2022-11-07 16:56:18
11 ᠰᠠᠷ᠎ᠠ᠎ᠶ᠋ᠢᠨ 6 ᠤ᠋ ᠡᠳᠦᠷ᠂ ᠰᠤᠷᠪᠤᠯᠵᠢᠯᠠᠭ᠍ᠴᠢ ᠬᠥᠬᠡᠬᠣᠲᠠ᠎ᠶ᠋ᠢᠨ ᠱᠢᠨ᠎ᠡ ᠬᠡᠯᠪᠡᠷᠢ᠎ᠶ᠋ᠢᠨ ᠲᠢᠲᠢᠮᠯᠢᠭ ᠸᠢᠷᠦ᠋ᠰ ᠡᠴᠡ ᠬᠠᠯᠳᠠᠪᠤᠷᠢᠯᠠᠭ᠍ᠰᠠᠨ ᠠᠭᠤᠰᠭᠢᠨ ᠦᠷᠪᠢᠰᠦᠯ ᠤ᠋ᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠵᠢᠯᠣᠭᠣᠳᠭᠤ ᠭᠠᠵᠠᠷ ᠡᠴᠡ ᠣᠢᠯᠠᠭᠠᠭ᠍ᠰᠠᠨ᠎ᠢᠶᠠᠷ᠂ ᠣᠳᠣᠬᠠᠨ᠎ᠤ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠᠢᠳᠠᠯ᠎ᠢ ᠦᠨᠳᠦᠰᠦᠯᠡᠨ᠂ ᠡᠬᠢᠨ᠎ᠦ ᠬᠤᠭᠤᠴᠠᠭᠠᠨ᠎ᠳᠤ ᠳᠣᠣᠷ᠎ᠠ ᠲᠦᠭ᠌ᠰᠢᠭᠦᠷᠢᠳᠤ᠂ ᠳᠤᠮᠳᠠ ᠲᠦᠭ᠌ᠰᠢᠭᠦᠷᠢᠳᠤ ᠰᠠᠭᠤᠭᠠᠯᠢ ᠠᠷᠠᠳ ᠤ᠋ᠨ ᠲᠣᠭᠣᠷᠢᠭ᠎ᠤᠨ ᠬᠠᠮ ᠳᠡᠯᠭᠡᠭᠦᠷ᠂ ᠳᠦᠭᠦᠮ ᠦᠵᠡᠭᠦᠯᠬᠦ ᠳᠡᠯᠭᠡᠭᠦᠷ ᠪᠣᠯᠤᠨ ᠵᠡᠭᠡᠯᠢ ᠳᠠᠭᠠᠤ᠎ᠶ᠋ᠢᠨ ᠲᠤᠮᠤ ᠬᠡᠯᠪᠡᠷᠢ᠎ᠶ᠋ᠢᠨ ᠬᠡᠯᠬᠢᠶ᠎ᠠ᠎ᠳᠤ ᠳᠦᠭᠦᠮ ᠦᠵᠡᠭᠦᠯᠬᠦ ᠳᠡᠯᠭᠡᠭᠦᠷ᠎ᠢ ᠨᠡᠭᠡᠭᠡᠭ᠌ᠰᠡᠨ ᠰᠠᠭᠤᠷᠢᠨ ᠳᠡᠭᠡᠷ᠎ᠡ᠂ ᠬᠥᠬᠡᠬᠣᠲᠠ ᠵᠡᠭᠡᠯᠢ ᠳᠠᠭᠠᠤ᠎ᠶ᠋ᠢᠨ ᠠᠮᠢᠳᠤᠷᠠᠯ᠎ᠤᠨ ᠡᠳ᠋ ᠪᠣᠳᠠᠰ᠎ᠲᠤ ᠬᠣᠯᠪᠣᠭ᠍ᠳᠠᠬᠤ ᠡᠵᠡᠩᠨᠡᠯᠲᠡ᠎ᠶ᠋ᠢᠨ ᠨᠢᠭᠡᠴᠢ᠎ᠶ᠋ᠢᠨ ᠡᠵᠡᠩᠨᠡᠯᠲᠡ᠎ᠶ᠋ᠢ ᠰᠡᠷᠭᠦᠭᠡᠪᠡ᠃
11 ᠰᠠᠷ᠎ᠠ᠎ᠶ᠋ᠢᠨ 6 ᠤ᠋ ᠡᠳᠦᠷ᠎ᠡᠴᠡ ᠡᠬᠢᠯᠡᠨ᠂ ᠬᠥᠬᠡᠬᠣᠲᠠ᠎ᠶ᠋ᠢᠨ ᠳᠥᠷᠪᠡᠨ ᠲᠣᠭᠣᠷᠢᠭ᠂ ᠲᠦᠮᠡᠳ ᠵᠡᠭᠦᠨ ᠬᠣᠱᠢᠭᠤᠨᠤᠶ᠋ᠢᠨᠴᠤᠸᠠᠨ ᠣᠷᠣᠨ ᠪᠦᠰᠡ᠂ ᠠᠵᠤ ᠠᠬᠤᠶ ᠮᠡᠷᠭᠡᠵᠢᠯ᠎ᠦᠨ ᠨᠡᠭᠡᠭᠡᠯᠲᠡ᠎ᠶ᠋ᠢᠨ ᠲᠣᠭᠣᠷᠢᠭ᠎ᠤᠨ ᠬᠡᠪᠴᠢᠶᠡᠨ᠎ᠳᠦ᠂ ᠠᠮᠢᠳᠤᠷᠠᠯ᠎ᠤᠨ ᠡᠳ᠋ ᠪᠣᠳᠠᠰ ᠡᠵᠡᠩᠨᠡᠨ ᠪᠣᠷᠣᠯᠠᠭᠤᠯᠬᠤ ᠬᠠᠮ ᠳᠡᠯᠭᠡᠭᠦᠷ᠂ ᠲᠥᠬᠥᠮ ᠦᠵᠡᠭᠦᠯᠬᠦ ᠳᠡᠯᠭᠡᠭᠦᠷ᠂ ᠲᠦᠭᠦᠬᠡᠶ ᠰᠣᠷᠭᠣᠭ ᠢᠳᠡᠭᠡᠨ᠎ᠦ ᠳᠡᠯᠭᠡᠭᠦᠷ᠂ ᠠᠮᠤ ᠲᠣᠰᠣᠨ᠎ᠤ ᠳᠡᠯᠭᠡᠭᠦᠷ᠂ ᠬᠣᠯᠢᠱᠢᠨ ᠢᠳᠡᠭᠡᠨ᠎ᠦ ᠳᠡᠯᠭᠡᠭᠦᠷ᠂ ᠬᠥᠯᠳᠡᠭᠦᠦ ᠡᠳ᠋ ᠪᠠᠷᠠᠭᠠᠨ ᠤ᠋ ᠳᠡᠯᠭᠡᠭᠦᠷ ᠵᠡᠷᠭᠡ ᠵᠡᠭᠡᠯᠢ ᠳᠠᠭᠠᠤ ᠳᠡᠯᠭᠡᠭᠦᠷ ᠬᠤᠲᠠᠯᠲᠤᠭ᠎ᠠ (ᠳᠣᠷᠣᠭ᠍ᠰᠢ 《ᠨᠢᠭᠡ ᠬᠠᠮ ᠲᠡᠯᠭᠡᠭᠦᠷ ᠵᠢᠴᠢ ᠲᠠᠪᠤᠨ ᠳᠡᠯᠭᠡᠭᠦᠷ》 ᠭᠡᠵᠦ᠍ ᠲᠦᠬᠦᠮᠴᠢᠯᠡᠨ᠎ᠠ ) ᠡᠮᠬᠢ ᠵᠢᠷᠤᠮ᠎ᠲᠠᠶ᠎ᠪᠠᠷ ᠡᠵᠡᠨᠭᠨᠡᠯᠳᠠ ᠪᠡᠨ ᠰᠡᠷᠬᠦᠭᠡᠪᠡ᠃ 《ᠨᠢᠭᠡ ᠬᠠᠮ ᠲᠡᠯᠭᠡᠭᠦᠷ ᠵᠢᠴᠢ ᠲᠠᠪᠤᠨ ᠳᠡᠯᠭᠡᠭᠦᠷ》 ᠤ᠋ᠨ ᠠᠵᠢᠯᠯᠠᠭ᠍ᠰᠠᠳ ᠪᠠᠢᠭᠤᠯᠭ᠎ᠠ ᠨᠢᠭᠡᠴᠢ᠎ᠶ᠋ᠢᠨ ᠵᠢᠡᠨ ᠠᠵᠢᠯ᠎ᠤᠨ ᠭᠡᠷᠡᠴᠢ᠎ᠪᠡᠨ ᠠᠪᠴᠤ᠌᠂ ᠣᠷᠣᠱᠢᠨ ᠰᠠᠭᠤᠵᠤ ᠪᠠᠢᠭ᠎ᠠ ᠲᠤᠤᠷ᠎ᠠ ᠲᠦᠭ᠌ᠰᠢᠭᠦᠷᠢᠳᠤ ᠰᠠᠭᠤᠭᠠᠯᠢ ᠠᠷᠠᠳ ᠤ᠋ᠨ ᠲᠣᠭᠣᠷᠢᠭ᠂ ᠬᠢᠵᠢᠭ ᠥᠬᠡᠶ ᠰᠠᠭᠤᠭᠠᠯᠢ ᠠᠷᠠᠳ ᠤ᠋ᠨ ᠲᠣᠭᠣᠷᠢᠭ ᠲᠠᠭᠠᠨ ᠭᠤᠶᠤᠴᠢᠯᠠᠯ ᠭᠠᠷᠭᠠᠵᠤ᠂ ᠪᠠᠢᠴᠠᠭᠠᠨ ᠱᠢᠯᠭᠠᠵᠤ ᠬᠢᠨᠠᠨ ᠬᠠᠷᠭᠤᠭᠤᠯᠵᠤ ᠳᠠᠩᠰᠠᠯᠠᠭᠤᠯᠤᠭ᠍ᠰᠠᠨ᠎ᠤ ᠳᠠᠷᠠᠭ᠎ᠠ ᠳᠠᠷᠤᠶ ᠰᠠᠭᠤᠭᠠᠯᠢ ᠠᠷᠠᠳ ᠤ᠋ᠨ ᠲᠣᠭᠣᠷᠢᠭ᠎ᠡᠴᠡ ᠭᠠᠷᠴᠤ᠌ ᠪᠣᠯᠤᠨ᠎ᠠ; ᠡᠵᠡᠩᠨᠡᠯᠲᠡ᠎ᠶ᠋ᠢᠨ ᠬᠢᠷᠢ ᠬᠡᠮ᠎ᠲᠡᠶ 《ᠨᠢᠭᠡ ᠬᠠᠮ ᠲᠡᠯᠭᠡᠭᠦᠷ ᠵᠢᠴᠢ ᠲᠠᠪᠤᠨ ᠳᠡᠯᠭᠡᠭᠦᠷ》 ᠨᠢ ᠡᠷᠬᠡᠪᠰᠢ ᠡᠵᠡᠩᠨᠡᠯᠲᠡ᠎ᠶ᠋ᠢᠨ ᠲᠠᠯᠠᠪᠤᠷ ᠭᠠᠵᠠᠷ᠂ ᠳᠡᠯᠭᠡᠭᠦᠷ᠎ᠦᠨ ᠳᠣᠲᠣᠷᠠᠬᠢ ᠲᠥᠬᠥᠭᠡᠷᠦᠮᠵᠢ ᠵᠢ ᠴᠡᠪᠡᠷᠱᠢᠭᠦᠯᠦᠨ ᠠᠷᠢᠭᠤᠳᠭᠠᠬᠤ ᠵᠡᠷᠭᠡ ᠡᠮᠦᠨᠡᠬᠢ ᠬᠤᠭᠤᠴᠠᠭᠠᠨ᠎ᠤ ᠪᠡᠯᠡᠳᠭᠡᠯ ᠠᠵᠢᠯ᠎ᠢ ᠪᠡᠶᠡᠯᠡᠭᠦᠯᠬᠦ᠌ ᠬᠡᠷᠡᠭ᠌ᠲᠡᠶ᠃ ᠬᠤᠭᠤᠴᠠᠭ᠎ᠠ ᠨᠢ ᠥᠩᠭᠡᠷᠡᠭ᠌ᠰᠡᠨ ᠢᠳᠡᠭᠡᠨ᠎ᠢ ᠲᠤᠢᠯᠪᠤᠷᠢᠲᠠᠶ ᠪᠠᠢᠴᠠᠭᠠᠵᠤ᠂ ᠬᠤᠭᠤᠴᠠᠭ᠎ᠠ ᠨᠢ ᠥᠩᠭᠡᠷᠡᠭ᠌ᠰᠡᠨ ᠢᠳᠡᠭᠡᠨ᠎ᠢ ᠴᠥᠮ ᠬᠤᠳᠠᠯᠳᠤᠬᠤ᠎ᠡᠴᠡ ᠪᠠᠭᠤᠯᠭᠠᠨ ᠱᠢᠶ᠋ᠳᠪᠦᠷᠢᠯᠡᠭ᠌ᠰᠡᠨᠦ ᠳᠠᠷᠠᠭ᠎ᠠ ᠥᠪᠡᠰᠤᠪᠡᠨ ᠡᠵᠡᠩᠨᠡᠯᠲᠡ᠎ᠪᠡᠨ ᠰᠡᠷᠭᠦᠭᠡᠵᠦ᠍ ᠪᠣᠯᠤᠨ᠎ᠠ᠃ 《ᠨᠢᠭᠡ ᠬᠠᠮ ᠲᠡᠯᠭᠡᠭᠦᠷ ᠵᠢᠴᠢ ᠲᠠᠪᠤᠨ ᠳᠡᠯᠭᠡᠭᠦᠷ》 ᠤ᠋ᠨ ᠠᠵᠢᠯᠯᠠᠭ᠍ᠰᠠᠳ ᠲᠸ᠋ ᠡᠷᠬᠡᠪᠰᠢ ᠪᠢᠲᠡᠭᠦᠮᠵᠢᠯᠡᠭ᠌ᠰᠡᠨ ᠬᠠᠮᠢᠶᠠᠷᠤᠯᠲᠠ᠎ᠶ᠋ᠢ ᠬᠡᠷᠡᠭ᠌ᠵᠢᠭᠦᠯᠵᠦ᠍᠂ ᠳᠡᠯᠭᠡᠭᠦᠷ᠎ᠲᠦ ᠰᠠᠭᠤᠵᠤ ᠪᠠᠢᠬᠤ ᠬᠡᠷᠡᠭ᠌ᠲᠡᠶ᠃
《ᠨᠢᠭᠡ ᠬᠠᠮ ᠲᠡᠯᠭᠡᠭᠦᠷ ᠵᠢᠴᠢ ᠲᠠᠪᠤᠨ ᠳᠡᠯᠭᠡᠭᠦᠷ》 ᠨᠢ ᠰᠦᠯᠵᠢᠶᠡᠨ ᠳᠡᠭᠡᠷᠡᠬᠢ ᠪᠠ ᠪᠤᠳᠠᠳᠤ ᠴᠤᠬᠴᠠ ᠵᠢ ᠤᠶᠠᠯᠳᠤᠭᠤᠯᠤᠭ᠍ᠰᠠᠨ ᠡᠵᠡᠩᠨᠡᠯᠲᠡ᠎ᠶ᠋ᠢᠨ ᠵᠠᠭ᠍ᠪᠤᠷ᠎ᠢ ᠠᠪᠴᠤ᠌ ᠪᠣᠯᠤᠨ᠎ᠠ᠃ ᠰᠦᠯᠵᠢᠶᠡᠨ ᠳᠡᠭᠡᠷ᠎ᠡ ᠲᠤᠰ ᠳᠡᠯᠭᠡᠭᠦᠷ᠎ᠦᠨ ᠠᠵᠢᠯᠲᠠᠳ ᠦᠯᠤ ᠬᠦᠷᠦᠯᠴᠡᠬᠦ᠌ ᠠᠷᠭ᠎ᠠ ᠠᠪᠴᠤ᠌᠂ ᠤᠢᠷ᠎ᠠ ᠬᠠᠪᠢ᠎ᠳᠤ ᠲᠣᠬᠢᠷᠠᠭᠤᠯᠤᠨ ᠬᠦᠷᠭᠡᠵᠤ ᠪᠤᠯᠤᠨ᠎ᠠ᠃ ᠰᠠᠭᠤᠭᠠᠯᠢ ᠠᠷᠠᠳ᠎ᠤᠨ ᠲᠣᠭᠣᠷᠢᠭ᠎ᠤᠨ ᠲᠣᠬᠢᠷᠠᠭᠤᠯᠤᠨ ᠬᠦᠷᠭᠡᠬᠦ᠌ ᠴᠡᠭ᠎ᠲᠦ ᠬᠦᠷᠦᠭ᠌ᠰᠡᠨ᠎ᠦ ᠳᠠᠷᠠᠭ᠎ᠠ᠂ ᠡᠳ᠋ ᠪᠣᠳᠠᠰ᠎ᠢ ᠲᠤᠰᠬᠠᠢ ᠲᠤᠰᠠᠭᠠᠷᠯᠠᠬᠤ ᠣᠷᠣᠨ᠎ᠳᠤ ᠲᠠᠯᠪᠢᠬᠤ᠎ᠶ᠋ᠢᠨ ᠬᠠᠮᠲᠤ ᠨᠡᠢᠭᠡᠮ ᠲᠣᠭᠣᠷᠢᠭ᠎ᠤᠨ ᠠᠵᠢᠯᠲᠠᠨ᠎ᠳᠤ ᠮᠡᠳᠡᠭ᠌ᠳᠡᠬᠦ ᠭᠡᠷᠡᠭᠳᠠᠢ; ᠪᠤᠳᠠᠳᠤ ᠴᠤᠬᠴᠠ ᠵᠢᠨ ᠳᠡᠯᠭᠡᠭᠦᠷ᠎ᠦᠨ ᠭᠠᠳᠠᠨ᠎ᠠ ᠮᠥᠷᠦᠯᠡᠬᠦ᠌᠂ ᠠᠮᠤᠷ ᠲᠦᠪᠱᠢᠨ᠎ᠦ ᠵᠠᠶ᠎ᠶ᠋ᠢ ᠪᠠᠲᠤᠯᠠᠬᠤ᠂ ᠺᠣᠳ᠋ ᠱᠢᠷᠪᠢᠵᠦ᠍ ᠰᠦᠶ᠋ᠳᠭᠡᠯ ᠲᠤᠱᠢᠶᠠᠬᠤ᠂ ᠦᠯᠤ ᠬᠦᠷᠦᠯᠴᠡᠵᠤ ᠪᠠᠷᠠᠭ᠎ᠠ ᠲᠤᠰᠢᠶᠠᠬᠤ ᠪᠠ ᠬᠦᠯᠢᠶᠠᠨ ᠠᠪᠬᠤ ᠠᠷᠭ᠎ᠠ ᠮᠠᠶᠢᠭ᠎ᠢᠶᠠᠷ ᠪᠣᠷᠣᠯᠠᠭᠤᠯᠬᠤ ᠭᠡᠷᠡᠭᠳᠠᠢ᠃ 《ᠨᠢᠭᠡ ᠬᠠᠮ ᠲᠡᠯᠭᠡᠭᠦᠷ ᠪᠤᠶᠤ ᠲᠠᠪᠤᠨ ᠳᠡᠯᠭᠡᠭᠦᠷ》 ᠨᠢ ᠡᠳᠦᠷ ᠪᠦᠷᠢ ᠡᠭᠦᠳᠡ᠎ᠪᠡᠨ ᠨᠡᠭᠡᠭᠡᠵᠦ᠍ ᠡᠵᠡᠩᠨᠡᠬᠦ᠌᠎ᠡᠴᠡ ᠡᠮᠦᠨ᠎ᠡ᠂ ᠡᠭᠦᠳᠡᠨ ᠳᠡᠯᠭᠡᠭᠦᠷ᠎ᠦᠨ ᠣᠯᠠᠨ ᠨᠡᠢᠲᠡ᠎ᠶ᠋ᠢᠨ ᠤᠷᠤᠨ ᠪᠦᠰᠡ ᠵᠢᠨ ᠠᠷᠢᠭᠤᠳᠭᠠᠯᠢ ᠰᠠᠢᠲᠤᠷ ᠬᠢᠵᠦ᠍᠂ ᠦᠳᠡ᠎ᠶ᠋ᠢᠨ ᠡᠮᠦᠨ᠎ᠡ ᠪᠠ ᠦᠳᠡ᠎ᠶ᠋ᠢᠨ ᠬᠣᠢᠨ᠎ᠠ ᠲᠣᠰ ᠲᠣᠰ ᠨᠢᠭᠡ ᠤᠳᠠᠭ᠎ᠠ ᠰᠠᠯᠬᠢ ᠨᠡᠪᠲᠡᠷᠡᠭᠦᠯᠬᠦ᠌ ᠬᠡᠷᠡᠭ᠌ᠲᠡᠶ᠃ ᠡᠳᠦᠷ ᠪᠦᠷᠢ᠎ᠶ᠋ᠢᠨ ᠦᠳᠡ᠎ᠳᠦ ᠲᠦᠷ ᠴᠠᠭ ᠡᠭᠦᠳᠡ᠎ᠪᠡᠨ ᠬᠠᠭᠠᠵᠤ᠂ ᠳᠡᠯᠭᠡᠭᠦᠷ᠎ᠢᠶᠡᠨ ᠨᠢᠭᠡ ᠤᠳᠠᠭ᠎ᠠ ᠪᠦᠬᠦ᠌ ᠲᠠᠯ᠎ᠠ᠎ᠪᠠᠷ ᠠᠷᠢᠭᠤᠳᠭᠠᠬᠤ ᠬᠡᠷᠡᠭ᠌ᠲᠡᠶ; ᠠᠵᠢᠯᠯᠠᠵᠤ ᠪᠠᠢᠭ᠎ᠠ ᠬᠥᠮᠦᠰ ᠡᠷᠬᠡᠪᠰᠢ ᠬᠠᠮᠠᠭᠠᠯᠠᠯᠲᠠ᠎ᠶ᠋ᠢᠨ ᠬᠤᠪᠴᠠᠰᠤ ᠡᠮᠦᠰᠴᠦ᠍᠂ N95 ᠠᠮᠠᠪᠴᠢ ᠵᠡᠭᠦᠵᠦ᠍᠂ ᠪᠡᠭᠡᠯᠡᠶ ᠵᠡᠭᠦᠵᠦ᠍ ᠠᠵᠢᠯ᠎ᠤᠨ ᠪᠠᠢᠷᠢ᠎ᠳᠤ ᠭᠠᠷᠬᠤ ᠬᠡᠷᠡᠭ᠌ᠲᠡᠶ᠃ ᠡᠳᠦᠷ ᠪᠦᠷᠢ ᠵᠠᠪᠠᠯ ᠨᠢᠭᠡ ᠤᠳᠠᠭ᠎ᠠ ᠪᠥᠭᠡᠮ ᠬᠦᠴᠢᠯ᠎ᠦᠨ ᠪᠠᠢᠴᠠᠭᠠᠯᠲᠠ ᠬᠢᠵᠦ᠍᠂ ᠡᠳᠦᠷ ᠪᠦᠷᠢ ᠵᠠᠪᠠᠯ ᠬᠣᠶᠠᠷ ᠤᠳᠠᠭ᠎ᠠ ᠠᠨᠲ᠋ᠢᠪᠤᠳᠢ ᠵᠢᠨ ᠤᠷᠪᠠᠯ ᠤ᠋ᠨ ᠪᠠᠢᠴᠠᠭᠠᠯᠲᠠ ᠬᠢᠬᠦ᠌ ᠬᠡᠷᠡᠭ᠌ᠲᠡᠶ᠃ ᠥᠷᠯᠥᠭᠡ ᠪᠦᠷᠢ ᠠᠵᠢᠯ᠎ᠤᠨ ᠪᠠᠢᠷᠢ᠎ᠳᠤ ᠭᠠᠷᠬᠤ᠎ᠡᠴᠡ ᠪᠠᠨ ᠡᠮᠦᠨ᠎ᠡ᠂ ᠡᠷᠬᠡᠪᠰᠢ ᠡᠮᠦᠨ᠎ᠡ ᠡᠳᠦᠷ᠎ᠦᠨ ᠪᠥᠭᠡᠮ ᠬᠦᠴᠢᠯ᠎ᠦᠨ ᠪᠠᠢᠴᠠᠭᠠᠯᠳᠠ ᠵᠢᠨ ᠦᠷ᠎ᠡ ᠳ᠋ᠦᠩ᠎ᠢ ᠪᠠᠢᠴᠠᠭᠠᠨ ᠱᠢᠯᠭᠠᠵᠤ᠂ ᠠᠨᠲ᠋ᠢᠪᠤᠳᠢ ᠵᠢᠨ ᠤᠷᠪᠠᠯ ᠤ᠋ᠨ ᠪᠠᠢᠴᠠᠭᠠᠯᠲᠠ᠎ᠶ᠋ᠢ ᠨᠢᠭᠡ ᠤᠳᠠᠭ᠎ᠠ ᠬᠢᠵᠦ᠍᠂ ᠪᠦᠬᠦᠨ᠎ᠢᠶᠡᠷ᠎ᠢᠶᠡᠨ ᠪᠢᠯᠢᠭ ᠴᠢᠨᠠᠷᠲᠠᠶ ᠪᠠᠢᠪᠠᠯ ᠰᠠᠶᠢ ᠠᠵᠢᠯ᠎ᠤᠨ ᠪᠠᠢᠷᠢ᠎ᠳᠤ ᠭᠠᠷᠴᠤ᠌ ᠠᠵᠢᠯᠯᠠᠵᠤ ᠪᠣᠯᠤᠨ᠎ᠠ᠃ ᠣᠷᠣᠢ ᠪᠠᠰᠠ ᠨᠢᠭᠡ ᠤᠳᠠᠭ᠎ᠠ ᠠᠨᠲ᠋ᠢᠪᠤᠳᠢ ᠵᠢᠨ ᠤᠷᠪᠠᠯ ᠤ᠋ᠨ ᠪᠠᠢᠴᠠᠭᠠᠯᠲᠠ ᠬᠢᠨ᠎ᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃