ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠮᠡᠳᠡᠭᠡᠯᠡᠯ

2022-11-10 15:09:40

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠨᠠᠮ᠎ᠤᠨ ᠬᠤᠷᠢᠳᠤᠭᠠᠷ ᠶᠡᠭᠡ ᠬᠤᠷᠠᠯ᠎ᠤᠨ ᠢᠯᠡᠳᠭᠡᠯ᠎ᠳᠤ᠂ ᠪᠦᠬᠦ᠌ ᠨᠠᠮ᠎ᠢᠶᠠᠷ᠎ᠢᠶᠠᠨ ᠵᠠᠯᠠᠭᠤᠴᠤᠳ᠎ᠤᠨ ᠠᠵᠢᠯ᠎ᠢ ᠪᠠᠢᠯᠳᠤᠬᠤ ᠪᠤᠳᠤᠯᠭ᠎ᠠ᠎ᠶ᠋ᠢᠨ ᠴᠢᠨᠠᠷᠲᠠᠢ ᠠᠵᠢᠯ ᠪᠣᠯᠭᠠᠨ ᠠᠳᠭᠤᠵᠤ᠂ ᠨᠠᠮ᠎ᠤᠨ ᠱᠢᠨᠵᠢᠯᠡᠬᠦ᠌ ᠤᠬᠠᠭᠠᠨᠴᠢ ᠤᠨᠤᠯ᠎ᠢᠶᠠᠷ ᠵᠠᠯᠠᠭᠤᠴᠤᠳ᠎ᠢ ᠵᠡᠪᠰᠡᠭ᠌ᠯᠡᠵᠦ᠍᠂ ᠨᠠᠮ᠎ᠤᠨ ᠤᠬ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠷ ᠵᠠᠯᠠᠭᠤᠴᠤᠳ᠎ᠢ ᠤᠷᠢᠶᠠᠯᠠᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃ ᠣᠳᠣᠬᠠᠨ᠎ᠤ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠬᠢᠵᠢᠭ᠎ᠤᠨ ᠪᠠᠢᠳᠠᠯ᠎ᠤᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠤᠨ ᠲᠢᠩᠬᠢᠮ《ᠦᠵᠡᠯ ᠰᠠᠨᠠᠭ᠎ᠠ ᠤᠯᠤᠰ ᠲᠥᠷᠥ᠎ᠶ᠋ᠢᠨ ᠬᠢᠴᠢᠶᠡᠯ᠎ᠢ᠎ᠲᠠᠭᠠᠨ ᠦᠢᠯᠡᠳᠦᠯᠭᠡᠵᠢᠭᠦᠯᠬᠦ᠌》 ᠠᠵᠢᠯᠯᠠᠭ᠎ᠠ᠎ᠶ᠋ᠢ ᠵᠣᠬᠢᠶᠠᠨ ᠪᠠᠢᠭᠤᠯᠤᠨ ᠥᠷᠨᠢᠭᠦᠯᠵᠦ᠍᠂ ᠡᠯ᠎ᠡ ᠶᠡᠭᠡ ᠳᠡᠭᠡᠳᠦ ᠰᠤᠷᠭᠠᠭᠤᠯᠢ᠎ᠶ᠋ᠢᠨ᠎ᠬᠢᠨ《ᠶᠡᠭᠡ ᠦᠵᠡᠯ ᠰᠠᠨᠠᠭ᠎ᠠ ᠤᠯᠤᠰ ᠲᠥᠷᠥ᠎ᠶ᠋ᠢᠨ ᠬᠢᠴᠢᠶᠡᠯ》᠎ᠤᠨ ᠬᠥᠮᠦᠨ ᠬᠥᠮᠦᠵᠢᠭᠦᠯᠬᠦ᠌ ᠡᠬᠢ ᠪᠠᠶᠠᠯᠢᠭ᠎ᠢ ᠭᠦᠢᠴᠡᠳ ᠠᠱᠢᠭ᠍ᠯᠠᠨ᠂ ᠰᠤᠷᠤᠭ᠍ᠴᠢᠳ᠎ᠢ ᠬᠥᠲᠥᠯᠥᠨ ᠵᠢᠯᠣᠭᠤᠳᠴᠤ᠌ ᠪᠠᠢᠭᠠᠳ《ᠶᠠᠯᠦ᠍ ᠮᠥᠷᠡᠨ᠎ᠢ ᠭᠠᠲᠤᠯᠤᠭ᠍ᠰᠠᠨ᠎ᠨᠢ》 ᠂ 《ᠰᠡᠬᠡᠭᠡᠷᠡᠭ᠌ᠰᠡᠨ ᠣᠨ ᠵᠢᠯ》᠂ 《ᠭᠠᠪᠢᠶ᠎ᠠ ᠵᠢᠳᠬᠦᠯ》 ᠵᠡᠷᠭᠡ ᠺᠢᠨᠣ᠋ ᠲᠧᠯᠸᠢᠰ᠎ᠤᠨ ᠪᠦᠲᠦᠭᠡᠯ᠎ᠠᠴᠠ ᠬᠤᠪᠢᠰᠭᠠᠯ᠎ᠤᠨ ᠠᠬᠠᠮᠠᠳ ᠦᠶ᠎ᠡ᠎ᠶ᠋ᠢᠨ᠎ᠬᠢᠨ ᠪᠣᠯᠤᠨ ᠴᠠᠭ ᠦᠶ᠎ᠡ᠎ᠶ᠋ᠢᠨ ᠪᠠᠭᠠᠲᠤᠷᠴᠤᠳ᠎ᠤᠨ ᠬᠦᠴᠢᠷ ᠪᠡᠷᠬᠡᠱᠢᠶᠡᠯ᠎ᠠᠴᠠ ᠠᠶᠤᠬᠤ ᠥᠬᠡᠶ᠂ ᠱᠢᠨᠲᠠᠷᠠᠰᠢ ᠥᠬᠡᠶ ᠲᠡᠮᠡᠴᠡᠬᠦ᠌ ᠣᠶᠤᠨ ᠰᠠᠨᠠᠭᠠᠨ᠎ᠤ ᠬᠦᠴᠦᠨ ᠴᠢᠳᠠᠯ᠎ᠢ᠎ᠨᠢ ᠱᠢᠩᠭᠡᠭᠡᠨ ᠠᠪᠴᠤ᠌᠂ ᠨᠢᠳᠦᠨ ᠡᠮᠦᠨᠡᠬᠢ ᠬᠦᠴᠢᠷ ᠪᠡᠷᠬᠡᠱᠢᠶᠡᠯ᠎ᠢ ᠢᠯᠡᠨ ᠳᠠᠪᠠᠵᠤ᠂ ᠬᠢᠵᠢᠭ᠎ᠢ ᠵᠣᠷᠢᠭ᠍ᠲᠠᠶ᠎ᠪᠠᠷ ᠢᠯᠡᠨ ᠳᠠᠪᠠᠭ᠍ᠤ ᠢᠲᠡᠭᠡᠯ ᠵᠣᠷᠢᠭ᠎ᠢ᠎ᠨᠢ ᠴᠢᠩᠭᠠᠷᠠᠭᠤᠯᠤᠨ᠂ ᠬᠢᠵᠢᠭ᠎ᠤᠨ ᠪᠠᠢᠳᠠᠯ᠎ᠤᠨ ᠬᠢᠮᠤᠷᠠᠯ᠎ᠢ ᠦᠵᠡᠯ ᠰᠠᠨᠠᠭ᠎ᠠ ᠤᠯᠤᠰ ᠳᠦᠷᠦ ᠪᠡᠷ ᠭᠦᠮᠦᠨ ᠭᠦᠮᠦᠵᠢᠭᠦᠯᠭᠦ ᠳᠤᠭᠢᠶᠠᠯ ᠪᠤᠯᠭᠠᠵᠤ ᠪᠤᠢ᠃

ᠺᠢᠨᠣ᠋ ᠲᠧᠯᠸᠢᠰ᠎ᠤᠨ ᠪᠦᠲᠦᠭᠡᠯ ᠡᠴᠡ ᠤᠷᠤᠭ᠍ᠰᠢᠯᠠᠨ

ᠳᠠᠪᠱᠢᠬᠤ ᠬᠦᠴᠦᠨ ᠴᠢᠳᠠᠯ ᠣᠯᠳᠠᠭ

ᠥᠪᠥᠷ ᠮᠣᠩᠭᠤᠯ᠎ᠤᠨ ᠪᠠᠭ᠍ᠰᠢ᠎ᠶ᠋ᠢᠨ ᠶᠡᠭᠡ ᠰᠤᠷᠭᠠᠭᠤᠯᠢ ᠪᠦᠬᠦ᠌ ᠰᠤᠷᠭᠠᠭᠤᠯᠢ᠎ᠶ᠋ᠢᠨ ᠪᠠᠭ᠍ᠰᠢ ᠰᠤᠷᠤᠭ᠍ᠴᠢᠳ᠎ᠢ ᠵᠣᠬᠢᠶᠠᠨ ᠪᠠᠢᠭᠤᠯᠵᠤ《ᠴᠠᠩ᠎ᠶ᠋ᠢᠨ ᠬᠤ᠌ ᠨᠠᠭᠤᠷ》 ᠭᠡᠬᠦ᠌ ᠺᠢᠨᠣ᠋᠎ᠶ᠋ᠢ ᠦᠵᠡᠭᠦᠯᠵᠦ᠍᠂《ᠴᠠᠩ᠎ᠶ᠋ᠢᠨ ᠬᠤ᠌ ᠨᠠᠭᠤᠷ》 ᠎ᠤᠨ ᠳᠠᠮᠵᠢᠭᠤᠯᠤᠭ᠍ᠰᠠᠨ ᠬᠦᠰᠡᠯᠡᠩ ᠢᠲᠡᠭᠡᠯ ᠪᠢᠱᠢᠷᠡᠯ᠂ ᠤᠯᠤᠰ᠎ᠢᠶᠠᠨ ᠬᠠᠢᠷᠠᠯᠠᠬᠤ ᠵᠣᠷᠢᠭ ᠰᠠᠨᠠᠭ᠎ᠠ᠂ ᠪᠠᠭᠠᠲᠤᠷᠯᠢᠭ ᠵᠣᠷᠢᠭ ᠰᠠᠨᠠᠭ᠎ᠠ ᠵᠢᠴᠢ ᠠᠮᠢ ᠪᠡᠶ᠎ᠡ᠎ᠪᠠᠨ ᠦᠷᠡᠭ᠌ᠳᠡᠭᠦᠯᠬᠦ᠌ ᠵᠣᠷᠢᠭ ᠰᠠᠨᠠᠭ᠎ᠠ᠎ᠪᠠᠷ ᠥᠷᠭᠡᠨ ᠤᠯᠠᠨ ᠵᠠᠯᠠᠭᠤ ᠰᠤᠷᠤᠭ᠍ᠴᠢᠳ᠎ᠢ ᠵᠣᠷᠢᠭ᠍ᠵᠢᠭᠤᠯᠵᠤ᠂ ᠬᠢᠵᠢᠭ᠎ᠤᠨ ᠪᠠᠢᠳᠠᠯ᠎ᠢ ᠢᠯᠠᠨ ᠳᠠᠪᠠᠭ᠍ᠤ ᠢᠲᠡᠭᠡᠯ ᠵᠣᠷᠢᠭ᠎ᠢ᠎ᠨᠢ ᠬᠥᠪᠴᠢᠯᠡᠪᠡ᠃

ᠥᠪᠥᠷ ᠮᠣᠩᠭᠤᠯ᠎ᠤᠨ ᠮᠠᠱᠢᠨ ᠴᠠᠬᠢᠯᠭᠠᠨ᠎ᠤ ᠠᠵᠢᠯ ᠮᠡᠷᠭᠡᠵᠢᠯ᠎ᠤᠨ ᠳᠡᠭᠡᠳᠦ ᠰᠤᠷᠭᠠᠭᠤᠯᠢ᠎ᠶ᠋ᠢᠨ ᠮᠠᠷᠺᠰ᠎ᠤᠨ ᠦᠵᠡᠯ᠎ᠤᠨ ᠵᠢᠭᠠᠨ ᠰᠤᠳᠤᠯᠬᠤ ᠬᠡᠯᠲᠡᠰ ᠦᠢᠯᠡᠳᠦᠯᠭᠡ᠎ᠶ᠋ᠢᠨ ᠵᠢᠭᠠᠨ ᠰᠤᠷᠭᠠᠯᠲᠠ ᠳᠤᠮᠳᠠ᠎ᠪᠠᠨ ᠰᠤᠷᠤᠭ᠍ᠴᠢᠳ᠎ᠢ ᠲᠤᠬᠢᠷᠠᠭᠤᠯᠤᠨ᠂ ᠦᠷᠭᠦᠯᠵᠢᠯᠡᠭ᠌ᠰᠡᠨ ᠵᠦᠴᠦᠭᠡ 《ᠶᠠᠯᠦ᠍ ᠮᠥᠷᠡᠨ᠎ᠢ ᠭᠡᠲᠦᠯᠦᠭ᠌ᠰᠡᠨ᠎ᠨᠢ》 ᠭᠡᠭᠦ ᠺᠢᠨᠤ᠋ ᠶ᠋ᠢ ᠰᠣᠨᠢᠷᠬᠠᠭᠤᠯᠵᠤ᠂ ᠺᠢᠨᠣ᠋ ᠪᠡᠷ ᠳᠠᠮᠵᠢᠨ ᠬᠤᠪᠢᠰᠭᠠᠯ᠎ᠤᠨ ᠦᠷᠡᠭ᠌ᠳᠡᠭ᠌ᠰᠡᠨ ᠪᠠᠭᠠᠲᠤᠷᠴᠤᠳ᠎ᠢᠶᠠᠨ ᠳᠤᠷᠠᠰᠤᠨ ᠰᠠᠨᠠᠭᠠᠯᠵᠠᠭᠤᠯᠵᠠᠢ᠃

ᠬᠥᠯᠥᠨ ᠪᠤᠢᠷ᠎ᠤᠨ ᠠᠵᠢᠯ ᠮᠡᠷᠭᠡᠵᠢᠯ᠎ᠤᠨ ᠳᠡᠭᠡᠳᠦ ᠰᠤᠷᠭᠠᠭᠤᠯᠢ《ᠭᠠᠪᠢᠶ᠎ᠠ ᠵᠢᠳᠬᠦᠯ》 ᠭᠡᠬᠦ᠌ ᠪᠣᠳᠠᠲᠤ ᠰᠡᠳᠦᠪᠲᠦ ᠵᠦᠴᠦᠭᠡ ᠪᠣᠯᠬᠤ《ᠬᠤᠸᠠᠩ ᠱᠢᠤᠢ ᠬᠤᠸᠠ᠎ᠶ᠋ᠢᠨ ᠭᠦᠨ ᠰᠦᠪᠡᠭᠴᠢᠯᠡᠯᠳᠠ》 ᠶ᠋ᠢ ᠦᠵᠡᠯ ᠰᠠᠨᠠᠭ᠎ᠠ ᠶᠣᠰᠣ ᠰᠤᠷᠲᠠᠬᠤᠨ ᠪᠣᠯᠤᠨ ᠬᠠᠤᠯᠢᠵᠢᠯ᠎ᠤᠨ ᠬᠢᠴᠢᠶᠡᠯ᠎ᠳᠤ ᠣᠷᠭᠠᠨᠢᠭ᠎ᠢᠶᠠᠷ ᠠᠭᠤᠰᠤᠯᠴᠠᠭᠤᠯᠵᠤ᠂ ᠰᠤᠷᠤᠭ᠍ᠴᠢᠳ᠎ᠤᠨ ᠮᠡᠳᠡᠯᠭᠡ᠎ᠶ᠋ᠢᠨ ᠴᠡᠭ᠎ᠢ ᠡᠵᠡᠮᠱᠢᠬᠦ᠌᠎ᠶ᠋ᠢ ᠴᠢᠩᠭᠠᠳᠭᠠᠵᠤ᠂ ᠰᠤᠷᠤᠭ᠍ᠴᠢᠳ᠎ᠢ《ᠠᠷᠠᠳ ᠲᠦᠮᠡᠨ᠎ᠳᠤ ᠦᠢᠯᠡᠴᠢᠯᠡᠬᠦ᠂ ᠨᠡᠢᠭᠡᠮ᠎ᠳᠤ ᠬᠤᠪᠢ ᠨᠡᠮᠡᠷᠢ ᠦᠵᠡᠭᠦᠯᠬᠦ᠌》 ᠡᠷᠬᠢᠮ ᠳᠡᠭᠡᠳᠦ ᠠᠮᠢᠳᠤᠷᠠᠬᠤᠢ᠎ᠶ᠋ᠢᠨ ᠬᠥᠭᠡᠭᠡᠴᠡᠯᠳᠦᠯ᠎ᠲᠠᠢ ᠪᠣᠯᠭᠠᠬᠤ ᠪᠠᠷ ᠵᠤᠷᠢᠵᠤ ᠪᠤᠢ᠃

ᠦᠶ᠋ᠯᠡᠳᠦᠯᠭᠡ᠎ᠶ᠋ᠢᠨ ᠱᠢᠨ᠎ᠡ᠎ᠶ᠋ᠢ ᠡᠭᠦᠳᠭᠦ ᠠᠷᠭ᠎ᠠ ᠮᠠᠶ᠍ᠢᠭ ᠵᠢᠠᠷ

ᠭᠦᠳᠦᠯᠦᠯᠴᠡᠭᠦ ᠬᠢᠴᠢᠶᠡᠯ ᠎ᠦᠨ ᠲᠠᠩᠬᠢᠮ ᠎ᠢ ᠪᠣᠶ ᠪᠣᠯᠭᠠᠨ᠎ᠠ

ᠥᠪᠥᠷ ᠮᠣᠩᠭᠣᠯ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠶᠡᠬᠡ ᠰᠤᠷᠭᠠᠭᠤᠯᠢ ᠬᠢᠵᠢᠭ᠎ᠲᠡᠶ ᠲᠡᠮᠡᠴᠡᠬᠦ᠌ ᠳᠤᠮᠳᠠᠬᠢ《ᠦᠵᠡᠯ ᠰᠠᠨᠠᠭ᠎ᠠ ᠤᠯᠤᠰ ᠲᠥᠷᠥ᠎ᠶ᠋ᠢᠨ ᠡᠯᠧᠮᠧᠨ᠋ᠲ》᠎ᠢ ᠭᠦᠨᠵᠡᠭᠡᠶ ᠠᠭᠤᠳᠠᠯᠵᠤ᠂ ᠵᠢᠭᠠᠨ ᠰᠤᠷᠭᠠᠯᠲᠠ᠎ᠶ᠋ᠢᠨ ᠠᠭᠤᠯᠭ᠎ᠠ᠎ᠪᠠᠨ ᠰᠤᠷᠭᠠᠭᠤᠯᠢ᠎ᠶ᠋ᠢᠨ ᠬᠢᠵᠢᠭ᠎ᠲᠡᠶ ᠲᠡᠮᠡᠴᠡᠭ᠌ᠰᠡᠨ ᠦᠶ᠋ᠯᠡ ᠠᠵᠢᠯᠯᠠᠭ᠎ᠠ᠎ᠲᠠᠶ ᠨᠢᠭ᠍ᠲᠠ ᠤᠶᠠᠯᠳᠤᠭᠤᠯᠤᠨ᠂《ᠦᠵᠡᠯ ᠰᠠᠨᠠᠭ᠎ᠠ ᠤᠯᠤᠰ ᠲᠥᠷᠥ᠎ᠶ᠋ᠢᠨ ᠬᠢᠴᠢᠶᠡᠯ᠎ᠢ ᠬᠠᠮᠳᠦ᠎ᠪᠡᠷ ᠣᠷᠣᠬᠤ — ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠵᠠᠯᠠᠭᠤᠴᠤᠳ》᠎ᠤᠨ ᠠᠵᠢᠯᠯᠠᠭ᠎ᠠ᠎ᠶ᠋ᠢ ᠥᠷᠨᠢᠭᠦᠯᠦᠭ᠌ᠰᠡᠨ ᠪᠥᠭᠡᠳ ᠣᠯᠠᠨ ᠲᠠᠪᠴᠠᠩ᠎ᠳᠤ ᠵᠡᠷᠭᠡ᠎ᠪᠡᠷ ᠱᠢᠭᠤᠳ ᠨᠡᠪᠲᠡᠷᠡᠭᠦᠯᠭᠡ ᠬᠢᠵᠦ᠍᠂ ᠶᠡᠷᠦᠩᠬᠡᠶ ᠦᠵᠡᠭᠰᠡᠨ ᠳᠤᠭ᠎ᠠ ᠨᠢ 13300 ᠎ᠵᠢ ᠳᠠᠪᠠᠪᠠ᠃

ᠤᠯᠠᠭᠠᠨᠬᠠᠳᠠ ᠳᠡᠭᠡᠳᠦ ᠰᠤᠷᠭᠠᠭᠤᠯᠢ᠎ᠶ᠋ᠢᠨ ᠪᠥᠬᠥ᠌ ᠬᠦᠴᠦ᠍᠎ᠪᠡᠷ᠎ᠢᠶᠡᠨ ᠴᠣᠭ᠍ᠴᠠᠯᠠᠭ᠍ᠰᠠᠨ《ᠦᠵᠡᠯ ᠰᠠᠨᠠᠭ᠎ᠠ ᠤᠯᠤᠰ ᠲᠥᠷᠥ᠎ᠶ᠋ᠢᠨ ᠬᠢᠴᠢᠶᠡᠯ᠎ᠢ ᠳᠠᠭᠠᠵᠤ ᠦᠶ᠋ᠯᠡᠳᠦᠯᠭᠡᠵᠢᠭᠦᠯᠬᠦ᠌》ᠠᠵᠢᠯᠯᠠᠭ᠎ᠠ᠎ᠨᠢ ᠰᠤᠷᠤᠭ᠍ᠴᠢᠳ᠎ᠢ ᠬᠥᠲᠥᠯᠥᠨ ᠵᠢᠯᠣᠭᠣᠳᠴᠤ᠌ ᠪᠠᠢᠭᠠᠳ《ᠱᠢᠨ᠎ᠡ ᠴᠠᠭ ᠦᠶ᠎ᠡ᠎ᠶ᠋ᠢᠨ ᠱᠢᠨ᠎ᠡ ᠡᠭᠦᠷᠭᠡᠯᠡᠯ》᠎ᠤᠨ ᠲᠣᠭᠣᠷᠢᠨ᠎ᠳᠤ ᠬᠤᠪᠢᠷᠠᠯᠲᠠ᠎ᠶ᠋ᠢ ᠶᠠᠷᠢᠭᠤᠯᠪᠠ᠃

ᠪᠤᠭᠤᠲᠤ᠎ᠶ᠋ᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ《ᠦᠵᠡᠯ ᠰᠠᠨᠠᠭ᠎ᠠ ᠤᠯᠤᠰ ᠲᠥᠷᠥ᠎ᠶ᠋ᠢᠨ ᠬᠢᠴᠢᠶᠡᠯ᠎ᠢ ᠳᠠᠭᠠᠨ ᠤᠷᠤᠭᠰᠢᠯᠠᠵᠤ — ᠬᠢᠵᠢᠭ᠎ᠲᠡᠶ ᠲᠡᠮᠡᠴᠡᠬᠦ᠌ ᠵᠠᠮ ᠳᠡᠭᠡᠷ᠎ᠡ ᠴᠢ ᠪᠢᠳᠠ ᠬᠠᠮᠲᠤ᠎ᠳ᠋ᠠᠭᠠᠨ》 ᠭᠡᠭᠦ ᠦᠶ᠋ᠯᠡᠳᠦᠯᠭᠡ᠎ᠶ᠋ᠢᠨ ᠵᠢᠭᠠᠨ ᠰᠤᠷᠭᠠᠯᠲᠠ᠎ᠶ᠋ᠢᠨ ᠱᠢᠷᠢᠰ ᠠᠵᠢᠯᠯᠠᠭ᠎ᠠ ᠥᠷᠨᠢᠭᠦᠯᠪᠡ᠃

ᠡᠷᠡᠯᠬᠡᠭ᠌ᠯᠡᠨ ᠲᠡᠮᠡᠴᠡᠵᠦ᠍ ᠴᠠᠭ ᠦᠶ᠎ᠡ ᠎ᠶ᠋ᠢᠨ

ᠬᠦᠨᠳᠦ ᠡᠭᠦᠷᠭᠡ ᠎ᠶ᠋ᠢ ᠡᠭᠦᠷᠭᠡᠯᠡᠶ᠎ᠡ

ᠬᠥᠯᠥᠨ ᠪᠣᠢᠷ ᠳᠡᠭᠡᠳᠦ ᠰᠤᠷᠭᠠᠭᠤᠯᠢ ᠦᠵᠡᠯ ᠰᠠᠨᠠᠭ᠎ᠠ ᠤᠯᠤᠰ ᠲᠥᠷᠥ᠎ᠶ᠋ᠢᠨ ᠬᠢᠴᠢᠶᠡᠯ᠎ᠦᠨ ᠣᠶᠤᠨ ᠰᠠᠨᠠᠭ᠎ᠠ᠎ᠪᠠᠨ ᠨᠡᠪᠲᠡᠷᠡᠯᠴᠡᠭᠦᠯᠬᠦ᠌᠂ ᠣᠶᠤᠨ ᠤᠬᠠᠭᠠᠨ᠎ᠢ ᠰᠡᠩᠬᠡᠷᠡᠭᠦᠯᠬᠦ᠌᠂ ᠲᠡᠮᠡᠴᠡᠯ᠎ᠦᠨ ᠵᠣᠷᠢᠭ᠎ᠢ ᠬᠥᠭ᠌ᠵᠢᠭᠡᠬᠦ᠌ ᠵᠠᠩᠭᠢᠯᠠᠭ᠎ᠠ᠎ᠶ᠋ᠢᠨ ᠦᠶ᠋ᠯᠡᠳᠦᠯ᠎ᠢ ᠭᠦᠶ᠋ᠴᠡᠳ ᠪᠠᠳᠠᠷᠠᠭᠤᠯᠵᠤ᠂ ᠵᠢᠭᠠᠨ ᠰᠤᠷᠭᠠᠯᠲᠠ᠎ᠶ᠋ᠢᠨ ᠠᠭᠤᠯᠭ᠎ᠠ᠎ᠶ᠋ᠢ ᠦᠨᠳᠦᠰᠦᠯᠡᠨ ᠬᠢᠵᠢᠭ᠎ᠲᠡᠶ ᠲᠡᠮᠡᠴᠡᠬᠦ᠌ ᠮᠡᠳᠡᠯᠭᠡ᠎ᠶ᠋ᠢ ᠣᠷᠭᠠᠨᠢᠭ᠎ᠢᠶᠠᠷ ᠠᠭᠤᠰᠤᠯᠴᠠᠭᠤᠯᠵᠤ᠂ ᠳᠤᠮᠳᠠᠳᠤ ᠤᠯᠤᠰ᠎ᠤᠨ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠰᠣᠶᠣᠯ᠎ᠤᠨ ᠢᠲᠡᠭᠡᠯ᠎ᠢᠶᠡᠨ ᠪᠠᠲᠤᠳᠭᠠᠪᠠ᠃

ᠥᠪᠥᠷ ᠮᠣᠩᠭᠣᠯ᠎ᠤᠨ ᠬᠢᠮᠢ᠎ᠶ᠋ᠢᠨ ᠠᠵᠤ ᠦᠶ᠋ᠯᠡᠳᠪᠦᠷᠢ᠎ᠶ᠋ᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶ᠋ᠢᠨ ᠦᠵᠡᠯ ᠰᠠᠨᠠᠭ᠎ᠠ ᠤᠯᠤᠰ ᠲᠥᠷᠥ᠎ᠶ᠋ᠢᠨ ᠣᠨᠣᠯ᠎ᠤᠨ ᠵᠢᠭᠠᠨ ᠰᠤᠳᠤᠯᠬᠤ ᠬᠡᠯᠲᠡᠰ ᠰᠤᠷᠤᠭ᠍ᠴᠢᠳ᠎ᠲᠤ ᠬᠢᠵᠢᠭ᠎ᠲᠡᠶ ᠲᠡᠮᠡᠴᠡᠬᠦ᠌ ᠰᠡᠳᠭᠢᠴᠡ᠎ᠶ᠋ᠢᠨ ᠵᠢᠯᠣᠭᠣᠳᠣᠯᠭ᠎ᠠ᠎ᠶ᠋ᠢᠨ ᠸᠢᠳᠢᠣ᠋ ᠦᠵᠡᠭᠦᠯᠵᠦ᠂ ᠪᠠᠭᠠᠲᠤᠷᠯᠢᠭ ᠥᠯᠢᠭᠡᠷ᠎ᠢ ᠬᠤᠪᠢᠶᠠᠯᠴᠠᠨ᠂ ᠭᠤᠤᠯ ᠰᠡᠳᠦᠪ᠎ᠦᠨ ᠲᠣᠭᠣᠷᠢᠨ᠎ᠳᠤ ᠶᠠᠷᠢᠯᠴᠠᠬᠤ ᠲᠤᠰᠭᠠᠶ ᠪᠤᠯᠤᠩ ᠭᠠᠷᠭᠠᠵᠤ᠂ ᠰᠤᠷᠤᠭ᠍ᠴᠢᠳ᠎ᠢ ᠬᠥᠲᠥᠯᠥᠨ ᠵᠢᠯᠣᠭᠣᠳᠴᠤ᠌ ᠪᠠᠢᠭᠠᠳ ᠣᠳᠣᠬᠠᠨ᠎ᠤ ᠪᠠᠢᠳᠠᠯ᠎ᠳᠤ ᠰᠠᠭᠤᠷᠢᠯᠠᠨ ᠪᠣᠳᠣᠯ ᠰᠡᠳᠭᠢᠯᠭᠡ᠎ᠪᠡᠨ ᠢᠳᠡᠪᠬᠢᠲᠡᠶ ᠲᠣᠬᠢᠷᠠᠭᠤᠯᠵᠤ᠂ ᠰᠦᠯᠵᠢᠶᠡᠨ᠎ᠦ ᠬᠢᠴᠢᠶᠡᠯ᠎ᠢ ᠡᠮᠬᠢ ᠵᠢᠷᠤᠮ᠎ᠲᠠᠶ᠎ᠪᠠᠷ ᠰᠠᠢᠲᠤᠷ ᠣᠷᠣᠵᠤ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠳᠤ ᠪᠥᠬᠥ᠌ ᠬᠦᠴᠦᠨ᠎ᠢᠶᠡᠷ᠎ᠢᠶᠡᠨ ᠬᠠᠮᠵᠢᠯᠴᠠᠪᠠ᠃

ᠬᠥᠬᠡᠬᠣᠲᠠ᠎ᠶ᠋ᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ ᠰᠤᠷᠤᠭ᠍ᠴᠢᠳ᠎ᠢ ᠵᠢᠯᠣᠭᠣᠳᠤᠨ ᠬᠢᠵᠢᠭ᠎ᠲᠡᠶ ᠲᠡᠮᠡᠴᠡᠬᠦ᠌ ᠰᠡᠳᠦᠪ ᠮᠠᠲ᠋ᠧᠷᠢᠶᠠᠯ᠎ᠤᠨ ᠲᠤᠬᠠᠶ ᠠᠵᠢᠭ᠍ᠯᠠᠯᠲᠠ᠎ᠶ᠋ᠢᠨ ᠳᠠᠷᠠᠭᠠᠬᠢ ᠲᠥᠷᠥᠭ᠌ᠳᠡᠯ᠂ ᠶᠠᠷᠢᠶᠠᠨ᠎ᠤ ᠨᠤᠤᠷᠠᠭ ᠪᠢᠴᠢᠭᠦᠯᠬᠦ᠌᠎ᠶ᠋ᠢᠨ ᠬᠠᠮᠲᠤ ᠦᠵᠡᠯ ᠰᠠᠨᠠᠭ᠎ᠠ ᠤᠯᠤᠰ ᠲᠥᠷᠥ᠎ᠶ᠋ᠢᠨ ᠬᠢᠴᠢᠶᠡᠯ ᠳᠡᠭᠡᠷ᠎ᠡ ᠰᠦᠯᠵᠢᠶᠡᠨ ᠳᠡᠭᠡᠷ᠎ᠡ ᠶᠠᠷᠢᠶ᠎ᠠ ᠢᠯᠡᠳᠭᠡᠯ ᠪᠠ ᠣᠯᠤᠯᠲᠠ ᠲᠥᠷᠥᠭ᠌ᠳᠡᠯ᠎ᠢᠶᠡᠨ ᠰᠣᠯᠢᠯᠴᠠᠵᠤ᠂ ᠪᠣᠳᠠᠲᠤ ᠠᠵᠢᠯᠯᠠᠭ᠎ᠠ᠎ᠪᠠᠷ᠎ᠢᠶᠠᠨ ᠱᠢᠨ᠎ᠡ ᠴᠠᠭ ᠦᠶ᠎ᠡ᠎ᠶ᠋ᠢᠨ ᠡᠷᠡᠯᠬᠡᠭ᠌ᠯᠡᠨ ᠲᠡᠮᠡᠴᠡᠭ᠌ᠰᠡᠳ᠎ᠦᠨ ᠬᠠᠷᠢᠭᠤᠴᠠᠯᠭ᠎ᠠ ᠡᠭᠦᠷᠭᠡᠯᠡᠯ᠎ᠢ ᠦᠶ᠋ᠯᠡᠳᠦᠯᠭᠡᠵᠢᠭᠦᠯᠪᠡ᠃

ᠥᠪᠥᠷ ᠮᠣᠩᠭᠣᠯ᠎ᠤᠨ ᠡᠯ᠎ᠡ ᠶᠡᠬᠡ ᠳᠡᠭᠡᠳᠦ ᠰᠤᠷᠭᠠᠭᠤᠯᠢ ᠣᠢᠷ᠎ᠠ᠎ᠶ᠋ᠢᠨ ᠬᠤᠭᠤᠴᠠᠭᠠᠨ᠎ᠳᠤ ᠪᠠᠭ᠍ᠰᠢ ᠰᠤᠷᠤᠭ᠍ᠴᠢᠳ ᠬᠠᠮᠲᠤ᠎ᠪᠠᠷ ᠬᠢᠵᠢᠭ᠎ᠲᠡᠶ ᠲᠡᠮᠡᠴᠡᠭ᠌ᠰᠡᠨ ᠦᠨᠡᠨ ᠪᠣᠳᠠᠲᠠᠶ ᠬᠡᠷᠡᠭ᠎ᠦᠨ ᠵᠢᠱ᠌ᠢᠶ᠎ᠡ ᠪᠣᠯᠤᠨ ᠬᠥᠮᠦᠨ ᠬᠥᠮᠦᠵᠢᠭᠦᠯᠬᠦ᠌ ᠡᠯᠧᠮᠧᠨ᠋ᠲ᠎ᠢ ᠭᠦᠨᠵᠡᠭᠡᠶ ᠠᠭᠤᠳᠠᠯᠵᠤ᠂ ᠱᠢᠨ᠎ᠡ ᠰᠣᠷᠭᠣᠭ《ᠬᠢᠵᠢᠭ᠎ᠲᠡᠶ ᠲᠡᠮᠡᠴᠡᠭᠰᠡᠨ ᠪᠣᠷᠣ ᠮᠠᠲ᠋ᠧᠷᠢᠶᠠᠯ》᠎ᠢ ᠡᠯᠪᠡᠭ ᠪᠠᠶᠠᠯᠢᠭ《ᠦᠵᠡᠯ ᠰᠠᠨᠠᠭ᠎ᠠ ᠤᠯᠤᠰ ᠲᠥᠷᠥ᠎ᠶ᠋ᠢᠨ ᠵᠢᠭᠠᠬᠤ ᠮᠠᠲ᠋ᠧᠷᠢᠶᠠᠯ》 ᠪᠣᠯᠭᠠᠨ ᠬᠤᠪᠢᠷᠠᠭᠤᠯᠵᠤ᠂ ᠬᠢᠴᠢᠶᠡᠯ᠎ᠦᠨ ᠲᠠᠩᠬᠢᠮ᠎ᠤᠨ ᠵᠢᠭᠠᠨ ᠰᠤᠷᠭᠠᠯᠲᠠ ᠳᠤᠮᠳᠠ ᠰᠣᠷᠣᠭ᠍ᠴᠢ ᠺᠠᠳ᠋ᠷ᠂ ᠰᠠᠢᠨ ᠳᠤᠷᠠᠴᠤᠳ᠂ ᠳᠡᠷᠭᠡᠳᠡᠬᠢ ᠨᠡᠢᠲᠡᠯᠢᠭ ᠵᠢᠱ᠌ᠢᠶ᠎ᠡ᠎ᠶ᠋ᠢᠨ ᠵᠢᠱ᠌ᠢᠶ᠎ᠡ ᠦᠵᠡᠭᠦᠯᠵᠦ᠍ ᠬᠥᠲᠥᠯᠥᠨ ᠳᠠᠭᠠᠭᠤᠯᠬᠤ ᠦᠶ᠋ᠯᠡᠳᠦᠯ᠎ᠢ ᠭᠦᠶ᠋ᠴᠡᠳ ᠪᠠᠳᠠᠷᠠᠭᠤᠯᠵᠤ᠂《ᠨᠢᠭᠡ ᠳ᠋ᠧᠩ᠎ᠢ ᠨᠤᠴᠤᠭᠠᠨ᠂ ᠳᠤᠮᠤᠬᠠᠨ ᠭᠡᠪᠴᠢᠶᠠᠨ᠎ᠳᠦ ᠭᠡᠷᠡᠯᠲᠦᠭᠦᠯᠬᠦ᠌》 ᠰᠤᠷᠭᠠᠨ ᠬᠥᠮᠦᠵᠢᠯ᠎ᠦᠨ ᠦᠷ᠎ᠡ ᠪᠦᠲᠦᠮᠵᠢ᠎ᠶ᠋ᠢ ᠪᠡᠶᠡᠯᠡᠭᠦᠯᠪᠡ᠃ 《ᠦᠵᠡᠯ ᠰᠠᠨᠠᠭ᠎ᠠ ᠤᠯᠤᠰ ᠲᠦᠷᠦ᠍᠎ᠶ᠋ᠢᠨ ᠬᠢᠴᠢᠶᠡᠯ᠎ᠢ ᠳᠠᠭᠠᠨ ᠦᠢᠯᠡᠳᠦᠯᠭᠡᠵᠢᠭᠦᠯᠬᠦ᠌》ᠠᠵᠢᠯᠯᠠᠭ᠎ᠠ ᠨᠢ ᠦᠵᠡᠯ ᠰᠠᠨᠠᠭ᠎ᠠ ᠤᠯᠤᠰ ᠲᠦᠷᠦ᠍᠎ᠶ᠋ᠢᠨ ᠪᠠᠭ᠎ᠠ ᠬᠢᠴᠢᠶᠡᠯ᠎ᠦᠨ ᠲᠠᠩᠬᠢᠮ᠎ᠢ ᠨᠡᠢᠭᠡᠮ᠎ᠦᠨ ᠶᠡᠬᠡ ᠬᠢᠴᠢᠶᠡᠯ᠎ᠦᠨ ᠲᠠᠩᠬᠢᠮ᠎ᠲᠠᠶ ᠣᠷᠭᠠᠨᠢᠭ᠎ᠢᠶᠠᠷ ᠤᠶᠠᠯᠳᠤᠭᠤᠯᠵᠤ᠂ ᠱᠢᠨ᠎ᠡ ᠴᠠᠭ ᠦᠶ᠎ᠡ᠎ᠶ᠋ᠢᠨ ᠵᠠᠯᠠᠭᠤᠴᠤᠳ᠎ᠢ ᠬᠦᠳᠦᠯᠥᠨ ᠳᠠᠭᠠᠭᠤᠯᠵᠤ ᠪᠠᠢᠭᠠᠳ ᠤᠯᠤᠰ᠎ᠢᠶᠠᠨ ᠬᠠᠢᠷᠠᠯᠠᠬᠤ ᠰᠡᠳᠭᠢᠯᠭᠡ᠂ ᠤᠯᠤᠰ᠎ᠢᠶᠠᠨ ᠬᠦᠴᠦᠷᠬᠡᠭ᠌ᠵᠢᠭᠦᠯᠬᠦ᠌ ᠵᠣᠷᠢᠭ᠂ ᠤᠯᠤᠰ᠎ᠲᠠᠭᠠᠨ ᠠᠴᠢ ᠬᠠᠷᠢᠭᠤᠯᠠᠬᠤ ᠠᠵᠢᠯᠯᠠᠭ᠎ᠠ᠎ᠶ᠋ᠢ ᠬᠥᠮᠦᠨ᠎ᠦ ᠠᠮᠢᠳᠤᠷᠠᠯ᠎ᠤᠨ ᠰᠣᠩᠭᠣᠯᠲᠠ ᠪᠣᠯᠤᠨ ᠪᠣᠳᠠᠲᠤ ᠠᠵᠢᠯᠯᠠᠭ᠎ᠠ᠎ᠳᠤ ᠠᠭᠤᠰᠤᠯᠴᠠᠭᠤᠯᠵᠤ᠂ ᠱᠢᠨ᠎ᠡ ᠴᠠᠭ ᠦᠶ᠎ᠡ᠎ᠡᠴᠡ ᠣᠯᠭᠣᠭ᠍ᠰᠠᠨ ᠡᠭᠦᠷᠭᠡ ᠬᠠᠷᠢᠭᠤᠴᠠᠯᠭ᠎ᠠ᠎ᠶ᠋ᠢ ᠡᠭᠦᠷᠭᠡᠯᠡᠵᠦ᠍᠂ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠳᠤ ᠵᠠᠯᠠᠭᠤ ᠨᠠᠰᠤᠨ᠎ᠤ ᠱᠢᠨ᠎ᠡ ᠬᠠᠭᠤᠳᠠᠰᠤ᠎ᠶ᠋ᠢ ᠪᠢᠴᠢᠭ᠌ᠯᠡᠭᠦᠯᠦᠨ᠎ᠠ᠃

ᠢᠷᠡᠯᠳᠠ᠄ ᠳᠠᠯ᠎ᠠ ᠨᠤᠳᠤᠭ ᠪᠦᠷᠢᠨ ᠵᠠᠭᠤᠴᠢᠯᠠᠭᠤᠷ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠴᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面