ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠮᠡᠳᠡᠭᠡᠯᠡᠯ

2022-11-07 16:59:06

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠣᠷᠣᠨ᠎ᠤ ᠭᠠᠳᠠᠨᠠᠬᠢ ᠰᠤᠷᠤᠭ᠍ᠴᠢᠳ᠎ᠤᠨ ᠨᠤᠲᠤᠭ᠎ᠲᠠᠭᠠᠨ ᠪᠤᠴᠠᠬᠤ ᠱᠠᠭᠠᠷᠳᠠᠯᠭ᠎ᠠ᠎ᠳᠤ ᠴᠢᠭ᠌ᠯᠡᠭᠦᠯᠦᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠵᠢᠯᠣᠭᠣᠳᠭᠤ ᠭᠠᠵᠠᠷ᠎ᠨᠢ ᠬᠠᠮᠢᠶ᠎ᠠ ᠪᠥᠬᠥᠶ ᠮᠤᠵᠢ ( ᠣᠷᠣᠨ ᠂ ᠬᠣᠲᠠ ) ᠪᠠ ᠡᠭᠦᠷᠭᠡ ᠴᠢᠳᠠᠪᠬᠢᠲᠤ ᠰᠠᠯᠠᠭ᠎ᠠ ᠮᠥᠴᠢᠷ᠎ᠢ ᠱᠠᠯᠠᠪᠳᠠᠨ ᠵᠣᠬᠢᠴᠠᠭᠤᠯᠵᠤ᠂ ᠨᠤᠲᠤᠭ᠎ᠲᠠᠭᠠᠨ ᠬᠠᠷᠢᠬᠤ ᠬᠦᠰᠡᠯ᠎ᠳᠠᠢ ᠰᠤᠷᠤᠭ᠍ᠴᠢᠳ᠎ᠢ ᠢᠳᠡᠪᠬᠢᠲᠡᠶ ᠳᠣᠭᠢᠷᠠᠭᠤᠯᠤᠨ᠂ ᠰᠣᠷᠣᠭ᠍ᠴᠢ᠎ᠶ᠋ᠢᠨ ᠰᠠᠭᠤᠭ᠎ᠠ ᠭᠠᠵᠠᠷ᠎ᠤᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠱᠠᠭᠠᠷᠳᠠᠯᠭ᠎ᠠ᠎ᠶ᠋ᠢ ᠴᠢᠩᠭ᠎ᠠ ᠵᠢᠷᠤᠮᠯᠠᠵᠤ᠂ ᠬᠢᠵᠢᠭ᠎ᠦᠨ ᠪᠠᠢᠳᠠᠯ ᠭᠠᠳᠠᠭ᠍ᠰᠢ ᠲᠠᠷᠬᠠᠬᠤ ᠥᠬᠡᠶ ᠪᠠᠢᠬᠤ᠎ᠶ᠋ᠢ ᠦᠨᠡᠨ ᠬᠦ᠌ ᠪᠠᠲᠤᠯᠠᠭ᠍ᠰᠠᠨ ᠤᠷᠢᠲᠠᠯ ᠳᠤᠤᠷ᠎ᠠ ᠨᠤᠲᠤᠭ᠎ᠪᠤᠴᠠᠬᠤ ᠵᠠᠮ ᠎ᠢ ᠨᠢ ᠰᠢᠯᠤᠭᠤᠳᠬᠠᠪᠠ᠃


微信图片_20221107170027.jpg


微信图片_20221107170036.jpg


微信图片_20221107170053.jpg



ᠣᠢᠷ᠎ᠠ᠎ᠶ᠋ᠢᠨ ᠡᠳᠦᠷ᠎ᠦᠳ᠎ᠲᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠳᠠᠮᠵᠢᠭᠤᠯᠤᠨ ᠲᠡᠭᠡᠭᠡᠪᠦᠷᠢᠯᠡᠬᠦ᠌ ᠠᠵᠢᠯ᠎ᠤᠨ ᠲᠤᠰᠭᠠᠶ ᠠᠩᠭᠢ ᠪᠠᠢᠭᠤᠯᠵᠤ᠂ ᠣᠯᠠᠨ ᠰᠠᠯᠠᠭ᠎ᠠ ᠮᠥᠴᠢᠷ ᠬᠠᠮᠵᠢᠯᠴᠠᠨ ᠬᠦᠴᠦᠯᠡᠵᠦ᠍᠂ ᠲᠡᠭᠡᠭᠡᠪᠦᠷᠢ᠎ᠶ᠋ᠢᠨ ᠬᠦᠴᠦᠨ᠎ᠢ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠡᠭᠦᠷᠭᠡ ᠬᠠᠷᠠᠯᠲᠠ ᠪᠠ ᠠᠵᠢᠯ᠎ᠤᠨ ᠳᠠᠷᠠᠭᠠᠯᠠᠯ᠎ᠢᠶᠠᠨ ᠨᠠᠷᠢᠯᠢᠭ᠍ᠵᠢᠭᠤᠯᠤᠨ᠂ ᠣᠯᠠᠨ ᠵᠦᠶ᠋ᠯ᠎ᠦᠨ ᠠᠷᠭ᠎ᠠ ᠮᠠᠶᠢᠭ᠎ᠢᠶᠠᠷ ᠣᠷᠣᠨ᠎ᠤ ᠭᠠᠳᠠᠨᠠᠬᠢ ᠰᠣᠷᠣᠭ᠍ᠴᠢ᠎ᠶ᠋ᠢ ᠪᠦᠯᠦᠭ ᠬᠤᠪᠢᠶᠠᠨ ᠡᠮᠬᠢ ᠵᠢᠷᠤᠮ ᠳᠠᠢ ᠠᠮᠤᠷ ᠲᠦᠪᠱᠢᠨ᠎ᠢᠶᠡᠷ ᠨᠤᠳᠤᠭ ᠳᠤᠨᠢ᠎ᠬᠠᠷᠢᠭᠤᠯᠤᠯ᠎ᠠ ᠃

ᠬᠠᠢᠷᠠᠲᠤ ᠬᠠᠮᠲᠤ ᠰᠤᠷᠤᠭ᠍ᠴᠢᠳ ᠮᠢᠨᠢ᠂

ᠶᠠᠭ ᠡᠨᠡ ᠴᠠᠭ ᠮᠥᠴᠡ᠎ᠳᠦ

ᠴᠢ ᠨᠢᠭᠡᠨᠲᠡ ᠭᠡᠷ᠎ᠲᠡᠬᠡᠨ ᠬᠠᠷᠢᠴᠢᠬᠠᠭ᠍ᠰᠠᠨ ᠮᠠᠭᠠᠳ᠂

ᠶᠠᠭ ᠠᠶᠠᠨ ᠵᠠᠮ᠎ᠳᠠᠭᠠᠨ ᠪᠠᠢᠬᠤ ᠮᠠᠭᠠᠳ᠂

ᠨᠤᠳᠤᠭ ᠪᠤᠴᠠᠬᠤ ᠪᠡᠷ ᠬᠦᠯᠢᠶᠡᠵᠦ᠍ ᠪᠠᠢᠬᠤ ᠮᠠᠭᠠᠳ᠂

ᠭᠡᠪᠡᠴᠦ᠍ ᠬᠠᠮᠢᠭ᠎ᠠ ᠪᠠᠢᠭ᠍ᠰᠠᠨ ᠴᠤ᠌ ᠬᠠᠮᠢᠶ᠎ᠠ ᠦᠭᠡᠢ᠂

ᠪᠢᠳᠡ ᠪᠦᠭᠦᠨ᠂ ᠡᠭᠦᠨ᠎ᠤ ᠳᠦᠯᠦᠭᠡ

ᠴᠢᠮᠡᠭᠡ ᠦᠭᠡᠢᠭᠡᠨ ᠠᠵᠢᠯᠯᠠᠵᠤ ᠪᠠᠢᠭ᠎ᠠ

ᠭᠦᠮᠦᠨ ᠪᠤᠯᠭᠠᠨ᠎ᠤ ᠴᠢᠷᠮᠠᠢᠯᠭ᠎ᠠ ᠪᠡᠷ

ᠰᠠᠶᠢ ᠨᠤᠲᠤᠭ᠎ᠪᠤᠴᠠᠬᠤ ᠵᠠᠮ ᠨᠡᠭᠡᠭᠡᠭᠳᠡᠵᠦ ᠪᠠᠢᠭ᠎ᠠ

ᠮᠦᠨᠴᠦ ᠰᠢᠯᠤᠭᠤᠬᠠᠨ ᠪᠠᠢᠭ᠎ᠠ ᠭᠡᠳᠡᠭ᠎ᠢ ᠮᠡᠳᠡᠭᠦ ᠤᠴᠢᠷᠳᠠᠢ᠃

ᠪᠢᠳᠠ ᠪᠠᠰᠠ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ ᠨᠢ ᠭᠠᠵᠠᠷ ᠵᠦᠢ᠎ᠶ᠋ᠢᠨ ᠪᠠᠢᠷᠢ᠎ᠶ᠋ᠢᠨ ᠬᠤᠪᠢᠷᠠᠯᠲᠠ᠎ᠠᠴᠠ ᠪᠤᠯᠵᠤ ᠵᠣᠭ᠍ᠰᠣᠭ᠍ᠰᠠᠨ ᠦᠭᠡᠢ ᠭᠡᠳᠡᠭ᠎ᠢ ᠰᠡᠷᠭᠡᠭ᠎ᠢᠶᠡᠷ ᠲᠠᠨᠢᠵᠤ ᠤᠯᠬᠤ ᠬᠡᠷᠡᠭ᠌ᠲᠡᠢ᠃

ᠳᠠᠨᠠᠷ ᠮᠢᠨᠢ ᠬᠡᠵᠢᠶ᠎ᠡ ᠬᠠᠮᠢᠭ᠎ᠠ ᠴᠤ᠌ ᠭᠡᠰᠡᠨ ᠬᠤᠪᠢ ᠬᠥᠮᠦᠨ᠎ᠦ ᠡᠷᠡᠭᠦᠯ ᠮᠡᠨᠳᠦ᠍᠎ᠶ᠋ᠢᠨ ᠨᠢᠭᠡᠳᠦᠭᠡᠷ ᠬᠠᠷᠢᠭᠤᠴᠠᠯᠭᠠᠲᠠᠨ᠎ᠭᠡᠳᠡᠭ ᠵᠢᠨᠨ ᠰᠠᠢᠲᠤᠷ ᠤᠬᠠᠵᠤ᠂ ᠡᠯ᠎ᠡ ᠭᠠᠵᠠᠷ᠎ᠤᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠲᠥᠷᠥ᠎ᠶ᠋ᠢᠨ ᠪᠣᠳᠣᠯᠭ᠎ᠠ ᠶ᠋ᠢ ᠴᠢᠩᠭ᠎ᠠ ᠵᠢᠷᠤᠮᠯᠠᠬᠤ᠎ᠶ᠋ᠢ ᠬᠦᠰᠡᠵᠦ᠍ ᠪᠠᠢᠨ᠎ᠠ᠃

ᠶᠡᠭᠡ ᠲᠠᠯ᠎ᠠ᠎ᠶ᠋ᠢ ᠳᠠᠭᠠᠵᠤ᠂ ᠵᠢᠯᠣᠭᠣᠳᠤᠯᠭ᠎ᠠ᠎ᠶ᠋ᠢ ᠳᠠᠭᠠᠨ᠂ ᠳᠠᠪᠴᠢᠶᠠᠷᠢ ᠳᠠᠢ᠂ ᠢᠲᠡᠭᠡᠯ ᠵᠣᠷᠢᠭ᠎ᠳᠠᠢ᠂ ᠴᠠᠭ ᠮᠥᠴᠡ᠎ᠪᠡᠨ ᠨᠠᠨᠳᠢᠩᠨᠠᠵᠤ᠂ ᠴᠢᠷᠮᠠᠢᠨ ᠰᠤᠷᠤᠯᠴᠠᠵᠦ᠂ ᠣᠳᠣ ᠦᠶ᠎ᠡ᠎ᠶ᠋ᠢᠨ ᠵᠠᠯᠠᠭᠤᠴᠤᠳ᠎ᠤᠨ ᠶᠡᠬᠡ ᠶᠣᠰᠣ᠎ᠶ᠋ᠢ ᠲᠠᠨᠢᠵᠤ᠂ ᠶᠡᠬᠡ ᠲᠠᠯ᠎ᠠ᠎ᠶ᠋ᠢ ᠬᠠᠷᠠᠭᠠᠯᠵᠠᠨ᠂ ᠶᠡᠬᠡ ᠵᠢᠷᠤᠮ᠎ᠢ ᠮᠡᠳᠡᠵᠦ᠍᠂ ᠶᠡᠬᠡ ᠬᠠᠢᠷ᠎ᠠ᠎ᠶ᠋ᠢᠨ ᠬᠠᠷᠢᠭᠤᠴᠠᠯᠭ᠎ᠠ ᠡᠭᠦᠷᠭᠡᠯᠡᠯ᠎ᠲᠡᠶ ᠪᠠᠢᠳᠠᠭ᠎ᠢ ᠬᠠᠷᠠᠭᠤᠯᠤᠭᠠᠷᠠᠢ!


微信图片_20221107170113.jpg


微信图片_20221107170137.jpg


微信图片_20221107170141.jpg


微信图片_20221107170151.jpg


微信图片_20221107170202.jpg


ᠢᠷᠡᠯᠲᠡ ᠄ ᠥᠪᠥᠷ ᠮᠣᠩᠭᠣᠯ᠎ᠤᠨ ᠰᠤᠷᠭᠠᠨ ᠬᠥᠮᠦᠵᠢᠯ ᠵᠢᠷᠭᠢᠶ᠎ᠠ ᠵᠢᠨ ᠳᠠᠪᠴᠠᠡᠭ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面