ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠮᠡᠳᠡᠭᠡᠯᠡᠯ

2022-11-07 16:54:08

ᠵᠣᠬᠢᠶᠠᠭ᠍ᠴᠢ᠄ ᠵᠧᠩ ᠱᠢᠤᠸᠠᠢ ᠯᠢᠶᠠᠩ ᠸᠠᠩ ᠶᠠ ᠵᠢᠩ ᠣᠩᠱᠢᠭ᠍ᠰᠠᠨ ᠣᠳᠠᠭ᠎ᠠ᠄ 3

ᠬᠥᠬᠡᠬᠣᠲᠠ 《ᠲᠤᠯᠤᠭᠠᠨ ᠥᠯᠥ᠍ ᠪᠣᠯᠬᠤ》 ᠨᠡᠢᠭᠡᠮ᠎ᠦᠨ ᠬᠠᠮᠢᠶᠠᠷᠤᠯᠲᠠ ᠡᠵᠡᠮᠳᠡᠯ᠎ᠦᠨ ᠱᠢᠨ᠎ᠡ ᠠᠷᠭ᠎ᠠ ᠬᠡᠮᠵᠢᠶ᠎ᠡ᠎ᠶ᠋ᠢ ᠨᠡᠢᠲᠡᠯᠡᠵᠦ᠂ ᠰᠠᠭᠤᠭᠠᠯᠢ ᠠᠷᠠᠳ᠎ᠤᠨ ᠡᠭᠦᠳᠡ᠎ᠶ᠋ᠢ ᠪᠢᠳᠡᠭᠦᠮᠵᠢᠯᠡᠭᠡᠳ ᠯᠠ ᠳᠠᠭᠤᠰᠴᠢᠬᠠᠵᠤ ᠪᠣᠯᠬᠤ ᠥᠬᠡᠶ᠂ ᠠᠰᠠᠷ᠎ᠤᠨ ᠣᠷᠣᠴᠠ᠎ᠶ᠋ᠢ ᠤᠨᠢᠰᠤᠯᠠᠭᠠᠳ ᠯᠠ ᠳᠠᠭᠤᠰᠴᠢᠬᠠᠵᠤ ᠪᠣᠯᠬᠤ ᠥᠬᠡᠶ᠂ ᠰᠠᠭᠤᠭᠠᠯᠢ ᠠᠷᠠᠳ᠎ᠤᠨ ᠲᠣᠭᠣᠷᠢᠭ᠎ᠤᠨ ᠬᠠᠭᠠᠯᠭ᠎ᠠ᠎ᠶ᠋ᠢ ᠬᠠᠭᠠᠴᠢᠬᠠᠭᠠᠳ ᠯᠡ ᠳᠠᠭᠤᠰᠴᠢᠬᠠᠵᠤ ᠪᠣᠯᠬᠤ ᠥᠬᠡᠶ ᠭᠡᠪᠡ

11 ᠰᠠᠷ᠎ᠠ᠎ᠶ᠋ᠢᠨ 6 ᠎ᠤ ᠡᠳᠦᠷ᠂ ᠬᠥᠬᠡᠬᠣᠲᠠ᠎ᠶ᠋ᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠰᠣᠨᠢᠨ ᠮᠡᠳᠡᠭᠡ ᠨᠡᠢᠲᠡᠯᠡᠬᠦ᠌ ᠬᠤᠷᠠᠯ ( 69 ᠳ᠋ᠤᠭᠡᠷ ᠲᠠᠯᠠᠪᠠᠶ ) ᠳᠡᠭᠡᠷ᠎ᠡ᠂ ᠬᠥᠬᠡᠬᠣᠲᠠ᠎ᠶ᠋ᠢᠨ ᠳᠡᠳ᠋ ᠳᠠᠷᠤᠭ᠎ᠠ ᠱᠢᠤᠢ ᠱᠸᠤ ᠵᠢᠶ ᠨᠡᠢᠭᠡᠮ᠎ᠦᠨ ᠬᠠᠮᠢᠶᠠᠷᠤᠨ ᠡᠵᠡᠮᠳᠡᠬᠦ᠌ ᠠᠵᠢᠯ᠎ᠢ ᠬᠡᠷᠬᠢᠨ ᠱᠢᠨᠵᠢᠯᠡᠬᠦ᠌ ᠤᠬᠠᠭᠠᠨᠴᠢ ᠨᠠᠷᠢᠯᠢᠭ ᠣᠨᠣᠪᠴᠢᠲᠠᠶ ᠰᠠᠢᠲᠤᠷ ᠬᠢᠬᠦ᠌ ᠲᠤᠬᠠᠶ ᠵᠠᠷᠯᠠᠨ ᠮᠡᠳᠡᠭ᠌ᠳᠡᠪᠡ᠃

ᠱᠢᠤᠢ ᠱᠸᠤ ᠵᠢᠶ ᠢᠯᠡᠷᠬᠡᠢᠯᠡᠬᠦ᠌᠎ᠳᠡᠭᠡᠨ᠂ ᠬᠥᠬᠡᠬᠣᠲᠠ 《ᠭᠠᠳᠠᠨ᠎ᠠ᠎ᠠᠴᠠ ᠬᠠᠯᠳᠠᠪᠤᠷᠢᠯᠠᠨ ᠣᠷᠣᠵᠤ ᠢᠷᠡᠬᠦ᠌᠎ᠶ᠋ᠢ ᠰᠡᠷᠭᠡᠢᠯᠡᠬᠦ᠌᠂ ᠳᠣᠲᠣᠭᠠᠳᠤ᠎ᠳᠠᠭᠠᠨ ᠳᠠᠬᠢᠨ ᠳᠡᠯᠭᠡᠷᠡᠬᠦ᠎ᠶ᠋ᠢ ᠰᠡᠷᠭᠡᠢᠯᠡᠬᠦ᠌》 ᠶᠡᠷᠦᠩᠬᠡᠶ ᠠᠷᠭ᠎ᠠ ᠪᠣᠳᠣᠯᠭ᠎ᠠ ᠪᠠ 《ᠡᠪᠡᠳᠴᠢᠨ᠎ᠤ ᠵᠢᠱᠶ᠋ᠶ᠎ᠠ ᠵᠢ ᠦᠬᠡᠢ ᠪᠤᠯᠭᠠᠬᠤ》 ᠶᠡᠷᠦᠩᠬᠡᠶ ᠴᠢᠭ᠌ᠯᠡᠯᠲᠡ᠎ᠶ᠋ᠢ ᠡᠷᠡᠰ ᠭᠤᠢᠪᠢᠰᠢ ᠥᠬᠡᠶ ᠪᠠᠷᠢᠮᠲᠠᠯᠠᠵᠤ᠂ ᠡᠮᠦᠨ᠎ᠡ ᠨᠢᠭᠡ ᠱᠠᠲᠤᠨ᠎ᠤ ᠠᠵᠢᠯ᠎ᠤᠨ ᠰᠠᠭᠤᠷᠢᠨ ᠳᠡᠭᠡᠷ᠎ᠡ᠂ ᠡᠯ᠎ᠡ ᠲᠠᠯ᠎ᠠ᠎ᠶ᠋ᠢᠨ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠬᠤ᠂ ᠠᠵᠢᠯ᠎ᠤᠨ ᠲᠣᠭ᠍ᠲᠠᠴᠠ᠎ᠶ᠋ᠢ ᠲᠡᠭᠦᠯᠳᠡᠷᠵᠢᠭᠦᠯᠬᠦ᠌᠂ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠨᠠᠷᠢᠯᠢᠬ᠍ᠵᠢᠭᠤᠯᠬᠤ᠂ ᠦᠶ᠋ᠯᠡᠴᠢᠯᠡᠭᠡᠨ᠎ᠦ ᠪᠠᠲᠤᠯᠠᠭ᠎ᠠ᠎ᠶ᠋ᠢ ᠴᠢᠩᠭᠠᠳᠭᠠᠬᠤ ᠠᠵᠢᠯ᠎ᠤᠨ ᠳᠤᠭᠤᠷᠢᠨ᠎ᠳᠦ ᠨᠡᠢᠭᠡᠮ᠎ᠦᠨ ᠬᠠᠮᠢᠶᠠᠷᠤᠨ ᠡᠵᠡᠮᠳᠡᠬᠦ᠌ ᠠᠵᠢᠯ᠎ᠢ ᠱᠢᠨᠵᠢᠯᠡᠬᠦ᠌ ᠤᠬᠠᠭᠠᠨᠴᠢ ᠨᠠᠷᠢᠯᠢᠭ ᠣᠨᠣᠪᠴᠢᠲᠠᠶ ᠰᠠᠢᠲᠤᠷ ᠬᠢᠵᠦ᠂ ᠠᠵᠢᠯ᠎ᠤᠨ ᠪᠠᠷᠢᠮᠵᠢᠶ᠎ᠠ ᠱᠠᠭᠠᠷᠳᠠᠯᠭ᠎ᠠ᠎ᠶ᠋ᠢ ᠤᠯᠠᠮ ᠨᠢᠭᠡ ᠠᠯᠬᠤᠮ ᠲᠣᠳᠣᠷᠬᠠᠢᠯᠠᠨ᠂ ᠠᠯᠢ ᠣᠯᠠᠨ ᠱᠢᠨ᠎ᠡ ᠠᠷᠭ᠎ᠠ ᠬᠡᠮᠵᠢᠶ᠎ᠡ ᠠᠪᠴᠦ ᠪᠤᠢ᠃ ᠳᠥᠭᠥᠮᠴᠢᠯᠡᠬᠦ᠌᠂ ᠨᠢᠭᠡ ᠯᠡ ᠪᠠᠷᠢᠮᠵᠢᠶ᠎ᠠ᠎ᠪᠠᠷ ᠱᠠᠭᠠᠷᠳᠠᠬᠤ ᠪᠠ ᠱᠠᠲᠤ ᠱᠠᠲᠤ᠎ᠪᠠᠷ ᠡᠭᠦᠷᠭᠡ ᠨᠡᠮᠡᠬᠦ᠌ ᠵᠡᠷᠭᠡ ᠠᠰᠠᠭᠤᠳᠠᠯ᠎ᠳᠤ ᠴᠢᠭ᠌ᠯᠡᠭᠦᠯᠦᠨ᠂ ᠪᠢᠳᠡ 《ᠳᠣᠯᠣᠭᠠᠨ ᠦᠯᠦ ᠪᠤᠯᠬᠤ》 ᠠᠷᠭ᠎ᠠ ᠬᠡᠮᠵᠢᠶ᠎ᠠ ᠳᠤᠷᠠᠳᠪᠠ᠃

ᠨᠢᠭᠡ᠎ᠳᠦ᠂ ᠳᠤᠮᠳᠠ᠂ ᠥᠨᠳᠥᠷ ᠲᠦᠭ᠌ᠰᠢᠭᠦᠷᠢᠲᠠᠢ ᠣᠷᠣᠨ᠎ᠢ ᠢᠯᠭᠠᠨ ᠲᠣᠭ᠍ᠲᠠᠭᠠᠬᠤ ᠬᠦᠷᠢᠶ᠎ᠡ ᠬᠡᠪᠴᠢᠶ᠎ᠡ᠎ᠶ᠋ᠢ ᠳᠤᠷ᠎ᠠ᠎ᠪᠠᠷ᠎ᠢᠶᠠᠨ ᠥᠷᠭᠡᠳᠭᠡᠵᠦ᠍ ᠪᠣᠯᠬᠤ ᠥᠬᠡᠶ᠂ ᠡᠷᠬᠡᠪᠰᠢ ᠱᠢᠨᠵᠢᠯᠡᠬᠦ᠌ ᠤᠬᠠᠭᠠᠨᠴᠢ᠎ᠪᠠᠷ ᠰᠤᠳᠤᠯᠤᠨ ᠮᠠᠭᠠᠳᠯᠠᠵᠤ᠂ ᠣᠨᠣᠪᠴᠢᠲᠠᠶ᠎ᠪᠠᠷ ᠢᠯᠭᠠᠨ ᠲᠣᠭ᠍ᠲᠠᠭᠠᠬᠤ ᠬᠡᠷᠡᠭ᠌ᠲᠡᠶ᠃ ᠪᠠᠢᠴᠠᠭᠠᠨ ᠰᠤᠳᠤᠯᠤᠯᠲᠠ ᠬᠢᠭ᠌ᠰᠡᠨ ᠦᠷ᠎ᠡ ᠳ᠋ᠦᠩ᠎ᠢ ᠦᠨᠳᠦᠰᠦᠯᠡᠨ᠂ ᠲᠦᠭ᠌ᠰᠢᠭᠦᠷᠢᠳᠠᠢ ᠣᠷᠣᠨ ᠪᠦᠰᠡ᠎ᠶ᠋ᠢᠨ ᠬᠡᠪᠴᠢᠶ᠎ᠡ᠎ᠶ᠋ᠢ ᠱᠢᠨᠵᠢᠯᠡᠬᠦ᠌ ᠤᠬᠠᠭᠠᠨᠴᠢ᠎ᠪᠠᠷ ᠲᠣᠭ᠍ᠲᠠᠭᠠᠵᠤ᠂ ᠠᠰᠠᠷ᠂ ᠨᠢᠭᠡᠴᠢ᠎ᠳᠦ ᠨᠠᠷᠢᠯᠢᠭ ᠣᠨᠣᠴᠠᠲᠠᠶ᠎ᠪᠠᠷ ᠬᠦᠷᠴᠦ᠍᠂ ᠨᠢᠭᠡ ᠬᠣᠶᠠᠷ ᠡᠪᠡᠳᠴᠢᠲᠡᠨ ᠭᠠᠷᠤᠭ᠍ᠰᠠᠨ᠎ᠠᠴᠠ ᠪᠣᠯᠵᠣ ᠪᠦᠬᠦᠢᠯᠡ ᠰᠠᠭᠤᠭᠠᠯᠢ ᠲᠣᠭᠣᠷᠢᠭ᠎ᠢ ᠪᠢᠲᠡᠭᠦᠮᠵᠢᠯᠡᠵᠦ᠍ ᠪᠣᠯᠬᠤ ᠥᠬᠡᠶ᠃

ᠬᠣᠶᠠᠷ᠎ᠲᠤ᠂ ᠶᠠᠪᠤᠵᠤ ᠰᠠᠭᠤᠬᠤ᠎ᠶ᠋ᠢ ᠬᠢᠵᠠᠭᠠᠷᠯᠠᠵᠤ ᠪᠠᠢᠭ᠎ᠠ ᠬᠡᠪᠴᠢᠶ᠎ᠡ᠎ᠶ᠋ᠢ ᠳᠤᠮᠳᠠ᠂ ᠥᠨᠳᠥᠷ ᠲᠦᠭ᠌ᠰᠢᠭᠦᠷᠢᠲᠡᠶ ᠣᠷᠣᠨ᠎ᠠᠴᠠ ᠳᠣᠣᠷ᠎ᠠ ᠲᠦᠭ᠌ᠰᠢᠭᠦᠷᠢᠲᠡᠶ ᠰᠠᠭᠤᠭᠠᠯᠢ ᠲᠣᠭᠣᠷᠢᠭ ᠪᠠ ᠬᠢᠵᠢᠭ ᠦᠭᠡᠢ ᠰᠠᠭᠤᠭᠠᠯᠢ ᠲᠣᠭᠣᠷᠢᠭ ᠬᠦᠷᠲᠡᠯ᠎ᠡ ᠳᠤᠷ᠎ᠠ᠎ᠪᠠᠷ᠎ᠢᠶᠠᠨ ᠥᠷᠭᠡᠳᠭᠡᠵᠦ᠍ ᠪᠣᠯᠬᠤ ᠦᠭᠡᠢ᠂ ᠡᠷᠬᠡᠪᠰᠢ ᠤᠨᠤᠴᠢᠳᠠᠢ ᠬᠠᠮᠢᠶᠠᠷᠴᠦ᠂ ᠡᠮᠬᠢ ᠵᠢᠷᠤᠮ᠎ᠲᠠᠶ ᠲᠠᠯᠪᠢᠬᠤ ᠬᠡᠷᠡᠭ᠌ᠲᠡᠢ᠃ ᠦᠨᠳᠦᠷ ᠲᠦᠭ᠌ᠰᠢᠭᠦᠷᠢᠲᠡᠶ ᠣᠷᠣᠨ᠎ᠳᠤ ᠪᠢᠲᠡᠭᠦᠮᠵᠢᠯᠡᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠴᠢᠩᠭ᠎ᠠ ᠬᠡᠷᠡᠭ᠌ᠵᠢᠭᠦᠯᠵᠦ᠍᠂ 《ᠭᠡᠷ᠎ᠡᠴᠡ᠎ᠪᠡᠨ ᠭᠠᠷᠬᠤ ᠦᠭᠡᠶ᠂ ᠭᠡᠷ᠎ᠲᠦᠨᠢ ᠬᠦᠷᠴᠦ᠍ ᠦᠢᠯᠡᠴᠢᠯᠡᠬᠦ᠌》 ᠶ᠋ᠢ ᠪᠡᠶᠡᠯᠡᠭᠦᠯᠬᠦ᠌ ᠬᠡᠷᠡᠭ᠌ᠲᠡᠶ᠃ ᠳᠤᠮᠳᠠ ᠲᠦᠭ᠌ᠰᠢᠭᠦᠷᠢᠲᠡᠶ ᠣᠷᠣᠨ᠎ᠳᠤ ᠬᠠᠮᠢᠶᠠᠷᠤᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠴᠢᠩᠭ᠎ᠠ ᠬᠡᠷᠡᠭ᠌ᠵᠢᠭᠦᠯᠵᠦ᠍᠂ 《ᠲᠣᠭᠣᠷᠢᠭ᠎ᠠᠴᠠ᠎ᠪᠠᠨ ᠭᠠᠷᠬᠤ ᠥᠬᠡᠶ᠂ ᠣᠷᠭᠢᠯ᠎ᠤᠨ ᠬᠤᠭᠤᠴᠠᠭ᠎ᠠ᠎ᠶ᠋ᠢ ᠵᠥᠷᠢᠭᠦᠯᠦᠨ ᠡᠳ᠋ ᠪᠣᠳᠠᠰ ᠠᠪᠬᠤ》 ᠶ᠋ᠢ ᠪᠡᠶᠡᠯᠡᠭᠦᠯᠦᠨ᠎ᠡ; ᠰᠠᠭᠤᠭᠠᠯᠢ ᠠᠷᠠᠳ᠎ᠤᠨ ᠲᠣᠭᠣᠷᠢᠭ ᠳᠣᠲᠣᠷᠠᠬᠢ ᠬᠡᠲᠦ ᠳᠡᠯᠭᠡᠭᠦᠷ᠂ ᠳᠥᠭᠥᠮ ᠳᠡᠯᠭᠡᠭᠦᠷ᠎ᠡᠴᠡ ᠬᠦᠷᠦᠯᠴᠡᠬᠦ ᠦᠬᠡᠢ ᠪᠡᠷ ᠪᠠᠷᠠᠭ᠎ᠠ ᠬᠤᠳᠠᠯᠳᠤᠨ ᠠᠪᠴᠤ᠌ ᠪᠣᠯᠤᠨ᠎ᠠ᠃ ᠳᠤᠤᠷ᠎ᠠ ᠲᠦᠭ᠌ᠰᠢᠭᠦᠷᠢᠲᠠᠶ ᠣᠷᠣᠨ ᠪᠣᠯᠤᠨ ᠬᠢᠵᠢᠭ ᠥᠬᠡᠶ ᠰᠠᠭᠤᠭᠠᠯᠢ ᠲᠣᠭᠣᠷᠢᠭ᠎ᠲᠤ 《ᠬᠤᠪᠢ ᠬᠥᠮᠦᠨ ᠰᠡᠷᠭᠡᠢᠯᠡᠨ ᠬᠠᠮᠠᠭᠠᠯᠠᠵᠤ᠂ ᠴᠤᠭ᠍ᠯᠠᠷᠠᠬᠤ᠎ᠠᠴᠠ ᠵᠠᠢᠯᠠᠰᠭᠢᠬᠦ᠌》 ᠶ᠋ᠢ ᠬᠡᠷᠡᠭ᠌ᠵᠢᠭᠦᠯᠦᠨ᠎ᠡ; ᠰᠠᠭᠤᠭᠠᠯᠢ ᠠᠷᠠᠳ ᠨᠡᠪᠳᠡᠷᠡᠭᠦ ᠺᠠᠷᠲ᠎ᠢᠶᠠᠷ ᠰᠠᠭᠤᠭᠠᠯᠢ ᠲᠣᠭᠣᠷᠢᠭ᠎ᠢᠶᠠᠷ ᠣᠷᠣᠵᠤ ᠭᠠᠷᠬᠤ᠂ ᠭᠠᠳᠠᠭ᠍ᠰᠢ ᠭᠠᠷᠬᠤ᠎ᠳᠠᠭᠠᠨ ᠬᠦᠷᠬᠦ ᠴᠢᠬᠤᠯᠠ ᠦᠬᠡᠢ ᠭᠠᠵᠠᠷ ᠣᠷᠣᠨ ᠵᠢᠡᠷ ᠶᠠᠪᠤᠬᠤ ᠥᠬᠡᠶ ᠪᠠᠢᠬᠤ ; ᠵᠡᠭᠡᠯᠢ ᠳᠠᠭᠠᠤ ᠬᠤᠳᠠᠯᠳᠤᠭ᠎ᠠ ᠳᠡᠯᠭᠡᠭᠦᠷ᠂ ᠬᠡᠲᠦ ᠳᠡᠯᠭᠡᠭᠦᠷ ᠡᠮᠬᠢ ᠵᠢᠷᠤᠮ᠎ᠲᠠᠶ᠎ᠪᠠᠷ ᠡᠵᠡᠩᠨᠡᠯᠲᠡ᠎ᠪᠡᠨ ᠰᠡᠷᠭᠦᠭᠡᠵᠦ᠍᠂ ᠰᠠᠭᠤᠭᠠᠯᠢ ᠠᠷᠠᠳ᠎ᠤᠨ ᠦᠨᠳᠦᠰᠦᠨ ᠠᠮᠢᠳᠤᠷᠠᠯ᠎ᠤᠨ ᠬᠡᠷᠡᠭ᠌ᠴᠡᠭᠡ᠎ᠶ᠋ᠢ ᠪᠠᠲᠤᠯᠠᠨ᠎ᠠ᠃ ᠰᠠᠭᠤᠭᠠᠯᠢ ᠠᠷᠠᠳ ᠰᠠᠭᠤᠭᠠᠯᠢ ᠠᠷᠠᠳ᠎ᠤᠨ ᠲᠣᠭᠣᠷᠢᠭ ᠪᠣᠯᠤᠨ ᠡᠯ᠎ᠡ ᠲᠥᠷᠥᠯ᠎ᠦᠨ ᠲᠠᠯᠠᠪᠤᠷ ᠭᠠᠵᠠᠷ᠎ᠢᠶᠠᠷ ᠣᠷᠣᠵᠤ ᠭᠠᠷᠬᠤ᠎ᠳᠠᠭᠠᠨ ᠡᠷᠬᠡᠪᠰᠢ ᠺᠣᠳ᠋ ᠱᠢᠷᠪᠢᠬᠦ᠌᠂ ᠪᠡᠶ᠎ᠡ᠎ᠶ᠋ᠢᠨ ᠬᠠᠯᠠᠭᠤᠨ᠎ᠢ ᠬᠡᠮᠵᠢᠬᠦ᠌᠂ ᠠᠮᠠᠪᠴᠢ ᠵᠡᠭᠦᠬᠦ᠌᠂ ᠪᠥᠭᠡᠮ ᠬᠦᠴᠢᠯ᠎ᠦᠨ ᠪᠠᠢᠴᠠᠭᠠᠯᠲᠡ᠎ᠶ᠋ᠢᠨ ᠪᠢᠯᠢᠭ ᠴᠢᠨᠠᠷ᠎ᠤᠨ ᠭᠡᠷᠡᠴᠢ᠎ᠶ᠋ᠢ ᠱᠢᠯᠭᠠᠬᠤ ᠵᠡᠷᠭᠡ ᠰᠡᠷᠭᠡᠢᠯᠡᠨ ᠡᠵᠡᠮᠳᠡᠬᠦ᠌ ᠱᠠᠭᠠᠷᠳᠠᠯᠭ᠎ᠠ᠎ᠶ᠋ᠢ ᠴᠢᠩᠭ᠎ᠠ ᠨᠠᠢᠳᠠᠪᠤᠷᠢᠵᠢᠭᠤᠯᠬᠤ ᠬᠡᠷᠡᠭ᠌ᠲᠡᠶ᠃ ᠴᠢᠯᠥᠭᠡᠲᠡᠶ ᠲᠠᠯᠪᠢᠬᠤ᠎ᠨᠢ ᠰᠤᠯᠠᠷᠠᠭᠤᠯᠤᠭ᠍ᠰᠠᠨ ᠶᠠᠪᠤᠳᠠᠯ ᠪᠢᠰᠢ᠂ ᠣᠯᠠᠨ᠎ᠢᠶᠠᠷ᠎ᠢᠶᠠᠨ ᠬᠣᠯᠪᠣᠭ᠍ᠳᠠᠯ ᠪᠥᠬᠥᠶ ᠱᠠᠭᠠᠷᠳᠠᠯᠭ᠎ᠠ᠎ᠶ᠋ᠢ ᠴᠢᠩᠭ᠎ᠠ ᠵᠢᠷᠤᠮᠯᠠᠵᠤ᠂ ᠬᠤᠪᠢ ᠬᠥᠮᠦᠨ᠎ᠦ ᠬᠠᠮᠠᠭᠠᠯᠠᠯᠲᠠ᠎ᠶ᠋ᠢ ᠰᠠᠢᠲᠤᠷ ᠬᠢᠵᠦ᠍᠂ ᠬᠤᠷᠠᠨ ᠴᠤᠭ᠍ᠯᠠᠷᠠᠬᠤ ᠥᠬᠡᠶ᠂ ᠨᠠᠩ ᠴᠤ᠌ ᠭᠠᠳᠠᠨ᠎ᠠ᠎ᠠᠴᠠ ᠢᠷᠡᠭ᠌ᠰᠡᠨ ᠬᠥᠮᠦᠰ᠎ᠢ ᠲᠣᠰ ᠰᠠᠭᠤᠭᠠᠯᠢ ᠠᠷᠠᠳ᠎ᠤᠨ ᠲᠣᠭᠣᠷᠢᠭ᠎ᠲᠤ ᠳᠤᠷ᠎ᠠ᠎ᠪᠠᠷ᠎ᠢᠶᠠᠨ ᠳᠠᠭᠠᠭᠤᠯᠤᠨ ᠣᠷᠣᠵᠤ ᠪᠣᠯᠬᠤ ᠥᠬᠡᠶ᠂ ᠳᠤᠤᠷ᠎ᠠ ᠲᠦᠭ᠌ᠰᠢᠭᠦᠷᠢᠳᠠᠢ ᠲᠣᠭᠣᠷᠢᠭ ᠪᠣᠯᠤᠨ ᠬᠢᠵᠢᠭ ᠥᠬᠡᠶ ᠲᠣᠭᠣᠷᠢᠭ᠎ᠤᠨ ᠦᠷ᠎ᠠ ᠪᠦᠳᠦᠮᠵᠢ᠎ᠶ᠋ᠢ ᠨᠠᠨᠳᠢᠩᠨᠠᠵᠤ᠂ ᠥᠪᠡᠷ᠎ᠦᠨ ᠪᠡᠶ᠎ᠡ᠎ᠳᠡᠭᠡᠨ ᠬᠠᠷᠢᠭᠤᠴᠠᠵᠤ᠂ ᠰᠠᠭᠤᠭᠠᠯᠢ ᠠᠷᠠᠳ᠎ᠤᠨ ᠲᠣᠭᠣᠷᠢᠭ᠎ᠤᠨ ᠪᠥᠬᠥ᠌ ᠰᠠᠭᠤᠭᠠᠯᠢ ᠠᠷᠠᠳ᠎ᠲᠤ ᠬᠠᠷᠢᠭᠤᠴᠠᠬᠤ ᠬᠡᠷᠡᠭ᠌ᠲᠡᠶ᠃

ᠭᠤᠷᠪᠠ᠎ᠳᠤ᠂ ᠡᠯ᠎ᠡ ᠲᠥᠷᠥᠯ᠎ᠦᠨ ᠲᠦᠭ᠌ᠰᠢᠭᠦᠷᠢᠳᠠᠢ ᠣᠷᠣᠨ᠎ᠤ ᠬᠠᠮᠢᠶᠠᠷᠤᠨ ᠡᠵᠡᠮᠳᠡᠬᠦ᠌ ᠴᠠᠭ᠎ᠢ ᠳᠤᠷ᠎ᠠ᠎ᠪᠠᠷ᠎ᠢᠶᠠᠨ ᠤᠷᠲᠤᠳᠭᠠᠵᠤ ᠪᠣᠯᠬᠤ ᠥᠬᠡᠶ᠂ ᠡᠷᠬᠡᠪᠰᠢ ᠬᠥᠳᠡᠯᠦᠩᠭᠦᠶ ᠬᠠᠮᠢᠶᠠᠷᠴᠤ᠌᠂ ᠴᠠᠭ ᠲᠤᠬᠠᠶ᠎ᠳᠤᠨᠢ ᠲᠠᠰ᠎ᠢ ᠨᠢ ᠪᠠᠭᠤᠷᠠᠭᠤᠯᠬᠤ ᠬᠡᠷᠡᠭ᠌ᠲᠡᠶ᠃ ᠦᠨᠳᠦᠷ ᠲᠦᠭ᠌ᠰᠢᠭᠦᠷᠢᠲᠡᠶ ᠣᠷᠣᠨ᠎ᠳᠤ 7 ᠡᠳᠦᠷ ᠳᠠᠷᠠᠭᠠᠯᠠᠨ ᠱᠢᠨ᠎ᠡ᠎ᠪᠡᠷ ᠨᠡᠮᠡᠭ᠌ᠳᠡᠭ᠌ᠰᠡᠨ ᠬᠠᠯᠳᠠᠪᠤᠷᠢᠯᠠᠬᠳᠠᠭᠴᠢ ᠥᠬᠡᠶ ᠪᠦᠬᠡᠳ ᠳᠣᠯᠣᠳᠤᠭᠠᠷ ᠡᠳᠦᠷ᠎ᠦᠨ ᠪᠥᠭᠡᠮ ᠬᠦᠴᠢᠯ᠎ᠦᠨ ᠪᠠᠢᠴᠠᠭᠠᠯᠲᠠ᠎ᠨᠢ ᠴᠥᠮ ᠪᠢᠯᠢᠭ ᠴᠢᠨᠠᠷ ᠪᠣᠯᠤᠭ᠍ᠰᠠᠨ᠎ᠤ ᠳᠠᠷᠠᠭ᠎ᠠ᠂ ᠴᠠᠭ ᠲᠤᠬᠠᠶ᠎ᠳᠤᠨᠢ ᠳᠤᠮᠳᠠ ᠲᠦᠭ᠌ᠰᠢᠭᠦᠷᠢᠳᠠᠢ ᠣᠷᠣᠨ ᠪᠣᠯᠭᠠᠵᠤ᠂ ᠳᠠᠬᠢᠨ 3 ᠡᠳᠦᠷ ᠳᠠᠷᠠᠭᠠᠯᠠᠨ ᠱᠢᠨ᠎ᠡ᠎ᠪᠡᠷ ᠨᠡᠮᠡᠭ᠌ᠳᠡᠭ᠌ᠰᠡᠨ ᠬᠠᠯᠳᠠᠪᠤᠷᠢᠯᠠᠭᠳᠠᠭᠴᠢ ᠥᠬᠡᠶ ᠪᠣᠯ ᠴᠠᠭ ᠲᠤᠬᠠᠶ᠎ᠳᠤᠨᠢ ᠳᠤᠤᠷ᠎ᠠ ᠲᠦᠭ᠌ᠰᠢᠭᠦᠷᠢᠳᠠᠢ ᠣᠷᠣᠨ ᠪᠣᠯᠭᠠᠬᠤ ᠭᠡᠷᠡᠭᠳᠠᠢ; ᠳᠤᠮᠳᠠ ᠲᠦᠭ᠌ᠰᠢᠭᠦᠷᠢᠳᠠᠢ ᠣᠷᠣᠨ᠎ᠳᠤ 7 ᠡᠳᠦᠷ ᠳᠠᠷᠠᠭᠠᠯᠠᠨ ᠱᠢᠨ᠎ᠡ᠎ᠪᠡᠷ ᠨᠡᠮᠡᠭ᠌ᠳᠡᠭ᠌ᠰᠡᠨ ᠬᠠᠯᠳᠠᠪᠤᠷᠢᠯᠠᠬᠳᠠᠭᠴᠢ ᠥᠬᠡᠶ ᠪᠥᠭᠡᠳ ᠳᠣᠯᠣᠳᠤᠭᠠᠷ ᠡᠳᠦᠷ᠎ᠦᠨ ᠪᠥᠭᠡᠮ ᠬᠦᠴᠢᠯ᠎ᠦᠨ ᠪᠠᠢᠴᠠᠭᠠᠯᠲᠠ ᠨᠢ ᠴᠥᠮ ᠪᠢᠯᠢᠭ ᠴᠢᠨᠠᠷ ᠲᠠᠶ ᠪᠣᠯᠤᠭ᠍ᠰᠠᠨ᠎ᠤ ᠳᠠᠷᠠᠭ᠎ᠠ᠂ ᠴᠠᠭ ᠲᠤᠬᠠᠶ᠎ᠳᠤᠨᠢ ᠳᠤᠤᠷ᠎ᠠ ᠲᠦᠭ᠌ᠰᠢᠭᠦᠷᠢᠳᠠᠢ ᠣᠷᠣᠨ᠎ᠪᠤᠯᠭᠠᠬᠤ ᠭᠡᠷᠡᠭᠳᠠᠢ᠃

ᠲᠦᠷᠪᠡ᠎ᠳᠦ᠂ ᠰᠠᠭᠤᠭᠠᠯᠢ ᠠᠷᠠᠳ᠎ᠤᠨ ᠡᠭᠦᠳᠡ᠎ᠶ᠋ᠢ ᠪᠢᠳᠡᠭᠦᠮᠵᠢᠯᠡᠭᠡᠳ ᠯᠠ ᠳᠠᠭᠤᠰᠴᠢᠬᠠᠵᠤ ᠪᠣᠯᠬᠤ ᠥᠬᠡᠶ᠂ ᠠᠰᠠᠷ᠎ᠤᠨ ᠣᠷᠣᠴᠠ᠎ᠶ᠋ᠢ ᠤᠨᠢᠰᠤᠯᠠᠭᠠᠳ ᠯᠠ ᠳᠠᠭᠤᠰᠴᠢᠬᠠᠵᠤ ᠪᠣᠯᠬᠤ ᠥᠬᠡᠶ᠂ ᠰᠠᠭᠤᠭᠠᠯᠢ ᠠᠷᠠᠳ᠎ᠤᠨ ᠲᠣᠭᠣᠷᠢᠭ᠎ᠤᠨ ᠬᠠᠭᠠᠯᠭ᠎ᠠ᠎ᠶ᠋ᠢ ᠬᠠᠭᠠᠴᠢᠬᠠᠭᠠᠳ ᠯᠡ ᠳᠠᠭᠤᠰᠴᠢᠬᠠᠵᠤ ᠪᠣᠯᠬᠤ ᠥᠬᠡᠶ᠂ ᠡᠷᠬᠡᠪᠰᠢ ᠪᠠᠴᠢᠮ ᠪᠠᠢᠳᠠᠯ᠎ᠢ ᠠᠷᠭᠠᠴᠠᠭᠠᠬᠤ ᠵᠠᠮ᠎ᠢ ᠱᠢᠯᠤᠭᠤᠳᠭᠠᠵᠤ᠂ ᠦᠢᠯᠡᠴᠢᠯᠡᠭᠡᠨ᠎ᠦ ᠪᠠᠲᠤᠯᠠᠭ᠎ᠠ᠎ᠶ᠋ᠢ ᠴᠢᠩᠭᠠᠳᠭᠠᠬᠤ ᠬᠡᠷᠡᠭ᠌ᠲᠡᠢ᠃ ᠣᠢᠷ᠎ᠠ᠎ᠳᠤ ᠪᠢᠳᠡ ᠪᠥᠬᠥ᠌ ᠬᠣᠲᠠ᠎ᠶ᠋ᠢᠨ ᠳᠤᠮᠳᠠ ᠥᠨᠳᠥᠷ ᠲᠦᠭ᠌ᠰᠢᠭᠦᠷᠢᠲᠡᠶ ᠰᠠᠭᠤᠭᠠᠯᠢ ᠠᠷᠠᠳ᠎ᠤᠨ ᠲᠣᠭᠣᠷᠢᠭ (ᠲᠣᠰᠭᠣᠨ) ᠎ᠤᠨ ᠬᠠᠮᠢᠶᠠᠷᠤᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠨᠠᠢᠳᠠᠪᠤᠷᠢᠵᠢᠭᠤᠯᠤᠭ᠍ᠰᠠᠨ ᠪᠠᠢᠳᠠᠯ᠎ᠳᠤ ᠨᠢᠭᠡ ᠡᠭᠡᠯᠵᠢ᠎ᠶ᠋ᠢᠨ ᠪᠥᠬᠥ᠌ ᠲᠠᠯ᠎ᠠ᠎ᠶ᠋ᠢᠨ ᠪᠠᠢᠳᠠᠯ᠎ᠢ ᠤᠢᠯᠠᠭᠠᠬᠤ ᠪᠠᠢᠴᠠᠭᠠᠯᠲᠠ ᠥᠷᠨᠢᠭᠦᠯᠦᠨ᠎ᠡ᠃ ᠠᠰᠠᠷ᠎ᠤᠨ ᠣᠷᠣᠴᠠ᠎ᠶ᠋ᠢᠨ ᠡᠭᠦᠳᠡ᠂ ᠲᠤᠰᠠᠭᠠᠷᠯᠠᠨ ᠪᠢᠳᠡᠭᠦᠮᠵᠢᠯᠡᠭᠦ ᠬᠠᠯᠬᠠᠪᠴᠢ᠎ᠶ᠋ᠢ ᠵᠥᠪᠬᠡᠨ ᠪᠢᠲᠡᠭᠦᠮᠵᠢᠯᠡᠭᠦ ᠴᠠᠭᠠᠰᠦ ᠨᠠᠭᠠᠬᠤ ᠠᠷᠭ᠎ᠠ ᠮᠠᠶᠢᠭ᠎ᠢᠶᠠᠷ ᠪᠢᠲᠡᠭᠦᠮᠵᠢᠯᠡᠵᠦ᠍᠂ ᠣᠨᠢᠰᠤ ᠳᠠᠭᠠᠷᠠᠭᠤᠯᠬᠤ᠂ ᠴᠤᠤᠵᠢᠯᠠᠬᠤ᠂ ᠳᠡᠪᠡᠭᠡᠳᠡᠬᠦ ᠵᠡᠷᠭᠡ ᠪᠢᠳᠡᠬᠦᠮᠵᠢᠯᠡᠬᠦ ᠳᠦᠭᠦᠭᠡᠷᠦᠮᠵᠢ ᠤᠭᠰᠠᠷᠠᠬᠤ᠎ᠶ᠋ᠢ ᠡᠷᠡᠰ ᠬᠣᠷᠢᠭ᠍ᠯᠠᠬᠤ ᠬᠡᠷᠡᠭ᠌ᠲᠡᠶ᠃ ᠡᠭᠦᠨ᠎ᠦ ᠬᠠᠮᠲᠤ᠂ 24 ᠴᠠᠭ᠎ᠢᠶᠠᠷ ᠲᠣᠭᠣᠷᠢᠨ ᠴᠠᠭ᠍ᠳᠠᠵᠤ ᠵᠢᠵᠢᠭᠦᠷᠯᠡᠨ ᠰᠠᠬᠢᠬᠤ᠎ᠶ᠋ᠢᠨ ᠬᠠᠮᠲᠤ ᠡᠯᠧᠺᠲ᠋ᠷᠣᠨ ᠬᠢᠨᠠᠨ ᠡᠵᠡᠮᠳᠡᠬᠦ᠌ ᠲᠥᠬᠥᠭᠡᠷᠦᠮᠵᠢ᠎ᠶ᠋ᠢ ᠭᠦᠶ᠋ᠴᠡᠳ ᠬᠡᠷᠡᠭ᠌ᠯᠡᠨ ᠬᠠᠮᠢᠶᠠᠷᠤᠯᠲᠠ᠎ᠪᠠᠨ ᠴᠢᠩᠭᠠᠳᠭᠠᠬᠤ ᠬᠡᠷᠡᠭ᠌ᠲᠡᠶ᠃ ᠬᠡᠷᠪᠡ ᠳᠠᠬᠢᠨ ᠡᠭᠦᠳᠡ ᠣᠨᠢᠰᠤᠯᠠᠭ᠍ᠰᠠᠨ ᠬᠡᠷᠡᠭ ᠭᠠᠷᠪᠠᠯ᠂ ᠥᠷᠭᠡᠨ ᠣᠯᠠᠨ ᠬᠣᠲᠠ᠎ᠶ᠋ᠢᠨ ᠠᠷᠠᠳ 12345 ᠎ᠶ᠋ᠢ ᠤᠲᠠᠰᠤᠳᠠᠵᠤ ᠢᠯᠡᠴᠢᠯᠡᠨ ᠮᠡᠳᠡᠭᠦᠯᠵᠦ᠍ ᠪᠣᠯᠤᠨ᠎ᠠ᠂ ᠪᠠᠢᠴᠠᠭᠠᠨ ᠳᠣᠲᠣᠯᠠᠭ᠍ᠰᠠᠨ᠎ᠤ ᠳᠠᠷᠠᠭ᠎ᠠ᠂ ᠬᠠᠮᠢᠶ᠎ᠠ ᠪᠥᠬᠥᠶ ᠬᠠᠷᠢᠭᠤᠴᠠᠯᠭᠠᠲᠠᠨ᠎ᠢ ᠴᠢᠩᠭ᠎ᠠ ᠪᠠᠢᠴᠠᠭᠠᠨ ᠱᠢᠶ᠋ᠳᠪᠦᠷᠢᠯᠡᠨ᠎ᠡ᠃

ᠲᠠᠪᠤ᠎ᠳᠤ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌᠎ᠪᠡᠷ ᠱᠢᠯᠲᠠᠭ ᠪᠣᠯᠭᠠᠵᠤ ᠪᠠᠴᠢᠮ ᠲᠦᠭ᠌ᠰᠢᠭᠦᠷᠢᠲᠡᠶ ᠬᠦᠨᠳᠦ ᠡᠪᠡᠳᠴᠢᠳᠡᠨ ᠪᠠ ᠵᠢᠮ᠎ᠡ ᠶᠣᠰᠣᠴᠢ ᠴᠢᠨᠠᠷᠲᠠᠶ ᠣᠨᠣᠱᠢᠯᠠᠨ ᠡᠮᠨᠡᠬᠦ᠌ ᠴᠢᠬᠤᠯᠠᠲᠠᠶ ᠡᠪᠡᠳᠴᠢᠲᠡᠨ᠎ᠳᠦ ᠡᠮᠴᠢᠯᠡᠭᠡᠨ᠎ᠦ ᠦᠶ᠋ᠯᠡᠴᠢᠯᠡᠭᠡ ᠬᠠᠩᠭᠠᠬᠤ᠎ᠶ᠋ᠢ ᠲᠡᠪᠴᠢᠵᠦ᠍ ᠪᠣᠯᠬᠤ ᠥᠬᠡᠶ᠂ ᠡᠷᠬᠡᠪᠰᠢ ᠣᠯᠠᠨ ᠲᠦᠮᠡᠨ᠎ᠦ ᠠᠮᠢ ᠨᠠᠰᠤ ᠡᠷᠡᠭᠦᠯ ᠮᠡᠨᠳᠦ᠍᠎ᠶ᠋ᠢ ᠪᠥᠬᠥ᠌ ᠬᠦᠴᠦᠨ᠎ᠢᠶᠡᠷ᠎ᠢᠶᠡᠨ ᠰᠠᠬᠢᠨ ᠬᠠᠮᠠᠭᠠᠯᠠᠬᠤ ᠬᠡᠷᠡᠭ᠌ᠲᠡᠶ᠃ ᠡᠯ᠎ᠡ ᠵᠡᠭᠡᠯᠢ ᠭᠤᠳᠤᠮᠵᠢ ᠨᠡᠢᠭᠡᠮ ᠲᠣᠭᠣᠷᠢᠭ ᠴᠥᠮ ᠬᠥᠮᠦᠰ᠎ᠦᠨ ᠪᠠᠢᠳᠠᠯ᠎ᠢ ᠨᠠᠷᠢᠨ ᠣᠢᠯᠠᠭᠠᠵᠤ᠂ ᠵᠢᠷᠮᠦᠰᠦᠨ ᠪᠠ ᠬᠥᠩᠭᠡᠵᠢᠭ᠌ᠰᠡᠨ ᠡᠮᠡᠭ᠌ᠲᠡᠢ᠂ ᠴᠢᠰᠤ ᠨᠡᠪᠴᠢᠭ᠌ᠰᠡᠨ ᠡᠪᠡᠳᠴᠢᠲᠡᠨ᠂ ᠮᠡᠳᠡᠷᠡᠯ᠎ᠦᠨ ᠡᠪᠡᠳᠴᠢᠲᠡᠨ᠂ ᠬᠠᠪᠤᠳᠠᠷ᠎ᠤᠨ ᠬᠢᠮᠢ᠎ᠶ᠋ᠢᠨ ᠵᠠᠰᠠᠯ᠂ ᠤᠳᠠᠭᠠᠨ ᠴᠢᠨᠠᠷᠲᠠᠢ ᠡᠪᠡᠳᠴᠢᠲᠡᠨ ᠵᠡᠷᠭᠡ ᠣᠨᠴᠠᠭᠠᠢ ᠬᠥᠮᠦᠰ᠎ᠦᠨ ᠬᠡᠷᠡᠭ᠌ᠴᠡᠭᠡ ᠱᠠᠭᠠᠷᠳᠠᠯᠭ᠎ᠠ᠎ᠶ᠋ᠢ ᠰᠠᠨᠠᠭᠠᠴᠢᠯᠠᠭ᠎ᠠ᠎ᠠᠴᠠ᠎ᠪᠠᠨ ᠣᠢᠯᠠᠭᠠᠵᠤ᠂ ᠨᠡᠢᠭᠡᠮ ᠲᠣᠭᠣᠷᠢᠭ ᠪᠣᠯᠤᠨ ᠡᠮᠴᠢᠯᠡᠭᠡᠨ᠎ᠦ ᠪᠠᠢᠭᠤᠯᠤᠮᠵᠢ᠎ᠶ᠋ᠢ ᠵᠣᠯᠭᠠᠭᠤᠯᠬᠤ ᠲᠣᠭ᠍ᠲᠠᠴᠠ᠎ᠶ᠋ᠢ ᠪᠠᠢᠭᠤᠯᠵᠤ᠂ ᠳᠡᠭᠡᠷ᠎ᠡ ᠳᠤᠷᠠᠳᠤᠭ᠍ᠰᠠᠨ ᠣᠨᠴᠠᠭᠠᠢ ᠬᠥᠮᠦᠰ᠎ᠦᠨ ᠡᠪᠡᠳᠴᠢᠨ ᠦᠵᠡᠭᠦᠯᠬᠦ᠌᠎ᠳᠦ ᠰᠠᠭᠠᠳ ᠦᠭᠡᠢ ᠨᠡᠪᠲᠡᠷᠡᠬᠦ᠌ ᠵᠠᠮ ᠨᠡᠭᠡᠭᠡᠵᠦ᠍᠂ ᠤᠯᠠᠨ ᠲᠦᠮᠡᠨ᠎ᠦ ᠡᠪᠡᠳᠴᠢᠨ ᠦᠵᠡᠭᠦᠯᠬᠦ᠌ ᠬᠡᠷᠡᠭ᠌ᠴᠡᠭᠡ ᠱᠠᠭᠠᠷᠳᠠᠯᠭ᠎ᠠ᠎ᠶ᠋ᠢ ᠴᠠᠭ ᠲᠤᠬᠠᠢ᠎ᠳᠤᠨᠢ ᠪᠠᠲᠤᠯᠠᠬᠤ ᠬᠡᠷᠡᠭ᠌ᠲᠡᠢ᠃

ᠵᠢᠷᠭᠤᠭ᠎ᠠ᠎ᠳᠤ᠂ ᠤᠯᠠᠨ ᠲᠦᠮᠡᠨ᠎ᠦ ᠵᠦᠢ ᠶᠣᠰᠣᠨ᠎ᠤ ᠭᠣᠮᠣᠳᠠᠯ ᠱᠠᠭᠠᠷᠳᠠᠯᠭ᠎ᠠ᠎ᠶ᠋ᠢ ᠥᠴᠦᠬᠡᠨ ᠴᠦ᠍ ᠬᠠᠢᠬᠤᠷᠬᠤ ᠦᠭᠡᠢ᠂ ᠣᠢᠱᠢᠶᠠᠬᠤ ᠦᠭᠡᠢ ᠪᠠᠢᠵᠤ ᠪᠣᠯᠬᠤ ᠦᠭᠡᠢ᠂ ᠡᠷᠬᠡᠪᠰᠢ ᠴᠠᠭ ᠲᠤᠬᠠᠢ᠎ᠳᠤᠨᠢ ᠬᠠᠷᠢᠯᠴᠠᠵᠤ᠂ ᠰᠠᠨᠠᠭᠠᠴᠢᠯᠠᠭ᠎ᠠ᠎ᠠᠴᠠ᠎ᠪᠠᠨ ᠦᠢᠯᠡᠴᠢᠯᠡᠬᠦ᠌ ᠬᠡᠷᠡᠭ᠌ᠲᠡᠢ᠃ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠᠢᠳᠠᠯ᠎ᠲᠠᠶ ᠤᠶᠠᠯᠳᠤᠭᠤᠯᠤᠨ᠂ ᠣᠳᠣᠬᠠᠨ ᠰᠢᠢᠳᠪᠦᠷᠢᠯᠡᠵᠦ ᠳᠡᠢᠯᠬᠦᠢᠴᠡ ᠬᠦᠰᠡᠯ ᠱᠠᠭᠠᠷᠳᠠᠯᠭ᠎ᠠ᠎ᠳᠤ ᠤᠯᠤᠯᠴᠠᠭ᠎ᠠ ᠵᠣᠬᠢᠴᠠᠭᠤᠯᠭ᠎ᠠ᠎ᠪᠠᠨ ᠴᠢᠩᠭᠠᠳᠭᠠᠵᠤ᠂ ᠠᠷᠭ᠎ᠠ ᠪᠦᠬᠦᠨ᠎ᠢ ᠰᠦᠪᠡᠭ᠌ᠴᠢᠯᠡᠵᠦ᠍ ᠪᠠᠢᠭᠠᠳ ᠤᠯᠠᠨ ᠲᠦᠮᠡᠨ᠎ᠢ ᠬᠠᠪᠰᠤᠷᠤᠨ ᠪᠣᠳᠠᠲᠠᠢ ᠭᠠᠵᠠᠷ᠎ᠲᠤᠨᠢ ᠱᠢᠢᠳᠪᠦᠷᠢᠯᠡᠬᠦ᠌ ᠬᠡᠷᠡᠭ᠌ᠲᠡᠢ; ᠲᠦᠷ ᠴᠠᠭ ᠰᠢᠢᠤᠪᠦᠷᠢᠯᠡᠬᠦ᠎ᠳᠤ ᠬᠦᠴᠢᠷᠲᠡᠶ ᠪᠠᠶ᠋ᠪᠠᠯ᠂ ᠲᠠᠢᠯᠪᠤᠷᠢᠯᠠᠨ ᠲᠣᠳᠣᠷᠬᠠᠢᠯᠠᠬᠤ ᠠᠵᠢᠯ᠎ᠢ ᠴᠠᠭ ᠲᠤᠬᠠᠶ᠎ᠳᠤᠨᠢ ᠰᠠᠢᠲᠤᠷ ᠬᠢᠵᠦ᠍᠂ ᠣᠯᠠᠨ ᠲᠦᠮᠡᠨ᠎ᠦ ᠣᠢᠯᠠᠭᠠᠯᠳᠠ᠎ᠶ᠋ᠢ ᠣᠯᠤᠭᠰᠠᠨ ᠪᠠᠢᠬᠤ ᠬᠡᠷᠡᠭ᠌ᠲᠡᠶ᠃

ᠲᠤᠯᠤᠭ᠎ᠠ᠎ᠳᠤ᠂ ᠴᠢᠩᠭᠡᠯᠢᠭ᠎ᠡᠴᠡ ᠭᠠᠷᠴᠤ᠌ ᠲᠤᠰᠠᠭᠠᠷᠯᠠᠯᠳᠠ ᠪᠡᠨ ᠳᠠᠭᠤᠰᠬᠠᠭᠰᠠᠨ᠂ ᠨᠤᠲᠤᠭ᠎ᠲᠠᠭᠠᠨ ᠪᠤᠴᠠᠵᠤ ᠪᠠᠢᠭ᠎ᠠ ᠬᠥᠮᠦᠰ᠎ᠦᠨ ᠰᠠᠭᠤᠭᠠᠯᠢ ᠲᠣᠭᠣᠷᠢᠭ᠎ᠲᠤ ᠣᠷᠣᠬᠤ᠎ᠶ᠋ᠢ ᠬᠠᠷᠱᠢᠯᠠᠵᠤ ᠪᠣᠯᠬᠤ ᠦᠭᠡᠢ᠂ ᠦᠨᠳᠦᠰᠦᠨ ᠱᠠᠲᠤᠨ᠎ᠤ᠎ᠬᠢᠨ ᠡᠷᠬᠡᠪᠰᠢ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠣᠨᠣᠴᠠᠲᠠᠢ ᠨᠠᠢᠳᠠᠪᠤᠷᠢᠵᠢᠭᠤᠯᠵᠤ᠂ ᠠᠵᠢᠯ᠎ᠤᠨ ᠵᠣᠯᠭᠠᠯᠴᠠᠭ᠎ᠠ᠎ᠪᠠᠨ ᠴᠢᠩᠭᠠᠳᠭᠠᠨ᠂ ᠴᠢᠩᠭᠡᠯᠢᠭ᠎ᠡᠴᠡ ᠭᠠᠷᠴᠤ᠌ ᠲᠤᠰᠠᠭᠠᠷᠯᠠᠯᠳᠠ ᠪᠡᠨ ᠳᠠᠭᠤᠰᠬᠠᠭᠰᠠᠨ᠂ ᠨᠤᠲᠤᠭ᠎ᠲᠠᠭᠠᠨ ᠪᠤᠴᠠᠵᠤ ᠪᠠᠢᠭ᠎ᠠ ᠬᠥᠮᠦᠰ᠎ᠦᠨ ᠤᠷᠤᠭ᠍ᠰᠢᠲᠠᠢ᠎ᠪᠠᠷ ᠭᠡᠷ᠎ᠲᠡᠬᠡᠨ ᠬᠠᠷᠢᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠢ ᠭᠡᠪᠡ᠃

ᠱᠢᠤᠢ ᠱᠸᠤ ᠵᠢᠶ ᠬᠡᠯᠡᠬᠦ᠌᠎ᠳᠡᠭᠡᠨ᠂ ᠵᠠᠯᠭᠠᠭᠠᠳ ᠪᠢᠳᠡ ᠣᠯᠠᠨ ᠲᠦᠮᠡᠨ᠎ᠦ ᠶᠠᠪᠤᠵᠤ ᠰᠠᠭᠤᠬᠤ ᠬᠡᠷᠡᠭ᠌ᠴᠡᠭᠡ᠎ᠶ᠋ᠢ ᠦᠨᠳᠦᠰᠦᠯᠡᠨ᠂ ᠨᠡᠢᠲᠡ᠎ᠶ᠋ᠢᠨ ᠮᠠᠱᠢᠨ ᠲᠡᠷᠭᠡ᠂ ᠭᠠᠵᠠᠷ ᠳᠤᠤᠷᠠᠬᠢ ᠲᠡᠮᠦᠷ ᠵᠠᠮ᠎ᠤᠨ ᠡᠵᠡᠩᠨᠡᠯᠲᠡ᠎ᠶ᠋ᠢ ᠠᠯᠬᠤᠮ ᠠᠯᠬᠤᠮ᠎ᠢᠶᠠᠷ ᠡᠮᠬᠢ ᠵᠢᠷᠤᠮ᠎ᠲᠠᠶ ᠰᠡᠷᠭᠦᠭᠡᠨ᠎ᠡ᠂ ᠬᠠᠮᠢᠶ᠎ᠠ ᠪᠥᠬᠥᠶ ᠪᠠᠢᠳᠠᠯ᠎ᠢ ᠬᠣᠯᠪᠣᠭ᠍ᠳᠠᠯ ᠪᠥᠬᠥᠶ ᠰᠠᠯᠠᠭ᠎ᠠ ᠮᠥᠴᠢᠷ᠎ᠦᠨ ᠠᠯᠪᠠᠨ ᠵᠠᠷᠯᠠᠯ᠎ᠳᠦ ᠠᠩᠬᠠᠷᠤᠯ᠎ᠢᠶᠠᠨ ᠬᠠᠨᠳᠤᠭᠤᠯᠤᠭᠠᠷᠠᠶ ᠭᠡᠵᠡᠶ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面