ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠮᠡᠳᠡᠭᠡᠯᠡᠯ

2022-11-07 16:58:22

ᠵᠣᠬᠢᠶᠠᠭ᠍ᠴᠢ᠄ ᠵᠧᠩ ᠱᠢᠤᠸᠠᠢ ᠯᠢᠶᠠᠩ ᠸᠠᠩ ᠶᠠ ᠵᠢᠩ ᠣᠩᠱᠢᠭ᠍ᠰᠠᠨ ᠣᠳᠠᠭ᠎ᠠ᠄ 3

ᠬᠥᠬᠡᠬᠣᠲᠠ 《 ᠵᠢᠷᠭᠤᠭᠠᠨ ᠪᠣᠯᠬᠤ ᠥᠬᠡᠶ 》 ᠱᠠᠭᠠᠷᠳᠠᠯᠭ᠎ᠠ ᠳᠤᠷᠠᠳᠴᠤ᠌ ᠣᠯᠠᠨ ᠲᠦᠮᠡᠨ᠎ᠦ ᠡᠪᠡᠳᠴᠢᠨ ᠦᠵᠡᠭᠦᠯᠬᠦ᠌ ᠠᠷᠭ᠎ᠠ ᠵᠠᠮ᠎ᠢ ᠱᠢᠯᠤᠭᠤᠳᠭᠠᠨ᠎ᠠ

ᠰᠤᠷᠪᠤᠯᠵᠢᠯᠠᠭ᠍ᠴᠢ 11 ᠰᠠᠷ᠎ᠠ᠎ᠶ᠋ᠢᠨ 6 ᠤ᠋ ᠡᠳᠦᠷ ᠬᠤᠷᠠᠯᠳᠤᠭ᠍ᠰᠠᠨ ᠬᠥᠬᠡᠬᠣᠲᠠ᠎ᠶ᠋ᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠰᠣᠨᠢᠨ ᠮᠡᠳᠡᠭᠡ ᠨᠡᠢᠲᠡᠯᠡᠬᠦ᠌ ᠬᠤᠷᠠᠯ (69 ᠳ᠋ᠤᠭᠡᠷ ᠲᠠᠯᠠᠪᠠᠢ) ᠡᠴᠡ ᠣᠢᠯᠠᠭᠠᠭ᠍ᠰᠠᠨ᠎ᠢᠶᠠᠷ᠂ ᠬᠥᠬᠡᠬᠣᠲᠠ 《ᠵᠢᠷᠭᠤᠭᠠᠨ ᠪᠣᠯᠬᠤ ᠦᠭᠡᠢ》 ᠱᠠᠭᠠᠷᠳᠠᠯᠭ᠎ᠠ ᠳᠤᠷᠠᠳᠴᠤ᠌᠂ ᠤᠯᠠᠨ ᠲᠦᠮᠡᠨ᠎ᠦ ᠡᠪᠡᠳᠴᠢᠨ ᠦᠵᠡᠭᠦᠯᠬᠦ᠌ ᠠᠷᠭ᠎ᠠ ᠵᠠᠮ᠎ᠢ ᠱᠢᠯᠤᠭᠤᠳᠭᠠᠪᠠ᠃

ᠨᠢᠭᠡ᠎ᠳᠦ᠂ 120 ᠤ᠋ᠨ ᠲᠦᠷᠭᠡᠨ ᠠᠪᠤᠷᠠᠯᠳᠠ᠎ᠶ᠋ᠢᠨ ᠲᠡᠷᠭᠡ ᠰᠠᠭᠤᠭᠠᠯᠢ ᠠᠷᠠᠳ ᠤ᠋ᠨ ᠲᠣᠭᠣᠷᠢᠭ(ᠲᠣᠰᠭᠣᠨ)᠂ ᠡᠮᠴᠢᠯᠡᠭᠡᠨ᠎ᠦ ᠪᠠᠢᠭᠤᠯᠤᠮᠵᠢ᠎ᠪᠠᠷ ᠰᠠᠭᠠᠳ ᠥᠬᠡᠶ ᠨᠡᠪᠲᠡᠷᠡᠬᠦ᠌᠎ᠶ᠋ᠢ ᠪᠠᠲᠤᠯᠠᠵᠤ᠂ ᠶᠠᠮᠠᠷᠪᠠ ᠬᠡᠯᠪᠡᠷᠢ᠂ ᠶᠠᠮᠠᠷᠪᠠ ᠱᠢᠯᠲᠠᠭᠠᠨ᠎ᠢᠶᠠᠷ ᠣᠷᠣᠵᠤ ᠭᠠᠷᠬᠤ᠎ᠶ᠋ᠢ ᠬᠢᠵᠠᠭᠠᠷᠯᠠᠵᠤ ᠪᠣᠯᠬᠤ ᠥᠬᠡᠶ᠃ ᠡᠪᠡᠳᠴᠢᠲᠡᠨ᠎ᠢ ᠡᠮᠨᠡᠭᠦᠯᠬᠦ ᠪᠡᠷ ᠬᠦᠷᠭᠡᠬᠦ ᠪᠤᠰᠤᠳ ᠨᠡᠢᠭᠡᠮ᠎ᠦᠨ ᠲᠡᠷᠭᠡ ᠵᠢ ᠴᠠᠭ ᠲᠤᠬᠠᠢ ᠳ᠋ᠤᠨᠢ ᠪᠥᠭᠡᠮ ᠬᠦᠴᠢᠯ᠎ᠦᠨ ᠪᠢᠯᠢᠭ ᠴᠢᠨᠠᠷ᠎ᠤᠨ ᠭᠡᠷᠡᠴᠢ᠂ ᠡᠷᠡᠭᠦᠯ ᠮᠡᠨᠳᠦ᠍᠎ᠶ᠋ᠢᠨ ᠺᠣᠳ᠋᠎ᠢ᠎ᠨᠢ ᠪᠠᠢᠴᠠᠭᠠᠨ ᠱᠢᠯᠭᠠᠭ᠍ᠰᠠᠨ᠎ᠤ ᠳᠠᠷᠠᠭ᠎ᠠ ᠲᠦᠷᠭᠡᠨ ᠨᠡᠪᠲᠡᠷᠡᠭᠦᠯᠬᠦ ᠬᠡᠷᠡᠭ᠌ᠲᠡᠶ᠃

ᠬᠣᠶᠠᠷ᠎ᠲᠤ᠂ 120 ᠤ᠋ᠨ ᠡᠮᠴᠢᠯᠡᠭᠡᠨ᠎ᠦ ᠲᠦᠷᠭᠡᠨ ᠠᠪᠤᠷᠠᠯᠳᠠ᠎ᠶ᠋ᠢᠨ ᠵᠢᠯᠣᠭᠣᠳᠭᠤ ᠲᠥᠪ ᠲᠦᠷᠭᠡᠨ ᠴᠢᠨᠠᠷᠲᠠᠶ ᠵᠢᠷᠦᠬᠡᠨ᠎ᠦ ᠮᠠᠭᠤᠳᠠᠯ᠂ ᠲᠦᠷᠭᠡᠨ ᠴᠢᠨᠠᠷᠲᠠᠶ ᠭᠡᠮᠲᠦᠯ᠂ ᠵᠢᠷᠦᠬᠡᠨ ᠪᠤᠯᠴᠢᠩ᠎ᠤᠨ ᠲᠦᠭ᠌ᠵᠢᠷᠡᠯ ᠵᠡᠷᠭᠡ ᠪᠠᠴᠢᠮ ᠲᠦᠭ᠌ᠰᠢᠭᠦᠷᠢᠲᠡᠶ ᠬᠦᠨᠳᠦ ᠡᠪᠡᠳᠴᠢᠲᠡᠨ᠎ᠦ ᠲᠦᠷᠭᠡᠨ ᠠᠪᠤᠷᠠᠯᠳᠠ᠎ᠶ᠋ᠢᠨ ᠤᠲᠠᠰᠤ᠎ᠶ᠋ᠢ ᠳᠤᠰᠤᠭ᠍ᠰᠠᠨ᠎ᠤ ᠳᠠᠷᠠᠭ᠎ᠠ᠂ ᠤᠢᠷ᠎ᠠ ᠬᠠᠪᠢ ᠳ᠋ᠤᠨᠢ ᠲᠤᠬᠢᠷᠠᠭᠤᠯᠬᠤ᠂ ᠪᠠᠴᠢᠮ ᠲᠤᠬᠢᠷᠠᠭᠤᠯᠬᠤ ᠵᠠᠷᠴᠢᠮ᠎ᠢᠶᠠᠷ ᠲᠡᠷᠭᠡ ᠲᠣᠬᠢᠷᠠᠭᠤᠯᠵᠤ᠂ ᠴᠠᠭ ᠲᠤᠬᠠᠶ᠎ᠳᠤᠨᠢ ᠲᠤᠬᠠᠶ᠎ᠶ᠋ᠢᠨ ᠲᠠᠯᠠᠪᠠᠶ᠎ᠳᠤ ᠬᠦᠷᠴᠤ᠂ ᠶᠠᠮᠠᠷᠪᠠ ᠱᠢᠯᠲᠠᠭᠠᠨ᠎ᠢᠶᠠᠷ ᠠᠪᠤᠷᠠᠨ ᠵᠠᠰᠠᠵᠤ ᠱᠢᠯᠵᠢᠭᠦᠯᠬᠦ᠌᠎ᠶ᠋ᠢ ᠰᠠᠭᠠᠲᠠᠭᠠᠵᠤ ᠪᠣᠯᠬᠤ ᠥᠬᠡᠶ᠃

ᠭᠤᠷᠪᠠ᠎ᠳᠤ᠂ ᠰᠠᠭᠤᠭᠠᠯᠢ ᠠᠷᠠᠳ᠎ᠤᠨ ᠲᠣᠭᠣᠷᠢᠭ (ᠲᠣᠰᠭᠣᠨ) ᠤ᠋ᠨ ᠳᠣᠲᠣᠷᠠᠬᠢ ᠭᠠᠳᠠᠭ᠍ᠰᠢ ᠭᠠᠷᠴᠤ᠌ ᠡᠮᠨᠡᠭᠦᠯᠬᠦ᠌ ᠴᠢᠬᠤᠯᠠᠲᠠᠶ ᠨᠣᠭᠣᠭᠠᠨ ᠺᠣᠳ᠋᠎ᠲᠠᠶ ᠡᠪᠡᠳᠴᠢᠲᠡᠨ ᠥᠪᠡᠰᠦᠪᠡᠨ ᠬᠦᠷᠴᠦ᠍ ᠪᠣᠯᠤᠨ᠎ᠠ᠂ ᠡᠮᠨᠡᠭᠦᠯᠦᠭ᠌ᠰᠡᠨ᠎ᠦ ᠳᠠᠷᠠᠭ᠎ᠠ ᠰᠠᠭᠤᠭᠠᠯᠢ ᠠᠷᠠᠳ᠎ᠤᠨ ᠲᠣᠭᠣᠷᠢᠭ᠎ᠲᠠᠭᠠᠨ ᠪᠤᠴᠠᠵᠤ ᠺᠣᠳ᠋᠎ᠢᠶᠠᠨ ᠱᠢᠷᠪᠢᠭ᠌ᠰᠡᠨ᠎ᠦ ᠳᠠᠷᠠᠭ᠎ᠠ ᠣᠷᠣᠵᠤ ᠪᠣᠯᠤᠨ᠎ᠠ᠂ ᠶᠠᠮᠠᠷᠪᠠ ᠱᠢᠯᠲᠠᠭᠠᠨ᠎ᠢᠶᠠᠷ ᠣᠷᠣᠵᠤ ᠭᠠᠷᠬᠤ᠎ᠶ᠋ᠢ ᠬᠣᠷᠢᠭ᠍ᠯᠠᠵᠤ ᠪᠣᠯᠬᠤ ᠥᠬᠡᠶ᠃

ᠳᠥᠷᠪᠡ᠎ᠳᠦ᠂ ᠪᠥᠬᠥ᠌ ᠬᠣᠲᠠ᠎ᠶ᠋ᠢᠨ ᠡᠯ᠎ᠡ ᠱᠠᠲᠤᠨ᠎ᠤ ᠡᠮᠴᠢᠯᠡᠭᠡᠨ᠎ᠦ ᠪᠠᠢᠭᠤᠯᠤᠮᠵᠢ᠎ᠠᠩᠬ᠎ᠠ ᠣᠨᠣᠱᠢᠯᠠᠬᠤ ᠬᠠᠷᠢᠭᠤᠴᠠᠯᠭ᠎ᠠ᠎ᠶ᠋ᠢᠨ ᠲᠦᠷᠢᠮ᠎ᠢ ᠴᠢᠩᠭ᠎ᠠ ᠨᠠᠢᠳᠠᠪᠤᠷᠢᠵᠢᠭᠤᠯᠵᠤ᠂ ᠡᠪᠡᠳᠴᠢᠲᠡᠨ ᠡᠮᠨᠡᠯᠭᠡ᠎ᠶ᠋ᠢᠨ ᠬᠣᠷᠢᠶ᠎ᠠ᠎ᠳᠤ ᠭᠦᠷᠦᠭ᠌ᠰᠡᠨ᠎ᠦ ᠳᠠᠷᠠᠭ᠎ᠠ᠂ ᠳᠠᠷᠤᠶ ᠲᠦᠷᠭᠡᠨ ᠣᠨᠣᠱᠢᠯᠠᠨ ᠡᠮᠨᠡᠵᠦ᠍᠂ ᠡᠭᠦᠨ ᠤ᠋ ᠵᠡᠷᠭᠡ ᠪᠡᠷ ᠪᠥᠭᠡᠮ ᠬᠦᠴᠢᠯ ᠤ᠋ᠨ ᠪᠠᠢᠴᠠᠭᠠᠯᠳᠠ ᠬᠢᠵᠤ᠂ ᠪᠥᠭᠡᠮ ᠬᠦᠴᠢᠯ᠎ᠦᠨ ᠪᠢᠯᠢᠭ ᠴᠢᠨᠠᠷ᠎ᠤᠨ ᠭᠡᠷᠡᠴᠢ ᠥᠬᠡᠶ ᠭᠡᠳᠡᠭ᠎ᠢᠶᠡᠷ ᠱᠢᠯᠲᠠᠭ ᠪᠣᠯᠭᠠᠵᠤ ᠬᠦᠯᠢᠶᠡᠨ ᠠᠪᠬᠤ ᠦᠭᠡᠢ ᠪᠤᠶᠤ ᠡᠮᠴᠢᠯᠡᠬᠦ ᠪᠠᠨ ᠵᠣᠭ᠍ᠰᠣᠭᠠᠵᠤ ᠪᠣᠯᠬᠤ ᠥᠬᠡᠶ᠃

ᠲᠠᠪᠤ᠎ᠳᠤ᠂ ᠪᠥᠬᠥ᠌ ᠬᠣᠲᠠ᠎ᠶ᠋ᠢᠨ ᠨᠥᠬᠥᠴᠡᠯ᠎ᠳᠦ ᠨᠡᠢᠴᠡᠬᠦ᠌ ᠡᠯ᠎ᠡ ᠱᠠᠲᠤᠨ᠎ᠤ ᠡᠮᠴᠢ ᠰᠤᠪᠢᠯᠠᠭ᠍ᠴᠢ᠎ᠨᠠᠷ ᠢᠳᠡᠪᠬᠢᠲᠡᠶ ᠪᠥᠭᠡᠳ ᠰᠠᠨᠠᠭᠠᠴᠢᠯᠠᠭ᠎ᠠ ᠡᠴᠡ᠎ᠪᠠᠨ ᠠᠵᠢᠯ᠎ᠤᠨ ᠪᠠᠢᠷᠢ᠎ᠳᠠᠭᠠᠨ ᠪᠤᠴᠠᠵᠤ ᠠᠵᠢᠯᠯᠠᠬᠤ ᠬᠡᠷᠡᠭ᠌ᠲᠡᠶ᠂ ᠤᠴᠢᠷ ᠱᠢᠯᠲᠠᠭᠠᠨ ᠥᠬᠡᠶ᠎ᠪᠡᠷ ᠠᠵᠢᠯ᠎ᠤᠨ ᠪᠠᠢᠷᠢ᠎ᠳᠠᠭᠠᠨ ᠪᠤᠴᠠᠬᠤ᠎ᠦᠭᠡᠢ ᠪᠠᠢᠵᠤ ᠪᠤᠯᠬᠤ ᠥᠬᠡᠶ᠃ ᠵᠢᠷᠭᠤᠭ᠎ᠠ᠎ᠳᠤ᠂ ᠪᠥᠬᠥ᠌ ᠬᠣᠲᠠ᠎ᠶ᠋ᠢᠨ ᠪᠣᠶ ᠪᠥᠬᠥᠶ ᠬᠣᠶᠠᠳᠤᠭᠠᠷ ᠳᠡᠰ᠎ᠤᠨ ᠡᠮᠴᠢᠯᠡᠭᠡᠨ᠎ᠦ ᠪᠠᠢᠭᠤᠯᠤᠮᠵᠢ ᠵᠢᠴᠢ ᠨᠡᠢᠭᠡᠮ ᠲᠣᠭᠣᠷᠢᠭ᠎ᠤᠨ ᠡᠷᠡᠭᠦᠯ ᠬᠠᠮᠠᠭᠠᠯᠠᠯ᠎ᠤᠨ ᠦᠶ᠋ᠯᠡᠴᠢᠯᠡᠭᠡᠨ᠎ᠦ ᠲᠥᠪ ᠠᠯᠬᠤᠮ ᠠᠯᠬᠤᠮ᠎ᠢᠶᠠᠷ ᠡᠮᠴᠢᠯᠡᠭᠡ ᠪᠠᠨ ᠡᠬᠢᠯᠡᠭᠦᠯᠬᠦ᠌᠎ᠶ᠋ᠢᠨ ᠬᠠᠮᠲᠤ ᠬᠠᠷᠢᠶᠠᠲᠤ ᠣᠷᠣᠨ᠎ᠤ ᠰᠠᠭᠤᠭᠠᠯᠢ ᠠᠷᠠᠳ᠎ᠲᠤ ᠦᠨᠳᠦᠰᠦᠨ ᠡᠮᠴᠢᠯᠡᠭᠡ ᠪᠠ ᠣᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠎ᠤᠨ ᠦᠶ᠋ᠯᠡᠴᠢᠯᠡᠭᠡ ᠬᠠᠩᠭᠠᠬᠤ ᠬᠡᠷᠡᠭᠳᠠᠢ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面