2022-11-08 10:00:49
11 ᠰᠠᠷ᠎ᠠ᠎ᠶ᠋ᠢᠨ 6 ᠤ ᠡᠳᠦᠷ ᠬᠤᠷᠠᠯᠳᠤᠭ᠍ᠰᠠᠨ ᠬᠥᠬᠡᠬᠣᠲᠠ᠎ᠶ᠋ᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠰᠣᠨᠢᠨ ᠮᠡᠳᠡᠭᠡ ᠨᠡᠢᠲᠡᠯᠡᠬᠦ᠌ ᠬᠤᠷᠠᠯ (69 ᠳ᠋ᠤᠭᠡᠷ ᠲᠠᠯᠠᠪᠠᠢ) ᠡᠴᠡ ᠣᠢᠯᠠᠭᠠᠭ᠍ᠰᠠᠨ ᠵᠢᠡᠷ᠂ ᠨᠡᠢᠭᠡᠮ᠎ᠦᠨ ᠬᠠᠮᠢᠶᠠᠷᠤᠨ ᠡᠵᠡᠮᠳᠡᠬᠦ᠌ ᠠᠵᠢᠯ᠎ᠢ ᠱᠢᠨᠵᠢᠯᠡᠬᠦ᠌ ᠤᠬᠠᠭᠠᠨᠴᠢ᠎ᠪᠠᠷ ᠨᠠᠷᠢᠯᠢᠭ ᠣᠨᠣᠴᠠᠲᠠᠶ᠎ᠪᠠᠷ ᠰᠠᠢᠲᠤᠷ ᠬᠢᠬᠦ᠌᠎ᠶ᠋ᠢᠨ ᠲᠥᠯᠥᠭᠡ᠂ ᠬᠥᠬᠡᠬᠣᠲᠠ᠎ᠶ᠋ᠢᠨ ᠬᠢᠨ 《ᠲᠤᠯᠤᠭᠠᠨ ᠦᠯᠦ ᠪᠤᠯᠬᠤ》 ᠵᠦᠢᠯ᠎ᠢ ᠳᠤᠷᠠᠳᠤᠨ ᠭᠠᠷᠭᠠᠭᠰᠠᠨ ᠪᠠᠢᠨ᠎ᠠ᠃
ᠨᠢᠭᠡ᠂ ᠲᠤᠮᠳᠠ᠂ ᠦᠨᠳᠦᠷ ᠲᠦᠭ᠌ᠰᠢᠭᠦᠷᠢᠲᠡᠢ ᠣᠷᠣᠨ᠎ᠤ ᠬᠡᠪᠴᠢᠶ᠎ᠡ᠎ᠶ᠋ᠢ ᠳᠤᠷ᠎ᠠ᠎ᠪᠠᠷ᠎ᠢᠶᠠᠨ ᠥᠷᠭᠡᠳᠭᠡᠵᠦ᠍ ᠪᠣᠯᠬᠤ ᠦᠭᠡᠢ᠂ ᠡᠷᠬᠡᠪᠰᠢ ᠱᠢᠨᠵᠢᠯᠡᠬᠦ᠌ ᠤᠬᠠᠭᠠᠨᠴᠢ᠎ᠪᠠᠷ ᠰᠤᠳᠤᠯᠤᠨ ᠮᠠᠭᠠᠳᠯᠠᠵᠤ᠂ ᠨᠠᠷᠢᠯᠢᠭ ᠣᠨᠣᠴᠠᠲᠠᠶ᠎ᠪᠠᠷ ᠵᠠᠭᠠᠭ᠍ᠯᠠᠨ ᠲᠣᠭ᠍ᠲᠠᠭᠠᠬᠤ ᠬᠡᠷᠡᠭ᠌ᠲᠡᠶ᠃ ᠰᠤᠳᠤᠯᠤᠨ ᠪᠠᠢᠴᠠᠭᠠᠯᠲᠠ ᠵᠢᠨ ᠮᠡᠳᠡᠭᠦᠯᠦᠯᠲᠡ᠎ᠶ᠋ᠢᠨ ᠦᠷ᠎ᠡ ᠳ᠋ᠦᠩ᠎ᠢ ᠦᠨᠳᠦᠰᠦᠯᠡᠨ᠂ ᠠᠶᠤᠯ ᠲᠦᠭ᠌ᠰᠢᠭᠦᠷᠢ᠎ᠶ᠋ᠢᠨ ᠣᠷᠣᠨ ᠪᠦᠰᠡ᠎ᠶ᠋ᠢᠨ ᠬᠡᠪᠴᠢᠶ᠎ᠡ᠎ᠶ᠋ᠢ ᠱᠢᠨᠵᠢᠯᠡᠬᠦ᠌ ᠤᠬᠠᠭᠠᠨᠴᠢ᠎ᠪᠠᠷ ᠵᠠᠭᠠᠭ᠍ᠯᠠᠨ ᠲᠣᠭ᠍ᠲᠠᠭᠠᠵᠤ᠂ ᠠᠰᠠᠷ᠂ ᠤᠷᠤᠴᠠ ᠬᠦᠷᠳᠡᠯ᠎ᠡ ᠨᠠᠷᠢᠯᠢᠭ ᠲᠤᠬᠳᠠᠭᠠᠵᠤ᠂ ᠨᠢᠭᠡ ᠬᠣᠶᠠᠷ ᠡᠪᠡᠳᠴᠢᠨ᠎ᠦ ᠵᠢᠱ᠌ᠢᠶ᠎ᠡ ᠭᠠᠷᠤᠭ᠍ᠰᠠᠨ᠎ᠠᠴᠠ ᠪᠣᠯᠵᠣ ᠪᠦᠬᠦᠢᠯᠡ ᠰᠠᠭᠤᠭᠠᠯᠢ ᠠᠷᠠᠳ᠎ᠤᠨ ᠲᠣᠭᠣᠷᠢᠭ᠎ᠢ ᠪᠢᠲᠡᠭᠦᠮᠵᠢᠯᠡᠵᠦ᠍ ᠪᠣᠯᠬᠤ ᠥᠬᠡᠶ᠃
ᠬᠣᠶᠠᠷ᠂ ᠭᠠᠳᠠᠭ᠍ᠰᠢ ᠭᠠᠷᠬᠤ᠎ᠶ᠋ᠢ ᠬᠢᠵᠠᠭᠠᠷᠯᠠᠬᠤ ᠬᠡᠪᠴᠢᠶ᠎ᠡ᠎ᠶ᠋ᠢ ᠳᠤᠮᠳᠠ᠂ ᠦᠨᠳᠦᠷ ᠲᠦᠭ᠌ᠰᠢᠭᠦᠷᠢᠲᠡᠢ ᠣᠷᠣᠨ᠎ᠠᠴᠠ ᠲᠤᠤᠷ᠎ᠠ ᠲᠦᠭ᠌ᠰᠢᠭᠦᠷᠢᠲᠡᠢ ᠰᠠᠭᠤᠭᠠᠯᠢ ᠠᠷᠠᠳ᠎ᠤᠨ ᠲᠣᠭᠣᠷᠢᠭ ᠪᠠ ᠬᠢᠵᠢᠭ ᠥᠬᠡᠶ ᠰᠠᠭᠤᠭᠠᠯᠢ ᠠᠷᠠᠳ᠎ᠤᠨ ᠲᠣᠭᠣᠷᠢᠭ ᠬᠦᠷᠲᠡᠯ᠎ᠡ ᠳᠤᠷ᠎ᠠ᠎ᠪᠠᠷ᠎ᠢᠶᠠᠨ ᠥᠷᠭᠡᠳᠭᠡᠵᠦ᠍ ᠪᠣᠯᠬᠤ ᠥᠬᠡᠶ᠂ ᠡᠷᠬᠡᠪᠰᠢ ᠰᠠᠢᠲᠤᠷ ᠬᠠᠮᠢᠶᠠᠷᠴᠤ᠌᠂ ᠡᠮᠬᠢ ᠵᠢᠷᠤᠮ᠎ᠲᠠᠶ ᠲᠠᠯᠪᠢᠬᠤ ᠬᠡᠷᠡᠭ᠌ᠲᠡᠶ᠃ ᠦᠨᠳᠦᠷ ᠲᠦᠭ᠌ᠰᠢᠭᠦᠷᠢᠲᠡᠢ ᠣᠷᠣᠨ᠎ᠳᠤ ᠪᠢᠲᠡᠭᠦᠮᠵᠢᠯᠡᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠴᠢᠩᠭ᠎ᠠ ᠬᠡᠷᠡᠭ᠌ᠵᠢᠭᠦᠯᠵᠦ᠍᠂ 《ᠬᠡᠷ᠎ᠡᠴᠡ᠎ᠪᠡᠨ ᠭᠠᠷᠬᠤ ᠥᠬᠡᠶ᠂ ᠬᠡᠷ᠎ᠲᠦᠨᠢ ᠬᠦᠷᠴᠦ᠍ ᠦᠶ᠋ᠯᠡᠴᠢᠯᠡᠬᠦ᠌》 ᠶ᠋ᠢ ᠪᠡᠶᠡᠯᠡᠭᠦᠯᠬᠦ᠌ ᠬᠡᠷᠡᠭ᠌ᠲᠡᠶ᠃ ᠳᠤᠮᠳᠠ ᠲᠦᠭ᠌ᠰᠢᠭᠦᠷᠢᠲᠡᠢ ᠣᠷᠣᠨ᠎ᠳᠤ ᠬᠠᠮᠢᠶᠠᠷᠤᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠴᠢᠩᠭ᠎ᠠ ᠬᠡᠷᠡᠭ᠌ᠵᠢᠭᠦᠯᠵᠦ᠍᠂ 《ᠬᠥᠮᠦᠨ ᠨᠢ ᠰᠠᠭᠤᠭᠠᠯᠢ ᠠᠷᠠᠳ᠎ᠤᠨ ᠲᠤᠭᠤᠷᠢᠬᠠᠴᠠᠪᠡᠨ ᠭᠠᠷᠬᠤ ᠥᠬᠡᠶ᠂ ᠴᠠᠬ ᠰᠤᠯᠪᠢᠴᠠᠨ ᠶᠠᠭᠤᠮ᠎ᠠ ᠬᠡᠦᠮ᠎ᠡ ᠠᠪᠬᠤ》 ᠶ᠋ᠢ ᠪᠡᠶᠡᠯᠡᠭᠦᠯᠦᠨ᠎ᠡ; ᠰᠠᠭᠤᠭᠠᠯᠢ ᠠᠷᠠᠳ ᠦᠯᠦ ᠬᠦᠷᠦᠯᠴᠡᠬᠦ᠌ ᠬᠡᠯᠪᠡᠷᠢ᠎ᠪᠡᠷ ᠰᠠᠭᠤᠭᠠᠯᠢ ᠠᠷᠠᠳ᠎ᠤᠨ ᠲᠣᠭᠣᠷᠢᠭ᠎ᠤᠨ ᠳᠣᠲᠣᠷᠠᠬᠢ ᠬᠡᠲᠦ ᠳᠡᠯᠭᠡᠭᠦᠷ᠂ ᠲᠥᠬᠥᠮ ᠳᠡᠯᠭᠡᠭᠦᠷ᠎ᠡᠴᠡ ᠶᠠᠭᠤᠮ᠎ᠠ ᠬᠡᠤᠮ᠎ᠠ ᠬᠤᠳᠠᠯᠳᠤᠨ ᠠᠪᠴᠤ᠌ ᠪᠣᠯᠤᠨ᠎ᠠ᠃ ᠲᠤᠤᠷ᠎ᠠ ᠲᠦᠭ᠌ᠰᠢᠭᠦᠷᠢᠲᠡᠢ ᠣᠷᠣᠨ ᠪᠠ ᠬᠢᠵᠢᠭ ᠥᠬᠡᠶ ᠰᠠᠭᠤᠭᠠᠯᠢ ᠠᠷᠠᠳ᠎ᠤᠨ ᠲᠣᠭᠣᠷᠢᠭ᠎ᠲᠤ 《ᠬᠤᠪᠢ ᠬᠥᠮᠦᠨ᠎ᠦ ᠬᠠᠮᠠᠭᠠᠯᠠᠯᠲᠠ᠂ ᠴᠤᠭ᠍ᠯᠠᠷᠠᠬᠤ᠎ᠠᠴᠠ ᠵᠠᠢᠯᠠᠰᠭᠢᠬᠦ᠌》 ᠶ᠋ᠢ ᠬᠡᠷᠡᠭ᠌ᠵᠢᠭᠦᠯᠦᠨ᠎ᠡ; ᠰᠠᠭᠤᠭᠠᠯᠢ ᠠᠷᠠᠳ ᠨᠡᠪᠲᠡᠷᠡᠬᠦ᠌ ᠺᠠᠷᠲ᠎ᠢᠶᠠᠷ᠎ᠢᠶᠠᠨ ᠰᠠᠭᠤᠭᠠᠯᠢ ᠠᠷᠠᠳ᠎ᠤᠨ ᠲᠣᠭᠣᠷᠢᠭ᠎ᠢᠶᠠᠷ ᠣᠷᠣᠵᠤ ᠭᠠᠷᠴᠤ ᠪᠤᠯᠤᠨ᠎ᠠ᠂ ᠴᠢᠬᠤᠯᠠ ᠲᠠᠢ ᠪᠢᠰᠢ ᠪᠤᠯ ᠲᠣᠭᠣᠷᠢᠭ ᠠᠯᠤᠰᠯᠠᠨ ᠶᠠᠪᠤᠵᠤ ᠰᠠᠭᠤᠬᠤ ᠥᠬᠡᠶ ᠪᠠᠢᠬᠤ ᠬᠡᠷᠡᠭᠳᠡᠢ ; ᠵᠡᠭᠡᠯᠢ ᠳᠠᠭᠠᠤ᠎ᠶ᠋ᠢᠨ ᠬᠤᠳᠠᠯᠳᠤᠭᠠᠨ᠎ᠤ ᠫᠦᠰᠡ᠂ ᠬᠡᠳᠦ ᠳᠡᠯᠭᠡᠭᠦᠷ ᠡᠮᠬᠢ ᠵᠢᠷᠤᠮ᠎ᠲᠠᠶ᠎ᠪᠠᠷ ᠡᠵᠡᠩᠨᠡᠯᠲᠡ᠎ᠪᠡᠨ ᠰᠡᠷᠭᠦᠭᠡᠵᠦ᠍ ᠂ ᠰᠠᠭᠤᠭᠠᠯᠢ ᠠᠷᠠᠳ᠎ᠤᠨ ᠦᠨᠳᠦᠰᠦᠨ ᠠᠮᠢᠳᠤᠷᠠᠯ᠎ᠤᠨ ᠬᠡᠷᠡᠭ᠌ᠴᠡᠭᠡ᠎ᠶ᠋ᠢ ᠪᠠᠲᠤᠯᠠᠨ᠎ᠠ᠃ ᠰᠠᠭᠤᠭᠠᠯᠢ ᠠᠷᠠᠳ ᠂ ᠰᠠᠭᠤᠭᠠᠯᠢ ᠠᠷᠠᠳ᠎ᠤᠨ ᠲᠣᠭᠣᠷᠢᠭ ᠪᠠ ᠡᠯ᠎ᠡ ᠲᠥᠷᠥᠯ᠎ᠦᠨ ᠲᠠᠯᠠᠪᠤᠷ᠎ᠢᠶᠠᠷ ᠣᠷᠣᠵᠤ ᠭᠠᠷᠬᠤ᠎ᠳᠠᠭᠠᠨ ᠡᠷᠬᠡᠪᠰᠢ ᠺᠣᠳ᠋ ᠱᠢᠷᠪᠢᠬᠦ᠌᠂ ᠪᠠᠶ᠎ᠠ ᠵᠢᠨ ᠬᠠᠯᠠᠭᠤᠨ ᠵᠢᠡᠨ ᠬᠡᠮᠵᠢᠬᠦ᠌᠂ ᠠᠮᠠᠪᠴᠢ ᠵᠡᠭᠦᠬᠦ᠌᠂ ᠪᠥᠭᠡᠮ ᠬᠦᠴᠢᠯ᠎ᠦᠨ ᠪᠢᠯᠢᠭ ᠴᠢᠨᠠᠷ᠎ᠤᠨ ᠭᠡᠷᠡᠴᠢ᠎ᠶ᠋ᠢ ᠪᠠᠢᠴᠠᠭᠠᠨ ᠱᠢᠯᠭᠠᠬᠤ ᠵᠡᠷᠭᠡ ᠰᠡᠷᠭᠡᠢᠯᠡᠨ ᠡᠵᠡᠮᠳᠡᠬᠦ᠌ ᠱᠠᠭᠠᠷᠳᠠᠯᠭ᠎ᠠ᠎ᠶ᠋ᠢ ᠴᠢᠩᠭ᠎ᠠ ᠨᠠᠢᠳᠠᠪᠤᠷᠢᠵᠢᠭᠤᠯᠬᠤ ᠬᠡᠷᠡᠭ᠌ᠲᠡᠶ᠃
ᠭᠤᠷᠪᠠ᠂ ᠡᠯ᠎ᠡ ᠲᠥᠷᠥᠯ᠎ᠦᠨ ᠲᠦᠭ᠌ᠰᠢᠭᠦᠷᠢᠲᠡᠢ ᠣᠷᠣᠨ᠎ᠤ ᠬᠠᠮᠢᠶᠠᠷᠤᠨ ᠡᠵᠡᠮᠳᠡᠬᠦ᠌ ᠴᠠᠭ᠎ᠢ ᠳᠤᠷ᠎ᠠ᠎ᠪᠠᠷ᠎ᠢᠶᠠᠨ ᠤᠷᠲᠤᠳᠭᠠᠵᠤ ᠪᠣᠯᠬᠤ ᠥᠬᠡᠶ᠂ ᠡᠷᠬᠡᠪᠰᠢ ᠬᠥᠳᠡᠯᠦᠩᠭᠦᠶ᠎ᠪᠡᠷ ᠬᠠᠮᠢᠶᠠᠷᠴᠤ᠌᠂ ᠴᠠᠭ ᠲᠤᠬᠠᠶ᠎ᠳᠤᠨᠢ ᠲᠠᠰ ᠪᠠᠭᠤᠷᠠᠭᠤᠯᠬᠤ ᠬᠡᠷᠡᠭ᠌ᠲᠡᠶ᠃ ᠦᠨᠳᠦᠷ ᠲᠦᠭ᠌ᠰᠢᠭᠦᠷᠢᠲᠡᠢ ᠣᠷᠣᠨ᠎ᠳᠤ ᠵᠠᠯᠭᠠᠭ᠎ᠠ᠎ᠪᠠᠷ 7 ᠡᠳᠦᠷ ᠱᠢᠨ᠎ᠡ᠎ᠪᠡᠷ ᠨᠡᠮᠡᠭ᠌ᠳᠡᠭ᠌ᠰᠡᠨ ᠬᠠᠯᠳᠠᠪᠤᠷᠢᠯᠠᠬᠳᠠᠬᠴᠢ ᠥᠬᠡᠶ ᠮᠥᠷᠲᠡᠭᠡᠨ 7 ᠳ᠋ᠤᠭᠠᠷ ᠡᠳᠦᠷ᠎ᠲᠦ ᠪᠥᠬᠥ᠌ ᠠᠷᠠᠳ᠎ᠤᠨ ᠪᠥᠭᠡᠮ ᠬᠦᠴᠢᠯ᠎ᠦᠨ ᠪᠠᠢᠴᠠᠭᠠᠯᠲᠠ᠎ᠨᠢ ᠴᠥᠮ ᠪᠢᠯᠢᠭ ᠴᠢᠨᠠᠷ ᠢᠯᠡᠷᠡᠭᠰᠡᠨ ᠪᠠᠢᠪᠠᠯ᠂ ᠴᠠᠭ ᠲᠤᠬᠠᠶ᠎ᠳᠤᠨᠢ ᠳᠤᠮᠳᠠ ᠲᠦᠭ᠌ᠰᠢᠭᠦᠷᠢᠲᠡᠶ ᠣᠷᠣᠨ ᠪᠣᠯᠭᠠᠨ ᠪᠠᠭᠤᠷᠠᠭᠤᠯᠵᠤ᠂ ᠳᠠᠬᠢᠨ ᠵᠠᠯᠭᠠᠭ᠎ᠠ᠎ᠪᠠᠷ 3 ᠡᠳᠦᠷ ᠱᠢᠨ᠎ᠡ᠎ᠪᠡᠷ ᠨᠡᠮᠡᠭ᠌ᠳᠡᠭ᠌ᠰᠡᠨ ᠬᠠᠯᠳᠠᠪᠤᠷᠢᠯᠠᠬᠳᠠᠬᠴᠢ ᠥᠬᠡᠶ ᠪᠣᠯ ᠴᠠᠭ ᠲᠤᠬᠠᠶ᠎ᠳᠤᠨᠢ ᠲᠤᠤᠷ᠎ᠠ ᠲᠦᠭ᠌ᠰᠢᠭᠦᠷᠢᠲᠡᠢ ᠣᠷᠣᠨ ᠪᠣᠯᠭᠠᠨ ᠪᠠᠭᠤᠷᠠᠭᠤᠯᠤᠨ᠎ᠠ; ᠳᠤᠮᠳᠠ ᠲᠦᠭ᠌ᠰᠢᠭᠦᠷᠢᠲᠡᠢ ᠣᠷᠣᠨ᠎ᠳᠤ ᠵᠠᠯᠭᠠᠭ᠎ᠠ᠎ᠪᠠᠷ 7 ᠡᠳᠦᠷ ᠱᠢᠨ᠎ᠡ᠎ᠪᠡᠷ ᠨᠡᠮᠡᠭ᠌ᠳᠡᠭ᠌ᠰᠡᠨ ᠬᠠᠯᠳᠠᠪᠤᠷᠢᠯᠠᠬᠳᠠᠬᠴᠢ ᠥᠬᠡᠶ ᠪᠥᠭᠡᠳ 7 ᠳ᠋ᠤᠭᠠᠷ ᠡᠳᠦᠷ᠎ᠲᠦ ᠪᠥᠬᠥ᠌ ᠠᠷᠠᠳ᠎ᠤᠨ ᠪᠥᠭᠡᠮ ᠬᠦᠴᠢᠯ᠎ᠦᠨ ᠪᠠᠢᠴᠠᠭᠠᠯᠲᠠ᠎ᠨᠢ ᠴᠥᠮ ᠪᠢᠯᠢᠭ ᠴᠢᠨᠠᠷ ᠢᠯᠡᠷᠡᠭᠰᠡᠨ ᠪᠤᠯ ᠴᠠᠭ ᠲᠤᠬᠠᠶ᠎ᠳᠤᠨᠢ ᠳᠣᠸ᠋ᠷ᠎ᠠ ᠲᠦᠭ᠌ᠰᠢᠭᠦᠷᠢᠲᠡᠢ ᠣᠷᠣᠨ ᠪᠣᠯᠭᠠᠨ ᠪᠠᠭᠤᠷᠠᠭᠤᠯᠬᠤ ᠬᠡᠷᠡᠭᠲᠡᠢ᠃
ᠳᠥᠷᠪᠡ᠎ᠳᠦ᠂ ᠰᠠᠭᠤᠭᠠᠯᠢ ᠠᠷᠠᠳ᠎ᠤᠨ ᠡᠷᠦᠬᠡ᠎ᠶ᠋ᠢᠨ ᠡᠭᠦᠳᠡ᠂ ᠠᠰᠠᠷ᠎ᠤᠨ ᠤᠷᠤᠴᠠ ᠵᠢᠨ ᠡᠭᠦᠳᠡ᠂ ᠰᠠᠭᠤᠭᠠᠯᠢ ᠠᠷᠠᠳ᠎ᠤᠨ ᠲᠤᠭᠤᠷᠢᠬ᠎ᠤᠨ ᠡᠭᠦᠳᠡ᠎ᠶ᠋ᠢ ᠨᠢᠭᠡ ᠯᠡ ᠳᠡᠭᠡᠷ᠎ᠡ ᠬᠠᠭᠠᠵᠤ ᠪᠣᠯᠬᠤ ᠥᠬᠡᠶ᠂ ᠡᠷᠬᠡᠪᠰᠢ ᠪᠠᠴᠢᠮ ᠪᠠᠢᠳᠠᠯ᠎ᠢ ᠠᠷᠭᠠᠴᠠᠭᠠᠬᠤ ᠵᠠᠮ᠎ᠢ ᠰᠠᠭᠠᠳ ᠥᠬᠡᠶ ᠨᠡᠪᠲᠡᠷᠡᠭᠦᠯᠵᠦ᠍᠂ ᠦᠶ᠋ᠯᠡᠴᠢᠯᠡᠭᠡᠨ᠎ᠦ ᠪᠠᠲᠤᠯᠠᠭ᠎ᠠ᠎ᠶ᠋ᠢ ᠴᠢᠩᠭᠠᠳᠭᠠᠬᠤ ᠬᠡᠷᠡᠭ᠌ᠲᠡᠶ᠃ ᠣᠢᠷ᠎ᠠ᠎ᠶ᠋ᠢᠨ ᠬᠤᠭᠤᠴᠠᠭᠠᠨ᠎ᠳᠤ ᠪᠥᠬᠥ᠌ ᠬᠣᠲᠠ᠎ᠶ᠋ᠢᠨ ᠳᠤᠮᠳᠠ ᠦᠨᠳᠦᠷ ᠲᠦᠭ᠌ᠰᠢᠭᠦᠷᠢᠲᠡᠢ ᠰᠠᠭᠤᠭᠠᠯᠢ ᠠᠷᠠᠳ᠎ᠤᠨ ᠲᠣᠭᠣᠷᠢᠭ (ᠲᠣᠰᠭᠣᠨ) ᠤᠨ ᠬᠠᠮᠢᠶᠠᠷᠤᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠨᠠᠢᠳᠠᠪᠤᠷᠢᠵᠢᠭᠤᠯᠤᠭ᠍ᠰᠠᠨ ᠪᠠᠢᠳᠠᠯ᠎ᠳᠤ ᠨᠢᠭᠡ ᠡᠭᠡᠯᠵᠢ᠎ᠶ᠋ᠢᠨ ᠪᠥᠬᠥ᠌ ᠲᠠᠯ᠎ᠠ᠎ᠶ᠋ᠢᠨ ᠪᠠᠢᠳᠠᠯ᠎ᠢ ᠣᠢᠯᠠᠭᠠᠵᠤ ᠵᠢᠭ᠍ᠰᠠᠭᠠᠨ ᠪᠠᠢᠴᠠᠭᠠᠬᠤ ᠠᠵᠢᠯ᠎ᠢ ᠥᠷᠨᠢᠭᠦᠯᠦᠨ᠎ᠡ᠃ ᠨᠢᠭᠡᠴᠢ ᠵᠢᠨ ᠬᠠᠭᠠᠯᠭ᠎ᠠ ᠂ ᠲᠤᠰᠠᠭᠠᠷᠯᠠᠬᠤ ᠬᠠᠰᠢᠯᠭ᠎ᠠ᠎ᠶ᠋ᠢ ᠵᠥᠪᠬᠡᠨ ᠪᠢᠲᠡᠭᠦᠮᠵᠢᠯᠡᠬᠦ᠌ ᠬᠠᠭᠤᠳᠠᠰᠤ ᠨᠠᠭᠠᠬᠤ ᠠᠷᠭ᠎ᠠ ᠮᠠᠶᠢᠭ᠎ᠢᠶᠠᠷ ᠪᠢᠲᠡᠭᠦᠮᠵᠢᠯᠡᠵᠦ᠍᠂ ᠡᠭᠦᠳᠡᠨ ᠣᠨᠢᠰᠤ ᠂ ᠬᠣᠯᠪᠣᠭᠤᠷ ᠵᠡᠷᠭᠡ ᠣᠨᠢᠰᠤᠯᠠᠨ ᠪᠢᠳᠡᠬᠦᠮᠵᠢᠯᠡᠬᠦ ᠲᠦᠬᠦᠭᠡᠷᠦᠮᠵᠢ ᠳᠣᠭᠢᠷᠠᠭᠤᠯᠬᠤ᠎ᠶ᠋ᠢ ᠡᠷᠡᠰ ᠬᠣᠷᠢᠭ᠍ᠯᠠᠨ᠎ᠠ᠃ ᠡᠭᠦᠨ᠎ᠦ ᠬᠠᠮᠲᠤ 24 ᠴᠠᠭ᠎ᠢᠶᠠᠷ ᠲᠣᠭᠣᠷᠢᠨ ᠴᠠᠭ᠍ᠳᠠᠬᠤ ᠵᠢᠵᠢᠭᠦᠷᠯᠡᠨ ᠰᠠᠬᠢᠬᠤ᠎ᠶ᠋ᠢ ᠲᠣᠬᠢᠷᠠᠭᠤᠯᠬᠤ᠎ᠶ᠋ᠢᠨ ᠬᠠᠮᠲᠤ᠂ ᠡᠯᠧᠺᠲ᠋ᠷᠣᠨ ᠬᠢᠨᠠᠨ ᠡᠵᠡᠮᠳᠡᠬᠦ᠌ ᠲᠥᠬᠥᠭᠡᠷᠦᠮᠵᠢ᠎ᠶ᠋ᠢ ᠭᠦᠶ᠋ᠴᠡᠳ ᠬᠡᠷᠡᠭ᠌ᠯᠡᠨ ᠬᠠᠮᠢᠶᠠᠷᠤᠯᠲᠠ᠎ᠵᠢ ᠴᠢᠩᠭᠠᠳᠬᠠᠬᠤ ᠬᠡᠷᠡᠭᠳᠡᠢ᠃ ᠬᠡᠷᠪᠡ ᠡᠭᠦᠳᠡ᠎ᠪᠡᠨ ᠣᠨᠢᠰᠤᠯᠠᠭ᠍ᠰᠠᠨ ᠬᠡᠷᠡᠭ ᠳᠠᠬᠢᠨ ᠭᠠᠷᠪᠠᠯ᠂ ᠥᠷᠭᠡᠨ ᠣᠯᠠᠨ ᠬᠣᠲᠠ ᠶ᠋ᠢᠨ ᠠᠷᠠᠳ 12345 ᠳ᠋ᠦ ᠤᠲᠠᠰᠤᠳᠠᠵᠤ ᠢᠯᠡᠴᠢᠯᠡᠨ ᠮᠡᠳᠡᠭᠦᠯᠵᠦ᠍ ᠪᠣᠯᠤᠨ᠎ᠠ᠂ ᠡᠭᠦᠨ᠎ᠢ ᠪᠠᠢᠴᠠᠭᠠᠨ ᠳᠣᠲᠣᠯᠠᠮᠠᠭ᠍ᠴᠠ ᠬᠠᠮᠢᠶ᠎ᠠ ᠪᠦᠬᠦᠢ ᠬᠠᠷᠢᠭᠤᠴᠠᠯᠭᠠᠲᠠᠨ ᠢ ᠴᠢᠩᠭ᠎ᠠ ᠪᠠᠢᠴᠠᠭᠠᠨ ᠱᠢᠶ᠋ᠳᠪᠦᠷᠢᠯᠡᠨ᠎ᠡ᠃
ᠲᠠᠪᠤ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌᠎ᠪᠡᠷ ᠱᠢᠯᠲᠠᠭ ᠪᠣᠯᠭᠠᠵᠤ ᠪᠠᠴᠢᠮ ᠠᠶᠤᠯᠲᠠᠢ ᠬᠦᠨᠳᠦ ᠡᠪᠡᠳᠴᠢᠨ ᠪᠠ ᠵᠢᠮ᠎ᠡ ᠶᠣᠰᠣᠴᠢ ᠴᠢᠨᠠᠷᠲᠠᠢ ᠪᠡᠷ ᠣᠨᠣᠱᠢᠯᠠᠭᠤᠯᠤᠨ ᠡᠮᠨᠡᠬᠦᠯᠬᠦ ᠴᠢᠬᠤᠯᠠᠲᠠᠢ ᠡᠪᠡᠳᠴᠢᠲᠡᠨ᠎ᠳᠦ ᠡᠮᠴᠢᠯᠡᠭᠡᠨ᠎ᠦ ᠦᠢᠯᠡᠴᠢᠯᠡᠭᠡ ᠬᠠᠩᠭᠠᠬᠤ᠎ᠶ᠋ᠢ ᠲᠡᠪᠴᠢᠵᠦ᠍ ᠪᠣᠯᠬᠤ ᠦᠭᠡᠢ᠂ ᠡᠷᠬᠡᠪᠰᠢ ᠤᠯᠠᠨ ᠲᠦᠮᠡᠨ᠎ᠦ ᠠᠮᠢ ᠨᠠᠰᠤ ᠡᠷᠡᠭᠦᠯ ᠮᠡᠨᠳᠦ᠍᠎ᠶ᠋ᠢ ᠪᠦᠬᠦ᠌ ᠬᠦᠴᠦᠨ᠎ᠢᠶᠡᠷ᠎ᠢᠶᠡᠨ ᠰᠠᠬᠢᠨ ᠬᠠᠮᠠᠭᠠᠯᠠᠬᠤ ᠬᠡᠷᠡᠭ᠌ᠲᠡᠢ᠃ ᠡᠯ᠎ᠡ ᠵᠡᠭᠡᠯᠢ ᠭᠤᠳᠤᠮᠵᠢ ᠨᠡᠢᠭᠡᠮ ᠲᠣᠭᠣᠷᠢᠭ᠎ᠤᠨ ᠬᠢᠨ ᠬᠥᠮᠦᠰ᠎ᠤᠨ ᠪᠠᠢᠳᠠᠯ᠎ᠢ ᠤᠢᠯᠠᠭᠠᠬᠤ ᠠᠵᠢᠯ᠎ᠢ ᠨᠠᠷᠢᠨ ᠨᠢᠮᠪᠠᠶ ᠥᠷᠨᠢᠭᠦᠯᠵᠦ᠍᠂ ᠵᠢᠷᠮᠦᠰᠦᠨ ᠡᠮᠡᠭ᠌ᠲᠡᠶ ᠬᠥᠩᠭᠡᠵᠢᠭ᠌ᠰᠡᠨ ᠡᠮᠡᠭ᠌ᠲᠡᠶ᠂ ᠴᠢᠰᠤ ᠨᠡᠪᠴᠢᠬᠦᠯᠬᠦ ᠵᠠᠰᠠᠯ ᠠᠪᠤᠭᠰᠠ᠎ᠤᠨ᠂ ᠮᠡᠳᠡᠷᠡᠯ᠎ᠦᠨ ᠡᠪᠡᠳᠴᠢᠲᠡᠨ᠂ ᠬᠠᠪᠤᠳᠠᠷ᠎ᠤᠨ ᠰᠠᠴᠤᠷᠠᠭ ᠬᠢᠮᠢ᠎ᠶ᠋ᠢᠨ ᠵᠠᠰᠠᠯ᠂ ᠤᠳᠠᠭᠠᠨ ᠴᠢᠨᠠᠷᠲᠠᠶ ᠡᠪᠡᠳᠴᠢᠲᠡᠨ ᠵᠡᠷᠭᠡ ᠣᠨᠴᠠᠭᠠᠢ ᠬᠥᠮᠦᠰ᠎ᠦᠨ ᠬᠡᠷᠡᠭ᠌ᠴᠡᠭᠡ ᠱᠠᠭᠠᠷᠳᠠᠯᠭ᠎ᠠ᠎ᠶ᠋ᠢ ᠰᠠᠨᠠᠭᠠᠴᠢᠯᠠᠭ᠎ᠠ ᠠᠴᠠ᠎ᠪᠠᠨ ᠣᠢᠯᠠᠭᠠᠵᠤ᠂ ᠨᠡᠢᠭᠡᠮ ᠲᠣᠭᠣᠷᠢᠭ ᠬᠢᠭᠡᠳ ᠡᠮᠴᠢᠯᠡᠭᠡᠨ᠎ᠦ ᠪᠠᠢᠭᠤᠯᠤᠮᠵᠢ᠎ᠶ᠋ᠢ ᠵᠣᠯᠭᠠᠭᠤᠯᠬᠤ ᠲᠣᠭ᠍ᠲᠠᠴᠠ᠎ᠶ᠋ᠢ ᠪᠠᠢᠭᠤᠯᠤᠨ᠂ ᠳᠡᠭᠡᠷ᠎ᠡ ᠳᠤᠷᠠᠳᠤᠭ᠍ᠰᠠᠨ ᠣᠨᠴᠠᠭᠠᠢ ᠬᠥᠮᠦᠰ᠎ᠦᠨ ᠡᠪᠡᠳᠴᠢᠨ ᠦᠵᠡᠭᠦᠯᠬᠦ᠌᠎ᠳᠦ ᠰᠠᠭᠠᠳ ᠥᠬᠡᠶ ᠨᠡᠪᠲᠡᠷᠡᠬᠦ᠌ ᠵᠠᠮ᠎ᠢ ᠨᠡᠪᠲᠡᠷᠡᠭᠦᠯᠵᠦ᠍᠂ ᠣᠯᠠᠨ ᠲᠦᠮᠡᠨ᠎ᠦ ᠡᠪᠡᠳᠴᠢᠨ ᠦᠵᠡᠭᠦᠯᠬᠦ᠌ ᠬᠡᠷᠡᠭ᠌ᠴᠡᠭᠡ ᠱᠠᠭᠠᠷᠳᠠᠯᠭ᠎ᠠ᠎ᠶ᠋ᠢ ᠴᠠᠭ ᠲᠤᠬᠠᠶ᠎ᠳᠤᠨᠢ ᠪᠠᠲᠤᠯᠠᠬᠤ ᠬᠡᠷᠡᠭ᠌ᠲᠡᠶ᠃
ᠵᠢᠷᠭᠤᠭ᠎ᠠ᠂ ᠤᠯᠠᠨ ᠲᠦᠮᠡᠨ᠎ᠦ ᠵᠦᠢ ᠶᠣᠰᠣᠨ᠎ᠤ ᠭᠣᠮᠣᠳᠠᠯ ᠱᠠᠭᠠᠷᠳᠠᠯᠭ᠎ᠠ᠎ᠶ᠋ᠢ ᠥᠴᠦᠬᠡᠨ ᠴᠦ᠍ ᠬᠠᠢᠬᠤᠷᠬᠤ ᠦᠭᠡᠢ᠂ ᠣᠢᠱᠢᠶᠠᠬᠤ ᠦᠭᠡᠢ ᠪᠠᠢᠵᠤ ᠪᠣᠯᠬᠤ ᠦᠭᠡᠢ᠂ ᠡᠷᠬᠡᠪᠰᠢ ᠴᠠᠭ ᠲᠤᠬᠠᠶ᠎ᠳᠤᠨᠢ ᠴᠤᠤᠷᠢᠶᠠᠲᠤᠨ ᠲᠠᠭᠠᠵᠤ᠂ ᠰᠠᠨᠠᠭᠠᠴᠢᠯᠠᠭ᠎ᠠ᠎ᠠᠴᠠ᠎ᠪᠠᠨ ᠦᠢᠯᠡᠴᠢᠯᠡᠬᠦ᠌ ᠬᠡᠷᠡᠭ᠌ᠲᠡᠶ᠃ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠᠢᠳᠠᠯ᠎ᠲᠠᠶ ᠤᠶᠠᠯᠳᠤᠭᠤᠯᠤᠨ᠂ ᠣᠳᠣᠬᠠᠨ᠎ᠳᠤ ᠬᠠᠩᠭᠠᠵᠤ ᠳᠡᠢᠯᠬᠦ᠌ ᠭᠣᠮᠣᠳᠠᠯ ᠱᠠᠭᠠᠷᠳᠠᠯᠭ᠎ᠠ᠎ᠶ᠋ᠢᠨ ᠲᠤᠬᠠᠢ ᠤᠯᠤᠯᠴᠠᠭ᠎ᠠ ᠵᠣᠬᠢᠴᠠᠭᠤᠯᠭ᠎ᠠ᠎ᠪᠠᠨ ᠴᠢᠩᠭᠠᠳᠭᠠᠵᠤ᠂ ᠠᠷᠭ᠎ᠠ ᠪᠦᠬᠦᠨ᠎ᠢ ᠰᠦᠪᠡᠭ᠌ᠴᠢᠯᠡᠵᠦ᠍ ᠪᠠᠢᠭᠠᠳ ᠤᠯᠠᠨ ᠲᠦᠮᠡᠨ᠎ᠢ ᠬᠠᠪᠰᠤᠷᠤᠨ ᠪᠣᠳᠠᠲᠠᠢ ᠭᠠᠵᠠᠷ᠎ᠲᠤᠨᠢ ᠱᠢᠢᠳᠪᠦᠷᠢᠯᠡᠵᠦ᠍ ᠥᠭ᠌ᠬᠦ ᠬᠡᠷᠡᠭ᠌ᠲᠡᠢ; ᠠᠪᠤᠨ ᠳᠣᠣᠷ᠎ᠠ᠎ᠪᠠᠨ ᠬᠠᠩᠭᠠᠬᠤ᠎ᠳᠤ ᠬᠦᠴᠢᠷᠲᠡᠶ᠎ᠶ᠋ᠢ ᠨᠢ ᠲᠠᠢᠯᠪᠤᠷᠢᠯᠠᠨ ᠲᠣᠳᠣᠷᠬᠠᠢᠯᠠᠬᠤ ᠠᠵᠢᠯ᠎ᠢ ᠴᠠᠭ ᠲᠤᠬᠠᠶ᠎ᠳᠤᠨᠢ ᠰᠠᠢᠲᠤᠷ ᠬᠢᠵᠦ᠍᠂ ᠤᠯᠠᠨ ᠲᠦᠮᠡᠨ᠎ᠳᠦ ᠣᠢᠯᠠᠭᠠᠭᠤᠯᠬᠤ᠎ᠪᠠᠷ ᠴᠢᠷᠮᠠᠢᠬᠤ ᠬᠡᠷᠡᠭ᠌ᠲᠡᠶ᠃
ᠳᠣᠯᠣᠭ᠎ᠠ᠂ ᠴᠢᠩᠬᠡᠯᠢᠭ ᠡᠮᠨᠡᠯᠭᠡ ᠵᠢᠨ ᠬᠤᠷᠢᠶ᠎ᠠ᠎ᠡᠴᠡ ᠭᠠᠷᠴᠤ ᠲᠤᠰᠠᠭᠠᠷᠯᠠᠬᠤ ᠴᠢᠬᠤᠯᠠ ᠦᠭᠡᠢ ᠪᠤᠯᠤᠭᠰᠠᠨ ᠬᠦᠮᠦᠰ ᠂ ᠨᠤᠲᠤᠭ᠎ᠲᠠᠭᠠᠨ ᠪᠤᠴᠠᠭ᠍ᠰᠠᠳ ᠤᠨ ᠰᠠᠭᠤᠭᠠᠯᠢ ᠠᠷᠠᠳ᠎ᠤᠨ ᠲᠣᠭᠣᠷᠢᠭ ᠲᠠᠭᠠᠨ ᠣᠷᠣᠬᠤ᠎ᠶ᠋ᠢ ᠬᠠᠷᠱᠢᠯᠠᠵᠤ ᠪᠣᠯᠬᠤ ᠥᠬᠡᠶ᠂ ᠡᠷᠬᠡᠪᠰᠢ ᠦᠨᠳᠦᠰᠦᠨ ᠱᠠᠲᠤᠨ᠎ᠤ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠨᠠᠷᠢᠯᠢᠭ ᠣᠨᠣᠴᠠᠲᠠᠶ᠎ᠪᠠᠷ ᠨᠠᠢᠳᠠᠪᠤᠷᠢᠵᠢᠭᠤᠯᠬᠤ᠎ᠶ᠋ᠢ ᠦᠨᠡᠨ ᠬᠦ᠌ ᠪᠠᠲᠤᠯᠠᠵᠤ᠂ ᠠᠵᠢᠯ᠎ᠤᠨ ᠵᠣᠯᠭᠠᠯᠴᠠᠭ᠎ᠠ᠎ᠶ᠋ᠢ ᠴᠢᠩᠭᠠᠳᠭᠠᠨ᠂ ᠴᠢᠩᠬᠡᠯᠢᠭ ᠡᠮᠨᠡᠯᠭᠡ ᠵᠢᠨ ᠬᠤᠷᠢᠶ᠎ᠠ᠎ᠡᠴᠡ ᠭᠠᠷᠤᠭᠰᠠᠨ ᠲᠤᠰᠠᠭᠠᠷᠯᠠᠬᠤ ᠴᠢᠬᠤᠯᠠ ᠦᠭᠡᠢ ᠪᠤᠯᠤᠭᠰᠠᠨ ᠬᠦᠮᠦᠰ᠂ ᠨᠤᠲᠤᠭ᠎ᠲᠠᠭᠠᠨ ᠪᠤᠴᠠᠭ᠍ᠰᠠᠳ ᠤᠨ ᠤᠷᠤᠭ᠍ᠰᠢᠲᠠᠶ᠎ᠪᠠᠷ ᠬᠡᠷ᠎ᠲᠡᠬᠡᠨ ᠬᠠᠷᠢᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠶ᠃
ᠡᠬᠦᠨ᠎ᠤ ᠲᠠᠷᠠᠭ᠎ᠠ᠂ ᠣᠯᠠᠨ ᠲᠦᠮᠡᠨ᠎ᠦ ᠶᠠᠪᠤᠵᠤ ᠰᠠᠭᠤᠬᠤ ᠱᠠᠭᠠᠷᠳᠠᠯᠭ᠎ᠠ ᠶ᠋ᠢ ᠦᠨᠳᠦᠰᠦᠯᠡᠨ᠂ ᠨᠡᠢᠲᠡ ᠶ᠋ᠢᠨ ᠵᠠᠮ ᠬᠠᠷᠢᠯᠴᠠᠭ᠎ᠠ᠂ ᠭᠠᠵᠠᠷ ᠳᠣᠸ᠋ᠷᠠᠬᠢ ᠲᠡᠮᠦᠷ ᠵᠠᠮ᠎ᠤᠨ ᠡᠵᠡᠩᠨᠡᠯᠲᠡ ᠶ᠋ᠢ ᠠᠯᠬᠤᠮ ᠠᠯᠬᠤᠮ᠎ᠢᠶᠠᠷ ᠰᠡᠷᠭᠦᠭᠡᠨ᠎ᠡ᠃ ᠬᠠᠮᠢᠶ᠎ᠠ ᠪᠥᠬᠥᠶ ᠪᠠᠢᠳᠠᠯ ᠢ ᠬᠤᠯᠪᠤᠭᠳᠠᠯ ᠪᠥᠬᠥᠶ ᠰᠠᠯᠠᠭ᠎ᠠ ᠮᠥᠴᠢᠷ᠎ᠦᠨ ᠠᠯᠪᠠᠨ ᠵᠠᠷᠯᠠᠯ ᠡᠴᠡ ᠠᠩᠬᠠᠷᠤᠭᠠᠷᠠᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠴᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃