2022-11-08 20:42:10
11 ᠰᠠᠷ᠎ᠠ᠎ᠶ᠋ᠢᠨ 8᠎ᠤ᠋ ᠦᠳᠡ᠎ᠶ᠋ᠢᠨ ᠬᠣᠢᠨ᠎ᠠ᠂ ᠬᠥᠬᠡᠬᠣᠲᠠ 70 ᠳ᠋ᠤᠭᠠᠷ ᠲᠠᠯᠠᠪᠠᠢ ᠬᠢᠵᠢᠭ᠎ᠦ᠋ᠨ ᠪᠠᠢᠳᠠᠯ᠎ᠢ᠋ ᠰᠡᠷᠭᠡᠢᠯᠡᠨ ᠡᠵᠡᠮᠳᠡᠬᠦ ᠠᠵᠢᠯ᠎ᠤᠨ ᠰᠣᠨᠢᠨ ᠮᠡᠳᠡᠭᠡ ᠨᠡᠢᠲᠡᠯᠡᠬᠦ ᠬᠤᠷᠠᠯ ᠬᠢᠵᠦ᠂ ᠬᠠᠮᠤᠭ ᠤᠨ ᠰᠢᠨ᠎ᠡ ᠪᠠᠢᠳᠠᠯ ᠢ᠋ ᠨᠡᠢᠲᠡᠯᠡᠪᠡ᠃ ᠨᠡᠢᠭᠡᠮ᠎ᠦ᠋ᠨ ᠬᠠᠮᠢᠶᠠᠷᠤᠯᠲᠠ ᠡᠵᠡᠮᠳᠡᠯ᠎ᠤᠨ 《ᠳᠤᠯᠤᠭᠠᠨ ᠦᠯᠦ ᠪᠤᠯᠬᠤ》 ᠲᠠᠯ᠎ᠠ ᠳ᠋ᠤ ᠤᠷᠤᠰᠢᠵᠤ ᠪᠠᠢᠭ᠎ᠠ ᠳᠣᠣᠷ᠎ᠠ ᠲᠦᠭᠰᠢᠭᠦᠷᠢᠲᠦ ᠣᠷᠣᠨ ᠪᠠ ᠬᠢᠵᠢᠭ ᠦᠭᠡᠢ ᠰᠠᠭᠤᠭᠠᠯᠢ ᠲᠣᠭᠣᠷᠢᠭᠢ᠋ ᠨᠡᠭᠡᠭᠡᠭᠰᠡᠨ ᠨᠢ ᠭᠦᠢᠴᠡᠳ ᠦᠭᠡᠢ᠂ ᠵᠠᠷᠢᠮ ᠰᠠᠭᠤᠭᠠᠯᠢ ᠲᠣᠭᠣᠷᠢᠭ᠎ᠤ᠋ᠨ ᠣᠷᠣᠵᠤ ᠭᠠᠷᠬᠤ ᠭᠡᠷᠡᠴᠢ ᠦᠭᠬᠦ ᠨᠢ ᠪᠤᠳᠤᠯᠢᠶᠠᠨᠲᠠᠢ᠂ ᠨᠡᠭᠡᠭᠡᠬᠦ ᠴᠠᠭ ᠨᠢ ᠪᠤᠭᠤᠨᠢ︔ ᠥᠨᠳᠥᠷ ᠳᠤᠮᠳᠠ ᠲᠦᠭᠰᠢᠭᠦᠷᠢᠲᠡᠢ ᠣᠷᠣᠨ᠎ᠢ ᠴᠠᠬ ᠳᠤᠬᠠᠢ᠎ᠳᠦ ᠨᠢ ᠳᠡᠰ ᠪᠠᠭᠤᠷᠠᠭᠤᠯᠤᠬᠰᠠᠨ ᠦᠬᠡᠢ ᠵᠡᠷᠭᠡ ᠠᠰᠠᠭᠤᠳᠠᠯ᠎ᠳ᠋ᠤ ᠬᠠᠨᠳᠤᠭᠤᠯᠤᠨ᠂ ᠬᠥᠬᠡᠬᠣᠲᠠ᠎ᠶ᠋ᠢᠨ ᠠᠷᠠᠳ᠎ᠤ᠋ᠨ ᠵᠠᠰᠠᠭ᠎ᠤ᠋ᠨ ᠣᠷᠳᠣᠨ᠎ᠤ᠋ ᠳᠡᠳ᠋ ᠬᠣᠲᠠ᠎ᠶ᠋ᠢᠨ ᠳᠠᠷᠤᠭ᠎ᠠ ᠰᠢᠦᠢ ᠱᠸᠤ ᠵᠢᠢ᠂ ᠨᠡᠭᠡᠭᠡᠬᠦ ᠶᠤᠰᠤᠲᠠᠢ ᠵᠢ ᠨᠢ ᠭᠦᠢᠴᠡᠳ ᠨᠡᠭᠡᠭᠡᠵᠦ᠂ ᠬᠠᠮᠢᠶᠠᠷᠬᠤ ᠶᠤᠰᠤᠲᠠᠢ ᠵᠢ ᠨᠢ ᠴᠢᠩᠭ᠎ᠠ ᠬᠠᠮᠢᠶᠠᠷᠴᠤ᠂ ᠲᠦᠭᠰᠢᠭᠦᠷᠢ ᠵᠢᠨ ᠳᠡᠰ ᠪᠠᠭᠤᠷᠠᠭᠤᠯᠬᠤ ᠶᠤᠰᠤᠲᠠᠢ ᠵᠢ ᠨᠢ ᠴᠠᠭ ᠲᠤᠬᠠᠢ ᠳ᠋ᠤᠨᠢ ᠪᠠᠭᠤᠷᠠᠭᠤᠯᠵᠤ᠂ ᠨᠡᠢᠭᠡᠮ᠎ᠦ᠋ᠨ ᠬᠠᠮᠢᠶᠠᠷᠤᠯᠲᠠ ᠡᠵᠡᠮᠳᠡᠯᠦ᠋ᠨ ᠠᠵᠢᠯ᠎ᠢ᠋ ᠨᠠᠷᠢᠨ ᠣᠨᠣᠪᠴᠢᠲᠠᠢ ᠰᠠᠢᠲᠤᠷ ᠬᠢᠬᠦ ᠬᠡᠷᠡᠭᠲᠡᠢ ᠭᠡᠵᠡᠢ᠃
ᠳᠣᠣᠷ᠎ᠠ ᠲᠦᠭᠰᠢᠭᠦᠷᠢᠲᠦ ᠲᠤᠭᠤᠷᠢᠭ ᠪᠠ ᠬᠢᠵᠢᠭ ᠦᠭᠡᠢ ᠰᠠᠭᠤᠭᠠᠯᠢ ᠲᠣᠭᠣᠷᠢᠭᠢ᠋ ᠡᠷᠬᠡᠪᠰᠢ ᠱᠠᠭᠠᠷᠳᠠᠯᠭ᠎ᠠ ᠶᠣᠰᠣᠭᠠᠷ ᠪᠥᠬᠥ ᠲᠠᠯ᠎ᠠ᠎ᠪᠠᠷ ᠴᠢᠯᠥᠭᠡᠲᠡᠢ ᠲᠠᠯᠪᠢᠵᠤ᠂ ᠣᠷᠣᠵᠤ ᠭᠠᠷᠬᠤ ᠦᠶᠡᠰ ᠺᠤᠳ᠋ ᠰᠢᠷᠪᠢᠬᠦ᠂ ᠪᠡᠶ᠎ᠡ ᠵᠢᠨ ᠳᠤᠯᠠᠭᠠᠨ᠎ᠢ᠋ ᠨᠢ ᠬᠡᠮᠵᠢᠬᠦ᠂ ᠠᠮᠠᠪᠴᠢ ᠵᠡᠭᠦᠬᠦ ᠪᠠ ᠪᠥᠭᠡᠮ ᠬᠦᠴᠢᠯ᠎ᠤᠨ ᠪᠠᠢᠴᠠᠭᠠᠯᠲᠠ ᠵᠢᠨ ᠪᠢᠯᠢᠭ ᠴᠢᠨᠠᠷ᠎ᠤ᠋ᠨ ᠭᠡᠷᠡᠴᠢ ᠵᠡᠷᠭᠡ ᠰᠡᠷᠭᠡᠢᠯᠡᠨ ᠡᠵᠡᠮᠳᠡᠬᠦ ᠲᠣᠭᠲᠠᠭᠠᠯᠢ᠋ ᠴᠢᠩᠭ᠎ᠠ ᠨᠠᠶ᠋ᠢᠳᠠᠪᠤᠷᠢᠵᠢᠭᠤᠯᠬᠤ ᠬᠡᠷᠡᠭᠲᠡᠢ︔ ᠢᠯᠠᠩᠭᠤᠶ᠎ᠠ ᠭᠠᠳᠠᠨ᠎ᠠ ᠡᠴᠡ ᠰᠠᠭᠤᠭᠠᠯᠢ ᠲᠣᠭᠣᠷᠢᠭ᠎ᠲᠠᠭᠠᠨ ᠬᠠᠷᠢᠬᠤ ᠲᠡᠷᠭᠡ ᠵᠢ ᠡᠷᠬᠡᠪᠰᠢ ᠲᠡᠷᠭᠡ ᠳᠠᠷᠠᠭᠠᠯᠠᠨ ᠪᠠᠢᠴᠠᠭᠠᠵᠤ᠂ ᠬᠥᠬᠡᠬᠣᠲᠠ ᠵᠢᠨ ᠺᠤᠳ᠋ ᠪᠣᠯᠤᠨ ᠪᠥᠭᠡᠮ ᠬᠦᠴᠢᠯᠦ᠋ᠨ ᠪᠠᠢᠴᠠᠭᠠᠯᠲᠠ᠎ᠶ᠋ᠢᠨ ᠪᠢᠯᠢᠭ ᠴᠢᠨᠠᠷ᠎ᠤᠨ ᠭᠡᠷᠡᠴᠢ᠎ᠶ᠋ᠢ ᠪᠠᠢᠴᠠᠭᠠᠨ ᠰᠢᠯᠭᠠᠵᠤ᠂ ᠨᠢᠭᠡ ᠲᠡᠷᠭᠡ᠂ ᠨᠢᠭᠡ ᠬᠥᠮᠦᠨ᠎ᠢ᠋ ᠴᠦ᠍ ᠣᠷᠬᠢᠭᠳᠠᠭᠤᠯᠬᠤ ᠦᠭᠡᠢ ᠪᠠᠢᠵᠤ᠂ ᠭᠠᠳᠠᠨ᠎ᠠ ᠵᠢᠨ ᠬᠥᠮᠦᠰᠰᠠᠭᠤᠭᠠᠯᠢ ᠲᠣᠭᠣᠷᠢᠭ᠎ᠲᠤ᠌ ᠣᠷᠣᠬᠤ᠎ᠶ᠋ᠢ ᠰᠡᠷᠭᠡᠢᠯᠡᠬᠦ ᠬᠡᠷᠡᠭᠲᠡᠢ᠃ ᠨᠡᠢᠭᠡᠮ ᠲᠣᠭᠣᠷᠢᠭ ᠨᠢ ᠠᠷᠭ᠎ᠠ ᠴᠢᠨᠠᠷᠲᠠᠢ ᠬᠠᠯᠳᠠᠪᠤᠷᠢᠯᠠᠭᠳᠠᠭᠴᠢ᠎ᠶ᠋ᠢ ᠮᠡᠳᠡᠪᠡᠯ ᠡᠷᠬᠡᠪᠰᠢ ᠲᠡᠷᠡ ᠳᠠᠷᠤᠢᠳ᠋ᠤᠨᠢ ᠬᠠᠯᠳᠠᠪᠤᠷᠢᠯᠠᠭᠳᠠᠭᠴᠢ ᠵᠢᠨ ᠪᠠᠢᠭ᠎ᠠ ᠠᠰᠠᠷ᠎ᠤᠨ ᠤᠷᠤᠴᠠ ᠵᠢ ᠥᠨᠳᠥᠷ ᠲᠦᠭᠰᠢᠭᠦᠷᠢᠲᠡᠢ ᠣᠷᠣᠨ ᠪᠣᠯᠭᠠᠨ ᠬᠤᠪᠢᠶᠠᠷᠢᠯᠠᠨ ᠲᠣᠭᠲᠠᠭᠠᠬᠤ᠎ᠶ᠋ᠢᠨ ᠬᠠᠮᠲᠤ ᠮᠡᠳᠡᠭᠡ ᠵᠠᠩᠭᠢ᠎ᠶ᠋ᠢ ᠨᠡᠢᠭᠡᠮ ᠲᠣᠭᠣᠷᠢᠭ᠎ᠤ᠋ᠨ ᠺᠠᠳ᠋ᠷ᠂ ᠠᠳᠠᠯ ᠠᠬᠤᠢ᠂ ᠰᠠᠢᠨ ᠳᠤᠷᠠᠴᠤᠳ ᠵᠡᠷᠭᠡ ᠠᠵᠢᠯᠲᠠᠨᠳ᠋ᠤ᠌ ᠬᠦᠷᠭᠡᠵᠦ᠂ ᠲᠤᠰᠠᠭᠠᠷᠯᠠᠨ ᠬᠠᠮᠢᠶᠠᠷᠴᠤ ᠡᠵᠡᠮᠳᠡᠬᠦ ᠠᠷᠭ᠎ᠠ ᠬᠡᠮᠵᠢᠶ᠎ᠡ᠎ᠶ᠋ᠢ ᠨᠠᠢᠳᠠᠪᠤᠷᠢᠵᠢᠭᠤᠯᠤᠨ᠂ ᠰᠠᠭᠤᠭᠠᠯᠢ ᠲᠤᠭᠤᠷᠢᠭ ᠤᠨ ᠪᠤᠰᠤᠳ ᠠᠷᠠᠳ᠎ᠢ ᠭᠡᠷ᠎ᠲᠤ᠎ᠨᠢ ᠳᠠᠷᠤᠢᠬᠠᠨ ᠬᠠᠷᠢᠭᠤᠯᠵᠤ᠂ ᠲᠦᠭᠰᠢᠭᠦᠷᠢ ᠨᠡᠮᠡᠭᠳᠡᠬᠦ ᠡᠴᠡ ᠵᠠᠢᠯᠠᠰᠬᠢᠨ᠎ᠡ᠃ ᠥᠨᠳᠥᠷ ᠲᠦᠭᠰᠢᠭᠦᠷᠢᠲᠡᠢ ᠣᠷᠣᠨ᠎ᠤ᠋ ᠲᠦᠭᠰᠢᠭᠦᠷᠢ ᠵᠢᠨ ᠳᠡᠰ ᠢ ᠪᠠᠭᠤᠷᠠᠭᠤᠯᠬᠤ ᠶᠤᠰᠤᠲᠠᠢ ᠵᠢ ᠨᠢ ᠴᠠᠭ ᠲᠤᠬᠠᠢ᠎ᠳ᠋ᠤᠨᠢ ᠪᠠᠭᠤᠷᠠᠭᠤᠯᠵᠤ᠂ ᠠᠮᠢᠳᠤᠷᠠᠯ᠎ᠤ᠋ᠨ ᠡᠮᠬᠢ ᠳᠢᠭᠯᠢᠮᠢ᠋ ᠡᠮᠬᠢ ᠵᠢᠷᠤᠮ᠎ᠲᠠᠢ ᠰᠡᠷᠭᠦᠭᠡᠬᠦ ᠬᠡᠷᠡᠭᠲᠡᠢ᠃
( ᠢᠷᠡᠯᠲᠡ ᠄ ᠲᠡᠭᠦᠯᠢᠯᠲᠡ ᠬᠠᠮ ᠵᠠᠭᠤᠴᠢᠯᠠᠭᠤᠷ )
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠠᠨᠠᠷ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃