ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠮᠡᠳᠡᠭᠡᠯᠡᠯ

2022-11-08 20:26:07

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠣᠳᠣᠬᠠᠨ᠎ᠤ ᠬᠥᠬᠡᠬᠣᠲᠠ᠎ᠶ᠋ᠢᠨ ᠬᠦᠨᠳᠦ ᠨᠣᠴᠢᠲᠠᠢ ᠬᠢᠵᠢᠭ᠎ᠦᠨ ᠪᠠᠢᠳᠠᠯ᠎ᠤᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠬᠢᠵᠢᠭ᠎ᠦᠨ ᠪᠠᠢᠳᠠᠯ᠎ᠢ ᠠᠷᠢᠯᠭᠠᠬᠤ ᠠᠵᠢᠯ᠎ᠢ ᠪᠦᠬᠦ᠌ ᠬᠦᠴᠦ᠍᠎ᠪᠡᠷ᠎ᠢᠶᠡᠨ ᠠᠬᠢᠭᠤᠯᠬᠤ ᠱᠠᠭᠠᠷᠳᠠᠯᠭ᠎ᠠ᠎ᠶ᠋ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠬᠤ᠎ᠶ᠋ᠢᠨ ᠲᠥᠯᠥᠭᠡ᠂ ᠬᠥᠬᠡᠬᠣᠲᠠ᠎ᠶ᠋ᠢᠨ ᠱᠢᠨ᠎ᠡ ᠲᠢᠲᠢᠮᠯᠢᠭ ᠠᠭᠤᠰᠬᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠵᠢᠯᠣᠭᠣᠳᠭᠤ ᠭᠠᠵᠠᠷ 《 ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠬᠤᠭᠤᠴᠠᠭᠠᠨ᠎ᠳᠤ ᠬᠠᠰᠢᠬᠳᠠᠵᠦ ᠬᠣᠴᠣᠷᠤᠭ᠍ᠰᠠᠨ ᠬᠥᠮᠦᠰ᠎ᠦᠨ ᠪᠤᠴᠠᠬᠤ᠂ ᠭᠠᠳᠠᠭ᠍ᠰᠢ ᠭᠠᠷᠴᠤ᠌ ᠰᠤᠷᠤᠯᠴᠠᠬᠤ᠂ ᠭᠠᠳᠠᠭ᠍ᠰᠢ ᠭᠠᠷᠴᠤ᠌ ᠱᠢᠯᠭᠠᠭᠤᠯᠬᠤ᠎ᠳᠦ ᠬᠥᠬᠡᠬᠣᠲᠠ᠎ᠠᠴᠠ ᠭᠠᠷᠬᠤ ᠰᠠᠭᠠᠳ ᠦᠭᠡᠢ ᠵᠠᠮ᠎ᠢ ᠨᠡᠪᠲᠡᠷᠡᠭᠦᠯᠬᠦ᠌ ᠲᠤᠬᠠᠢ ᠮᠡᠳᠡᠭ᠌ᠳᠡᠯ 》 (2022 ᠣᠨ᠎ᠤ 116 ᠳ᠋ᠤᠭᠠᠷ ᠲᠣᠭᠠᠲᠤ) ᠎ᠢ ᠳᠠᠷᠤᠮᠠᠯᠯᠠᠨ ᠲᠠᠷᠬᠠᠭᠠᠵᠤ᠂ ᠬᠦᠬᠡᠬᠤᠳᠠ ᠳ᠋ᠤ ᠬᠥᠯᠥᠰᠥᠨ ᠠᠵᠢᠯ ᠬᠢᠵᠦ᠍ ᠪᠠᠢᠭ᠎ᠠ ᠬᠥᠮᠦᠰ᠎ᠤᠨ ᠪᠤᠴᠠᠬᠤ᠎ᠳᠦ ᠰᠠᠭᠠᠳ ᠦᠭᠡᠢ ᠵᠠᠮ᠎ᠢ ᠨᠡᠭᠡᠭᠡᠵᠦ᠍ ᠥᠭ᠌ᠴᠡᠢ᠃


640.png


ᠬᠥᠬᠡᠬᠣᠲᠠ᠎ᠶ᠋ᠢᠨ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠲᠣᠪᠴᠢᠶ᠎ᠠ ᠬᠣᠲᠠ᠎ᠶ᠋ᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠵᠢᠯᠣᠭᠣᠳᠭᠤ ᠭᠠᠵᠠᠷ᠎ᠤᠨ ᠪᠠᠢᠷᠢᠯᠠᠭᠤᠯᠤᠯᠲᠠ᠎ᠶ᠋ᠢ ᠪᠥᠬᠥ᠌ ᠲᠠᠯ᠎ᠠ᠎ᠪᠠᠷ ᠨᠠᠢᠳᠠᠪᠤᠷᠢᠵᠢᠭᠤᠯᠵᠤ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠ ᠲᠤᠬᠠᠢᠯᠠᠭ᠍ᠰᠠᠨ ᠠᠵᠢᠯ᠎ᠢ 《ᠬᠣᠶᠠᠷ ᠲᠠᠯ᠎ᠠ᠎ᠪᠠᠷ ᠠᠳᠭᠤᠵᠤ᠂ ᠬᠣᠶᠠᠷ᠎ᠢ ᠥᠯᠥ᠍ ᠰᠠᠭᠠᠲᠠᠭᠠᠬᠤ》 ᠵᠢ ᠪᠠᠷᠢᠮᠲᠠᠯᠠᠨ᠂ ᠬᠣᠲᠠ᠎ᠶ᠋ᠢᠨ ᠬᠥᠯᠥᠰᠥᠨ ᠠᠵᠢᠯᠴᠢᠨ᠎ᠤ ᠴᠠᠯᠢᠩ᠎ᠢ ᠥᠷᠢᠲᠦᠵᠦ᠍ ᠤᠳᠠᠭᠠᠱᠢᠷᠠᠭᠤᠯᠬᠤ᠎ᠶ᠋ᠢ ᠦᠨᠳᠦᠰᠦᠨ᠎ᠡᠴᠡ ᠨᠢ ᠵᠠᠰᠠᠬᠤ ᠠᠵᠢᠯ᠎ᠤᠨ ᠤᠳᠤᠷᠢᠳᠭᠤ ᠳᠤᠭᠤᠢᠯᠠᠩ᠎ᠤᠨ ᠠᠯᠪᠠᠨ ᠬᠡᠷ᠎ᠦᠨ ᠡᠭᠦᠷᠭᠡ ᠴᠢᠳᠠᠪᠤᠷᠢ ᠪᠠ ᠦᠶ᠋ᠯᠡᠳᠦᠯ᠎ᠢ ᠭᠦᠶ᠋ᠴᠡᠳ ᠪᠠᠳᠠᠷᠠᠭᠤᠯᠵᠤ᠂ ᠪᠠᠢᠭᠤᠯᠵᠤ ᠪᠠᠢᠭ᠎ᠠ ᠪᠠᠷᠢᠯᠭ᠎ᠠ᠎ᠶ᠋ᠢᠨ ᠲᠥᠷᠥᠯ ᠵᠦᠶ᠋ᠯ᠎ᠦᠨ ᠠᠵᠢᠯᠴᠢᠨ᠎ᠤ ᠠᠮᠢᠳᠤᠷᠠᠯ᠎ᠤᠨ ᠪᠠᠲᠤᠯᠠᠭ᠎ᠠ᠎ᠶ᠋ᠢᠨ ᠪᠠᠢᠳᠠᠯ᠂ ᠴᠠᠯᠢᠩ ᠥᠭ᠌ᠴᠦ ᠪᠠᠢᠭ᠎ᠠ ᠪᠠᠢᠳᠠᠯ ᠪᠠ ᠬᠥᠯᠥᠰᠥᠨ ᠠᠵᠢᠯᠴᠢᠨ᠎ᠤ ᠤᠷᠮ᠎ᠠ ᠰᠡᠳᠭᠢᠯᠭᠡ᠎ᠶ᠋ᠢ ᠲᠣᠭ᠍ᠲᠠᠭᠤᠨ ᠡᠵᠡᠮᠳᠡᠵᠦ᠍ ᠪᠠᠢᠭ᠎ᠠ ᠪᠠᠢᠳᠠᠯ᠎ᠢ ᠪᠥᠬᠥ᠌ ᠲᠠᠯ᠎ᠠ᠎ᠪᠠᠷ ᠲᠣᠳᠣᠷᠬᠠᠶ ᠣᠢᠯᠠᠭᠠᠵᠤ᠂ ᠣᠷᠣᠨ ᠰᠠᠭᠤᠴᠠ ᠪᠠ ᠬᠣᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ ᠵᠡᠷᠭᠡ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠪᠠ ᠬᠠᠷᠢᠶ᠎ᠠ ᠭᠠᠵᠠᠷ᠎ᠤᠨ ᠵᠠᠰᠠᠭ᠎ᠤᠨ ᠣᠷᠳᠣᠨ᠎ᠢ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠵᠤ᠂ ᠬᠤᠪᠢ ᠵᠢᠨ ᠳᠡᠷᠬᠡ᠂ ᠲᠤᠮᠤ ᠮᠠᠱᠢᠨ ᠲᠡᠷᠭᠡ ᠵᠢᠴᠢ ᠨᠢᠰᠭᠡᠯ ᠳᠠᠭᠠᠭᠠᠴᠢᠯᠠᠬᠤ ᠵᠡᠷᠭᠡ ᠣᠯᠠᠨ ᠵᠦᠶ᠋ᠯ᠎ᠦᠨ ᠠᠷᠭ᠎ᠠ ᠬᠡᠯᠪᠡᠷᠢ᠎ᠪᠡᠷ ᠳᠠᠮᠵᠢᠭᠤᠯᠤᠨ ᠪᠠᠷᠢᠯᠭ᠎ᠠ᠎ᠶ᠋ᠢᠨ ᠠᠵᠢᠯᠴᠢᠨ᠎ᠤ ᠨᠤᠲᠤᠭ᠎ᠲᠠᠭᠠᠨ ᠪᠤᠴᠠᠬᠤ ᠠᠵᠢᠯ᠎ᠢ ᠡᠮᠬᠢ ᠵᠢᠷᠤᠮ ᠲᠡᠢ ᠦᠷᠨᠢᠭᠦᠯᠪᠡ᠃


640 (1).png


11 ᠰᠠᠷ᠎ᠠ᠎ᠶ᠋ᠢᠨ 6᠎ᠤ ᠡᠳᠦᠷ ᠪᠣᠯᠲᠠᠯ᠎ᠠ᠂ ᠪᠥᠬᠥ᠌ ᠬᠣᠲᠠ᠎ᠶ᠋ᠢᠨ 40 ᠱᠢᠬᠠᠮ ᠪᠠᠢᠭᠤᠯᠵᠤ ᠪᠠᠢᠭ᠎ᠠ ᠲᠥᠷᠥᠯ ᠵᠦᠶ᠋ᠯ᠎ᠦᠨ 2375 ᠬᠥᠯᠥᠰᠥᠨ ᠠᠵᠢᠯᠴᠢᠨ ᠬᠤᠪᠢ ᠵᠢᠨ ᠳᠡᠷᠬᠡ᠂ ᠳᠤᠮᠤ ᠮᠠᠱᠢᠨ ᠲᠡᠷᠭᠡ ᠪᠠ ᠨᠢᠰᠭᠡᠯ ᠵᠡᠷᠭᠡ ᠠᠷᠭ᠎ᠠ ᠬᠡᠯᠪᠡᠷᠢ᠎ᠪᠡᠷ ᠬᠦᠬᠡᠬᠤᠳᠠ ᠡᠴᠡ ᠡᠮᠬᠢ ᠵᠢᠷᠤᠮ᠎ᠲᠠᠶ᠎ᠪᠠᠷ ᠭᠠᠷᠪᠠ᠃ ᠶᠡᠬᠡᠩᠬᠢ ᠪᠦᠲᠦᠭᠡᠨ ᠪᠠᠢᠭᠤᠯᠤᠯᠲᠠ᠎ᠶ᠋ᠢᠨ ᠲᠥᠷᠥᠯ ᠵᠦᠢᠯ᠎ᠤᠨ ᠳᠠᠯ᠎ᠠ ᠡᠴᠡ ᠨᠢᠭᠡᠨᠲᠡ ᠨᠤᠲᠤᠭ᠎ᠲᠠᠭᠠᠨ ᠪᠤᠴᠠᠭ᠍ᠰᠠᠨ ᠬᠥᠮᠦᠰ᠎ᠦᠨ ᠴᠠᠯᠢᠩ᠎ᠢ ᠭᠦᠢᠴᠡᠳ ᠣᠯᠭᠣᠵᠤ᠂ ᠪᠤᠰᠤᠳ ᠲᠥᠷᠥᠯ ᠵᠦᠢᠯ ᠎ᠤᠨ ᠳᠠᠯ᠎ᠠ ᠡᠴᠡ ᠬᠡᠰᠡᠭ ᠠᠮᠢᠳᠤᠷᠠᠯ᠎ᠤᠨ ᠵᠠᠷᠤᠳᠠᠯ ᠦᠭᠬᠦ᠎ᠶ᠋ᠢᠨ ᠬᠠᠮᠲᠤ ᠬᠡᠪ᠎ᠦᠨ ᠦᠢᠯᠡᠳᠪᠦᠷᠢᠯᠡᠯ ᠠᠮᠢᠳᠤᠷᠠᠯ᠎ᠤᠨ ᠡᠮᠬᠢ ᠳᠢᠭ᠌ᠯᠢᠮ᠎ᠢ ᠰᠡᠷᠭᠦᠭᠡᠭ᠌ᠰᠡᠨ᠎ᠦ ᠳᠠᠷᠠᠭ᠎ᠠ ᠦᠯᠡᠳᠡᠭ᠌ᠰᠡᠨ ᠴᠠᠯᠢᠩ᠎ᠢ ᠴᠠᠭ ᠲᠤᠬᠠᠶ᠎ᠳᠤᠨᠢ ᠦᠭᠬᠦ᠎ᠪᠠᠷ ᠠᠮᠠᠯᠠᠪᠠ᠃

ᠬᠥᠬᠡᠬᠣᠲᠠ᠎ᠶ᠋ᠢᠨ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠲᠣᠪᠴᠢᠶ᠎ᠠ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ᠂ ᠠᠷᠠᠳ ᠲᠦᠮᠡᠨ᠎ᠢᠶᠡᠷ ᠭᠤᠤᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠡᠷᠡᠰ ᠦᠶ᠋ᠯᠡᠳᠦᠯᠭᠡᠵᠢᠭᠦᠯᠵᠦ᠍᠂ ᠣᠯᠠᠨ ᠲᠦᠮᠡᠨ᠎ᠦ ᠬᠦᠴᠢᠷ ᠵᠤᠪᠠᠯᠠᠩ ᠪᠠ ᠬᠦᠰᠡᠯ ᠡᠷᠡᠮᠡᠯᠵᠡᠯ᠎ᠦᠨ ᠠᠰᠠᠭᠤᠳᠠᠯ᠎ᠢ ᠨᠥᠬᠥᠴᠡᠯ ᠳᠤᠷᠠᠳᠭᠤ ᠥᠬᠡᠶ ᠪᠡᠷ ᠪᠦᠷᠢᠨ ᠭᠦᠢᠴᠡᠳ ᠱᠢᠶ᠋ᠳᠪᠦᠷᠢᠯᠡᠵᠦ᠂ ᠬᠢᠵᠢᠭ᠎ᠦᠨ ᠪᠠᠢᠳᠠᠯ ᠪᠤᠶᠤ ᠪᠤᠰᠤᠳ ᠱᠢᠯᠲᠠᠭᠠᠨ᠎ᠢᠶᠠᠷ ᠬᠥᠯᠥᠰᠥᠨ ᠠᠵᠢᠯᠴᠢᠨ᠎ᠤ ᠴᠠᠯᠢᠩ᠎ᠢ ᠥᠷᠢᠲᠦᠬᠦ ᠪᠤᠶᠤ ᠥᠭ᠌ᠬᠦ ᠦᠭᠡᠢ ᠪᠠᠢᠳᠠᠯ᠎ᠢ ᠡᠷᠡᠰ ᠬᠤᠷᠢᠭᠯᠠᠵᠤ᠂ ᠬᠥᠯᠥᠰᠥᠨ ᠠᠵᠢᠯᠴᠢᠨ᠎ᠢ ᠴᠠᠯᠢᠩ ᠬᠦᠯᠦᠰᠦ ᠳᠠᠢ ᠨᠤᠲᠤᠭ ᠲᠤᠨᠢ ᠪᠤᠴᠠᠭᠠᠨ᠎ᠠ᠃

( ᠢᠷᠡᠯᠳᠡ᠄ ᠤᠮᠠᠷᠠᠳᠤ ᠵᠢᠨ ᠰᠢᠨ᠎ᠡ ᠰᠤᠨᠢᠨ )

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠠᠨᠠᠷ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面