬᠠᠨ ᠰᠤᠷᠤᠭ᠍ᠴᠢᠳ ᠲᠦ᠍ ᠪᠥᠭᠡᠮ ᠬᠦᠴᠢᠯ᠎ᠦᠨ ᠱᠢᠯᠭᠠᠨ ᠪᠠᠢᠴᠠᠭᠠᠯᠲᠠ ᠬᠢᠵᠦ᠍ ᠂ ᠬᠠᠷᠢᠶ᠎ᠠ ᠭᠠᠵᠠᠷ ᠤ᠋ᠨ ᠬᠢᠵᠢᠭ᠎ᠦᠨ ᠪᠠᠢᠳᠠᠯ ᠢ᠋ ᠰᠡᠷᠭᠡᠢᠯᠡᠨ ᠡᠵᠡᠮᠳᠡᠬᠦ᠌ ᠲᠥᠷᠥ ᠶ᠋ᠢᠨ ᠪᠣᠳᠣᠯᠭ᠎ᠠ ᠶᠣᠰᠣᠭᠠᠷ ᠡᠷᠡᠭᠦᠯ ᠮᠡᠨᠳᠦ᠍ ᠶ᠋ᠢᠨ ᠬᠢᠨᠠᠨ ᠬᠡᠮᠵᠢᠯᠲᠡ ᠬᠢᠪᠡ᠃ ᠣᠲᠣ ᠪᠣᠯᠲᠠᠯ᠎ᠠ ᠂ ᠨᠤᠲᠤᠭ᠎ᠲᠠᠭᠠᠨ ᠪᠤᠴᠠᠬᠤ ᠨᠥᠬᠥᠴᠡᠯ ᠳ᠋ᠦ ᠨᠡᠢᠴᠡᠭᠰᠡᠨ ᠰᠤᠷᠤᠭ᠍ᠴᠢᠳ ᠤ᠋ᠨ ᠤᠯᠠᠡᠭᠬᠢ ᠨᠢ ᠨᠢᠭᠡᠨᠲᠡ ᠠᠮᠤᠷ ᠲᠦᠪᠱᠢᠨ ᠪᠥᠭᠡᠳ ᠡᠮᠬᠢ ᠵᠢᠷᠤᠮ᠎ᠲᠠᠶ᠎ᠪᠠᠷ ᠨᠤᠲᠤᠭ᠎ᠲᠠᠭᠠᠨ ᠪᠤᠴᠠᠵᠠᠶ᠃

ᠨᠤᠲᠤᠭ᠎ᠲᠠᠭᠠᠨ ᠪᠤᠴᠠᠭᠠᠳᠤᠶ ᠰᠤᠷᠤᠭ᠍ᠴᠢᠳ ᠢ᠋ 《ᠨᠢᠭᠡ ᠪᠦᠯᠦᠭ᠎ᠨᠢ ᠨᠦᠭᠦᠴᠡᠯ ᠳ᠋ᠦ ᠨᠡᠢᠴᠡᠪᠡᠯ᠂ ᠨᠢᠭᠡ ᠪᠦᠯᠦᠭ ᠢ᠋᠎ᠨᠢ ᠱᠢᠯᠵᠢᠭᠦᠯᠦᠨ ᠵᠥᠭᠡᠭᠡᠪᠦᠷᠢᠯᠡᠬᠦ᠌》 ᠵᠠᠷᠴᠢᠮ ᠶᠣᠰᠣᠭᠠᠷ ᠂ ᠥᠷᠭᠡᠨ ᠣᠯᠠᠨ ᠰᠤᠷᠤᠭ᠍ᠴᠢᠳ ᠤ᠋ᠨ ᠠᠮᠤᠷ ᠲᠦᠪᠱᠢᠨ ᠶ᠋ᠢᠡᠷ ᠨᠤᠲᠤᠭ᠎ᠲᠠᠭᠠᠨ ᠪᠤᠴᠠᠬᠤ ᠵᠢ ᠦᠷᠭᠦᠯᠵᠢᠯᠡᠨ ᠡᠮᠬᠢ ᠵᠢᠷᠤᠮ᠎ᠲᠠᠶ᠎ᠪᠠᠷ ᠲᠣᠬᠢᠷᠠᠭᠤᠯᠤᠨ᠎ᠠ᠃ ᠨᠢᠭᠡ ᠳ᠋ᠦ ᠂ ᠠᠮᠤᠷ ᠲᠦᠪᠱᠢᠨ ᠪᠠ ᠡᠷᠡᠭᠦᠯ ᠮᠡᠨᠳᠦ᠍ ᠵᠢ ᠦᠨᠡᠨ ᠬᠦ᠌ ᠪᠠᠲᠤᠯᠠᠭ᠍ᠰᠠᠨ ᠤᠷᠢᠲᠠᠯ ᠳᠤᠤᠷ᠎ᠠ ᠂ ᠣᠷᠣᠨ ᠤ᠋ ᠳᠣᠲᠣᠷᠠᠬᠢ ᠡᠷᠡᠭᠦᠯ ᠮᠡᠨᠳᠦ᠍ ᠶ᠋ᠢᠨ ᠬᠢᠨᠠᠨ ᠬᠡᠮᠵᠢᠯᠲᠡ ᠶ᠋ᠢᠨ ᠨᠥᠬᠥᠴᠡᠯ ᠳ᠋ᠦ ᠨᠡᠢᠴᠡᠬᠦ᠌ ᠰᠤᠷᠤᠭ᠍ᠴᠢᠳ ᠢ᠋ 《ᠪᠤᠴᠠᠪᠠᠯ ᠵᠣᠬᠢᠬᠤ ᠵᠢ᠎ᠨᠢ ᠪᠦᠬᠦᠨ ᠢ᠋ ᠪᠤᠴᠠᠭᠠᠬᠤ》 ᠪᠤᠯᠤᠨ᠎ᠠ᠃ ᠬᠣᠶᠠᠷ ᠲᠦ᠍ ᠂ ᠬᠣᠯᠪᠣᠭ᠍ᠳᠠᠯ ᠪᠥᠬᠥᠶ ᠮᠤᠵᠢ ᠣᠷᠣᠨ᠎ᠲᠠᠶ ᠵᠤᠯᠭᠠᠭᠤᠯᠬᠤ ᠠᠵᠢᠯ ᠢ᠋ ᠦᠷᠭᠦᠯᠵᠢᠯᠡᠨ ᠰᠠᠢᠲᠤᠷ ᠬᠢᠵᠦ᠍ ᠂ ᠡᠯ᠎ᠡ ᠮᠤᠵᠢ ᠶ᠋ᠢᠨ ᠬᠠᠷᠢᠭᠤ ᠲᠤᠰᠭᠠᠭ᠍ᠰᠠᠨ ᠪᠠᠢᠳᠠᠯ ᠢ᠋ ᠦᠨᠳᠦᠰᠦᠯᠡᠨ ᠂ ᠴᠠᠭ ᠂ ᠲᠡᠷᠭᠡᠨ᠎ᠦ ᠡᠭᠡᠯᠵᠢ ᠪᠠ ᠡᠭᠡᠯᠵᠢ ᠶ᠋ᠢᠨ ᠨᠢᠰᠭᠡᠯ ᠢ᠋ ᠲᠣᠭ᠍ᠲᠠᠭᠠᠭ᠍ᠰᠠᠨ ᠤ᠋ ᠳᠠᠷᠠᠭ᠎ᠠ ᠂ ᠡᠷᠡᠭᠦᠯ ᠮᠡᠨᠳᠦ᠍ ᠶ᠋ᠢᠨ ᠬᠢᠨᠠᠨ ᠬᠡᠮᠵᠢᠯᠲᠡ ᠶ᠋ᠢᠨ ᠨᠥᠬᠥᠴᠡᠯ ᠳ᠋ᠦ ᠨᠡᠢᠴᠡᠬᠦ᠌ ᠣᠷᠣᠨ ᠤ᠋ ᠭᠠᠳᠠᠨᠠᠬᠢ ᠰᠤᠷᠤᠭ᠍ᠴᠢᠳ ᠢ᠋ ᠬᠠᠮᠤᠭ ᠤ᠋ᠨ ᠲᠦᠷᠦᠬᠦᠨ ᠳ᠋ᠦ ᠨᠤᠲᠤᠭ ᠲᠤᠨᠢ ᠪᠤᠴᠠᠭᠠᠬᠤ᠎ᠪᠠᠷ ᠲᠣᠬᠢᠷᠠᠭᠤᠯᠵᠤ ᠂ 《ᠪᠤᠴᠠᠬᠤ ᠳᠤᠷᠠᠲᠠᠢ ᠵᠢ᠎ᠨᠢ ᠪᠦᠬᠦᠨ ᠢ᠋ ᠪᠤᠴᠠᠭᠠᠬᠤ》 ᠵᠢ ᠪᠡᠶᠡᠯᠡᠭᠦᠯᠦᠨ᠎ᠡ᠃ ᠭᠤᠷᠪᠠ᠎ᠳᠤ ᠂ ᠰᠤᠷᠭᠠᠭᠤᠯᠢ ᠶ᠋ᠢᠨ ᠭᠠᠳᠠᠨᠠᠬᠢ ᠲᠤᠰᠠᠭᠠᠷᠯᠠᠬᠤ ᠴᠡᠭ ᠲᠡᠬᠢ ᠰᠤᠷᠤᠭ᠍ᠴᠢᠳ ᠢ᠋ ᠲᠤᠰᠠᠭᠠᠷᠯᠠᠬᠤ᠎ᠪᠠᠨ ᠪᠤᠯᠢᠭ᠍ᠰᠠᠨ ᠤ᠋ ᠳᠠᠷᠠᠭ᠎ᠠ ᠂ ᠲᠤᠰᠠᠭᠠᠷᠯᠠᠬᠤ ᠴᠡᠭ᠎ᠦᠨ ᠬᠠᠷᠢᠶ᠎ᠠ ᠭᠠᠵᠠᠷ ᠤ᠋ᠨ ᠬᠢᠨ 《ᠴᠡᠭ᠎ᠡᠴᠡ ᠴᠡᠭ᠎ᠲᠦ ᠬᠦᠷᠲᠡᠯ᠎ᠡ》 ᠰᠢᠯᠵᠢᠭᠦᠯᠦᠨ ᠵᠦᠭᠡᠭᠡᠪᠦᠷᠢᠯᠡᠵᠦ ᠨᠤᠲᠤᠭ ᠲᠤᠨᠢ ᠪᠤᠴᠠᠭᠠᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠠᠨᠠᠷ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面