ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠮᠡᠳᠡᠭᠡᠯᠡᠯ

2022-11-10 16:08:22

ᠵᠣᠬᠢᠶᠠᠭ᠍ᠴᠢ᠄ ᠵᠧᠩ ᠱᠢᠤᠸᠠᠢ ᠯᠢᠶᠠᠩ ᠂ ᠸᠠᠩ ᠶᠠ ᠵᠢᠩ ᠣᠩᠱᠢᠭ᠍ᠰᠠᠨ ᠣᠳᠠᠭ᠎ᠠ᠄ 3

ᠰᠤᠷᠪᠤᠯᠵᠢᠯᠠᠭ᠍ᠴᠢ 11 ᠰᠠᠷ᠎ᠠ᠎ᠶ᠋ᠢᠨ 8 ᠎ᠤ᠋ ᠡᠳᠦᠷ ᠬᠤᠷᠠᠯᠳᠤᠭ᠍ᠰᠠᠨ ᠬᠥᠬᠡᠬᠣᠲᠠ᠎ᠶ᠋ᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠰᠣᠨᠢᠨ ᠮᠡᠳᠡᠭᠡ ᠨᠡᠢᠲᠡᠯᠡᠬᠦ᠌ ᠬᠤᠷᠠᠯ(70 ᠳ᠋ᠤᠭᠠᠷ ᠲᠠᠯᠠᠪᠠᠢ) ᠡᠴᠡ ᠣᠢᠯᠠᠭᠠᠭ᠍ᠰᠠᠨ᠎ᠢᠶᠠᠷ᠂ ᠬᠥᠬᠡᠬᠣᠲᠠ᠎ᠶ᠋ᠢᠨ ᠬᠢᠨ ᠳᠣᠣᠷ᠎ᠠ ᠲᠦᠭ᠌ᠰᠢᠭᠦᠷᠢᠳᠤ ᠣᠷᠣᠨ ᠪᠣᠯᠤᠨ ᠬᠢᠵᠢᠭ ᠦᠭᠡᠢ ᠰᠠᠭᠤᠭᠠᠯᠢ ᠠᠷᠠᠳ ᠤ᠋ᠨ ᠲᠣᠭᠣᠷᠢᠭ᠎ᠢ ᠱᠠᠭᠠᠷᠳᠠᠯᠭ᠎ᠠ ᠶᠣᠰᠣᠭᠠᠷ ᠪᠦᠬᠦ᠌ ᠲᠠᠯ᠎ᠠ᠎ᠪᠠᠷ ᠴᠢᠯᠥᠭᠡᠲᠡᠢ ᠲᠠᠯᠪᠢᠬᠤ ᠪᠡᠷ ᠪᠤᠢ᠃

ᠬᠥᠬᠡᠬᠣᠲᠠ᠎ᠶ᠋ᠢᠨ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠬᠣᠲᠠ᠎ᠶ᠋ᠢᠨ ᠳᠠᠷᠤᠭ᠎ᠠ ᠱᠢᠤᠢ ᠱᠸᠤ ᠵᠢᠶ ᠬᠥᠬᠡᠬᠣᠲᠠ᠎ᠶ᠋ᠢᠨ ᠨᠡᠢᠭᠡᠮ᠎ᠦᠨ ᠬᠠᠮᠢᠶᠠᠷᠤᠨ ᠡᠵᠡᠮᠳᠡᠵᠦ᠍ ᠪᠠᠢᠭ᠎ᠠ ᠪᠠᠢᠳᠠᠯ᠎ᠢ ᠮᠡᠳᠡᠭ᠌ᠳᠡᠬᠦ᠌᠎ᠳᠡᠭᠡᠨ᠂ ᠣᠢᠷ᠎ᠠ᠎ᠳᠤ ᠣᠯᠠᠨ ᠲᠦᠮᠡᠨ᠎ᠦ ᠠᠩᠬᠠᠷᠤᠯ ᠲᠠᠯᠪᠢᠵᠤ ᠪᠠᠢᠭ᠎ᠠ ᠠᠰᠠᠭᠤᠳᠠᠯ᠎ᠳᠤ ᠴᠢᠭ᠌ᠯᠡᠭᠦᠯᠦᠨ᠂ ᠬᠥᠬᠡᠬᠣᠲᠠ᠎ᠡᠴᠡ ᠭᠠᠷᠬᠤ ᠲᠥᠷᠥ᠎ᠶ᠋ᠢᠨ ᠪᠣᠳᠣᠯᠭ᠎ᠠ᠎ᠶ᠋ᠢ ᠤᠯᠠᠮ ᠴᠢᠨᠠᠬᠰᠢᠳᠠ ᠱᠢᠯᠢᠳᠡᠭ᠌ᠵᠢᠭᠦᠯᠦᠨ᠎ᠡ᠃ ᠳᠤᠤᠷ᠎ᠠ ᠲᠦᠭ᠌ᠰᠢᠭᠦᠷᠢᠲᠦ ᠣᠷᠣᠨ ᠪᠤᠶᠤ ᠬᠢᠵᠢᠭ᠎ᠦᠭᠡᠢ ᠰᠠᠭᠤᠭᠠᠯᠢ ᠠᠷᠠᠳ ᠤ᠋ᠨ ᠲᠣᠭᠣᠷᠢᠭ᠎ᠤᠨ ᠬᠦᠮᠦᠰ ᠬᠥᠬᠡᠬᠣᠲᠠ᠎ᠠᠴᠠ ᠭᠠᠷᠬᠤ ᠦᠶ᠎ᠡ᠎ᠳᠦ᠂ ᠵᠥᠪᠬᠡᠨ 《ᠭᠤᠷᠪᠠᠨ ᠡᠳᠦᠷ᠎ᠲᠦ ᠬᠣᠶᠠᠷ ᠤᠳᠠᠭ᠎ᠠ ᠪᠠᠢᠴᠠᠭᠠᠬᠤ》 ᠪᠥᠭᠡᠮ ᠬᠦᠴᠢᠯ᠎ᠦᠨ ᠪᠠᠢᠴᠠᠭᠠᠯᠳᠠ ᠵᠢᠨ ᠪᠢᠯᠢᠭ ᠴᠢᠨᠠᠷ ᠲᠠᠢ ᠭᠡᠷᠡᠴᠢ᠂ ᠬᠥᠬᠡᠬᠣᠲᠠ᠎ᠶ᠋ᠢᠨ ᠬᠤᠶᠠᠷ ᠬᠡᠮᠵᠢᠯᠳᠦ ᠺᠤᠳ᠋ ᠤ᠋ᠨ ᠨᠣᠭᠣᠭᠠᠨ ᠺᠣᠳ᠋᠎ᠢ ᠯᠠ ᠬᠡᠷᠡᠭ᠌ᠰᠡᠨ᠎ᠡ; ᠪᠡᠭᠡᠵᠢᠩ᠎ᠳᠦ ᠣᠴᠢᠬᠤ᠎ᠳᠤ᠂ 《ᠬᠣᠶᠠᠷ ᠡᠳᠦᠷ᠎ᠲᠦ ᠬᠣᠶᠠᠷ ᠤᠳᠠᠭ᠎ᠠ ᠪᠠᠢᠴᠠᠭᠠᠬᠤ》 ᠪᠥᠭᠡᠮ ᠬᠦᠴᠢᠯ᠎ᠦᠨ ᠪᠠᠢᠴᠠᠭᠠᠯᠲᠠ᠎ᠶ᠋ᠢᠨ ᠪᠢᠯᠢᠭ ᠴᠢᠨᠠᠷ᠎ᠤᠨ ᠭᠡᠷᠡᠴᠢ᠂ ᠬᠥᠬᠡᠬᠣᠲᠠ᠎ᠶ᠋ᠢᠨ ᠬᠤᠶᠠᠷ ᠬᠡᠮᠵᠢᠯᠳᠦ ᠺᠤᠳ᠋᠎ᠤ᠋ᠨ ᠨᠤᠭᠤᠭᠠᠨ ᠺᠤᠳ᠋᠂ ᠪᠡᠭᠡᠵᠢᠩ᠎ᠦᠨ ᠡᠷᠡᠭᠦᠯ ᠮᠡᠨᠳᠦ᠍᠎ᠶ᠋ᠢᠨ ᠡᠷᠳᠡᠨᠢ᠎ᠶ᠋ᠢᠨ ᠺᠣᠳ᠋᠎ᠲᠠᠶ ᠪᠣᠯ ᠶᠠᠪᠤᠵᠤ ᠰᠠᠭᠤᠵᠤ ᠪᠣᠯᠤᠨ᠎ᠠ ᠭᠡᠵᠤ ᠬᠡᠯᠡᠪᠡ᠃

ᠡᠭᠦᠨ᠎ᠡᠴᠡ ᠭᠠᠳᠠᠨ᠎ᠠ᠂ ᠱᠢᠤᠢ ᠱᠸᠤ ᠵᠢᠶ᠂ ᠬᠥᠬᠡᠬᠣᠲᠠ ᠵᠢᠨ ᠬᠢᠨ ᠲᠠᠯᠪᠢᠪᠡᠯ ᠵᠤᠬᠢᠬᠤ᠎ᠶ᠋ᠢ᠎ᠨᠢ ᠡᠷᠬᠡᠪᠰᠢ ᠲᠠᠯᠪᠢᠵᠤ᠂ ᠬᠠᠮᠢᠶᠠᠷᠪᠡᠯ ᠵᠤᠬᠢᠬᠤ ᠵᠢ ᠨᠢ ᠡᠷᠬᠡᠪᠰᠢ ᠴᠢᠩᠭ᠎ᠠ ᠬᠠᠮᠢᠶᠠᠷᠴᠤ᠌᠂ ᠪᠠᠭᠤᠷᠠᠭᠤᠯᠪᠡᠯ ᠵᠤᠬᠢᠬᠤ ᠶ᠋ᠢ᠎ᠨᠢ ᠡᠷᠬᠡᠪᠰᠢ ᠴᠠᠭ ᠲᠤᠬᠠᠶ᠎ᠳᠤᠨᠢ ᠪᠠᠭᠤᠷᠠᠭᠤᠯᠵᠤ᠂ ᠨᠡᠢᠭᠡᠮ᠎ᠦᠨ ᠬᠠᠮᠢᠶᠠᠷᠤᠨ ᠡᠵᠡᠮᠳᠡᠬᠦ᠌ ᠠᠵᠢᠯ᠎ᠢ ᠨᠠᠷᠢᠨ ᠣᠨᠣᠪᠴᠢᠲᠠᠶ᠎ᠪᠠᠷ ᠴᠢᠩᠭ᠎ᠠ ᠰᠠᠢᠲᠤᠷ ᠬᠢᠬᠦ᠌ ᠬᠡᠷᠡᠭ᠌ᠲᠡᠶ ᠭᠡᠵᠤ ᠢᠯᠡᠳᠭᠡᠪᠡ᠃

ᠲᠤᠤᠷ᠎ᠠ ᠲᠦᠭ᠌ᠰᠢᠭᠦᠷᠢᠳᠤ ᠣᠷᠣᠨ ᠪᠣᠯᠤᠨ ᠬᠢᠵᠢᠭ ᠥᠬᠡᠶ ᠰᠠᠭᠤᠭᠠᠯᠢ ᠠᠷᠠᠳ ᠤ᠋ᠨ ᠲᠣᠭᠣᠷᠢᠭ᠎ᠨᠢ ᠡᠷᠬᠡᠪᠰᠢ ᠱᠠᠭᠠᠷᠳᠠᠯᠭ᠎ᠠ ᠶᠣᠰᠣᠭᠠᠷ ᠪᠥᠬᠥ᠌ ᠲᠠᠯ᠎ᠠ᠎ᠪᠠᠷ ᠴᠢᠯᠥᠭᠡᠲᠡᠶ ᠲᠠᠯᠪᠢᠵᠤ᠂ ᠣᠷᠣᠵᠤ ᠭᠠᠷᠬᠤ ᠦᠶ᠎ᠡ᠎ᠳᠦ ᠺᠣᠳ᠋ ᠱᠢᠷᠪᠢᠬᠦ᠌᠂ ᠪᠡᠶ᠎ᠡ᠎ᠶ᠋ᠢᠨ ᠬᠠᠯᠠᠭᠤᠨ᠎ᠢ ᠬᠡᠮᠵᠢᠬᠦ᠌᠂ ᠠᠮᠠᠪᠴᠢ ᠵᠡᠭᠦᠬᠦ᠌ ᠪᠠ ᠪᠥᠭᠡᠮ ᠬᠦᠴᠢᠯ᠎ᠦᠨ ᠪᠠᠢᠴᠠᠭᠠᠯᠳᠠ ᠵᠢᠨ ᠪᠢᠯᠢᠭ ᠴᠢᠨᠠᠷ᠎ᠤᠨ ᠭᠡᠷᠡᠴᠢ᠎ᠶ᠋ᠢ ᠪᠠᠢᠴᠠᠭᠠᠨ ᠱᠢᠯᠭᠠᠬᠤ ᠵᠡᠷᠭᠡ ᠰᠡᠷᠭᠡᠢᠯᠡᠨ ᠡᠵᠡᠮᠳᠡᠬᠦ᠌ ᠲᠣᠭ᠍ᠲᠠᠭᠠᠯ᠎ᠢ ᠴᠢᠩᠭ᠎ᠠ ᠨᠠᠢᠳᠠᠪᠤᠷᠢᠵᠢᠭᠤᠯᠬᠤ ᠬᠡᠷᠡᠭ᠌ᠲᠡᠶ; ᠢᠯᠠᠩᠭᠤᠶ᠎ᠠ ᠭᠠᠳᠠᠨ᠎ᠠ᠎ᠡᠴᠡ ᠰᠠᠭᠤᠭᠠᠯᠢ ᠠᠷᠠᠳ ᠤ᠋ᠨ ᠲᠣᠭᠣᠷᠢᠭ᠎ᠲᠤ ᠪᠤᠴᠠᠬᠤ ᠲᠡᠷᠭᠡ ᠬᠥᠰᠭᠡ᠎ᠳᠦ ᠡᠷᠬᠡᠪᠰᠢ ᠬᠥᠬᠡᠬᠣᠲᠠ᠎ᠶ᠋ᠢᠨ ᠬᠤᠶᠠᠷ ᠬᠡᠮᠵᠢᠯᠳᠦ ᠺᠤᠳ᠋ ᠪᠣᠯᠤᠨ ᠪᠥᠭᠡᠮ ᠬᠦᠴᠢᠯ᠎ᠦᠨ ᠪᠠᠢᠴᠠᠭᠠᠯᠲᠠ᠎ᠶ᠋ᠢᠨ ᠪᠢᠯᠢᠭ ᠴᠢᠨᠠᠷ᠎ᠤᠨ ᠭᠡᠷᠡᠴᠢ᠎ᠶ᠋ᠢ ᠲᠡᠷᠭᠡ ᠳᠠᠷᠠᠭᠠᠯᠠᠨ ᠬᠥᠮᠦᠨ ᠳᠠᠷᠠᠭᠠᠯᠠᠨ ᠪᠠᠢᠴᠠᠭᠠᠵᠤ᠂ ᠨᠢᠭᠡ ᠲᠡᠷᠭᠡ᠂ ᠨᠢᠭᠡ ᠬᠥᠮᠦᠨ᠎ᠢ ᠴᠦ᠍ ᠣᠷᠬᠢᠭ᠍ᠳᠠᠭᠤᠯᠬᠤ ᠥᠬᠡᠶ ᠪᠠᠢᠵᠤ᠂ ᠭᠠᠳᠠᠨ᠎ᠠ᠎ᠡᠴᠡ ᠢᠷᠡᠭ᠌ᠰᠡᠨ ᠬᠥᠮᠦᠰ᠎ᠦᠨ ᠰᠠᠭᠤᠭᠠᠯᠢ ᠠᠷᠠᠳ ᠤ᠋ᠨ ᠲᠣᠭᠣᠷᠢᠭ᠎ᠲᠤ ᠣᠷᠣᠬᠤ ᠰᠡᠷᠭᠡᠢᠯᠡᠯᠳᠡ ᠵᠢᠨ ᠠᠵᠢᠯ᠎ᠢ ᠰᠠᠢᠳᠤᠷ ᠬᠢᠬᠦ ᠬᠡᠷᠡᠭ᠌ᠲᠡᠶ᠃ ᠨᠡᠢᠭᠡᠮ ᠲᠣᠭᠣᠷᠢᠭ᠎ᠲᠤ ᠠᠷᠭ᠎ᠠ ᠴᠢᠨᠠᠷ ᠲᠠᠶ ᠬᠠᠯᠳᠠᠪᠤᠷᠢᠯᠠᠭᠳᠠᠬᠴᠢ ᠵᠢ ᠢᠯᠡᠷᠡᠬᠦᠯᠪᠡᠯ᠂ ᠡᠷᠬᠡᠪᠰᠢ ᠬᠠᠯᠳᠠᠪᠤᠷᠢᠯᠠᠭᠳᠠᠬᠴᠢ ᠵᠢᠨ ᠪᠠᠢᠭ᠎ᠠ ᠤᠷᠤᠴᠠ᠎ᠶ᠋ᠢ ᠬᠠᠮᠤᠭ᠎ᠤᠨ ᠲᠦᠷᠦᠭᠦᠨ᠎ᠳᠦ ᠦᠨᠳᠤᠷ ᠲᠦᠭᠰᠢᠬᠦᠷᠢᠳᠤ ᠣᠷᠣᠨ᠎ᠢᠶᠠᠷ ᠵᠠᠭᠠᠭ᠍ᠯᠠᠨ ᠲᠣᠭ᠍ᠲᠠᠭᠠᠬᠤ᠎ᠶ᠋ᠢᠨ ᠬᠠᠮᠲᠤ ᠮᠡᠳᠡᠭᠡ ᠵᠠᠩᠭᠢ᠎ᠶ᠋ᠢ ᠨᠡᠢᠭᠡᠮ ᠲᠣᠭᠣᠷᠢᠭ᠎ᠤᠨ ᠺᠠᠳ᠋ᠷ᠂ ᠠᠳᠠᠯ ᠠᠬᠤᠶ᠂ ᠰᠠᠢᠨ ᠳᠤᠷᠠᠴᠤᠤᠯ ᠵᠡᠷᠭᠡ ᠠᠵᠢᠯᠲᠠᠨ᠎ᠳᠤ ᠬᠠᠮᠲᠤ᠎ᠳᠤᠨᠢ ᠬᠦᠷᠭᠡᠵᠦ᠍᠂ ᠲᠤᠰᠠᠭᠠᠷᠯᠠᠨ ᠬᠠᠮᠢᠶᠠᠷᠤᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠨᠠᠢᠳᠠᠪᠤᠷᠢᠵᠢᠭᠤᠯᠤᠨ᠂ ᠰᠠᠭᠤᠭᠠᠯᠢ ᠠᠷᠠᠳ ᠎ᠢ ᠬᠡᠷ᠎ᠲᠦᠨᠢ ᠬᠠᠷᠢᠭᠤᠯᠬᠤ ᠪᠠᠷ ᠲᠦᠷᠭᠡᠨ ᠢᠳᠭᠠᠵᠤ᠂ ᠠᠶᠤᠯ ᠲᠦᠭ᠌ᠰᠢᠭᠦᠷᠢ᠎ᠶ᠋ᠢᠨ ᠲᠠᠷᠬᠠᠯᠲᠠ᠎ᠡᠴᠡ ᠵᠠᠢᠯᠠᠰᠭᠢᠬᠦ᠌ ᠬᠡᠷᠡᠭ᠌ᠲᠡᠶ᠃ ᠥᠨᠳᠥᠷ ᠳᠤᠮᠳᠠ ᠲᠦᠭ᠌ᠰᠢᠭᠦᠷᠢᠲᠦ ᠣᠷᠣᠨ᠎ᠤ ᠲᠠᠰ᠎ᠢ ᠨᠢ ᠪᠠᠭᠤᠷᠠᠭᠤᠯᠪᠡᠯ ᠵᠤᠬᠢᠬᠤ᠎ᠶ᠋ᠢ᠎ᠨᠢ ᠴᠦ᠍ ᠴᠠᠭ ᠲᠤᠬᠠᠶ᠎ᠳᠤᠨᠢ ᠲᠠᠰ᠎ᠢ ᠨᠢ ᠪᠠᠭᠤᠷᠠᠭᠤᠯᠵᠤ᠂ ᠠᠮᠢᠳᠤᠷᠠᠯ᠎ᠤᠨ ᠡᠮᠬᠢ ᠳᠢᠭ᠌ᠯᠢᠮ᠎ᠢ᠎ᠨᠢ ᠡᠮᠬᠢ ᠵᠢᠷᠤᠮ᠎ᠲᠠᠶ᠎ᠪᠠᠷ ᠰᠡᠷᠭᠦᠭᠡᠬᠦ᠌ ᠬᠡᠷᠡᠭ᠌ᠲᠡᠶ᠃

ᠪᠣᠳᠠᠲᠠᠶ᠎ᠪᠠᠷ ᠬᠡᠯᠡᠪᠡᠯ᠂ ᠦᠨᠳᠤᠷ ᠲᠦᠭ᠌ᠰᠢᠭᠦᠷᠢᠳᠤ ᠣᠷᠣᠨ᠎ᠳᠤ 7 ᠡᠳᠦᠷ ᠳᠠᠷᠠᠭᠠᠯᠠᠨ ᠱᠢᠨ᠎ᠡ᠎ᠪᠡᠷ ᠨᠡᠮᠡᠭ᠌ᠳᠡᠭ᠌ᠰᠡᠨ ᠬᠠᠯᠳᠠᠪᠤᠷᠢᠯᠠᠬᠳᠠᠬᠴᠢ ᠥᠬᠡᠶ ᠮᠥᠷᠲᠡᠭᠡᠨ 7 ᠡᠳᠦᠷ᠎ᠲᠡᠬᠢ ᠪᠥᠬᠥ᠌ ᠬᠦᠮᠦᠰ ᠤ᠋ᠨ ᠪᠥᠭᠡᠮ ᠬᠦᠴᠢᠯ᠎ᠦᠨ ᠪᠠᠢᠴᠠᠭᠠᠯᠲᠠ ᠨᠢ ᠴᠥᠮ ᠪᠢᠯᠢᠭ ᠴᠢᠨᠠᠷ ᠲᠠᠶ ᠪᠣᠯᠤᠭ᠍ᠰᠠᠨ᠎ᠤ ᠳᠠᠷᠠᠭ᠎ᠠ᠂ ᠴᠠᠭ ᠲᠤᠬᠠᠶ᠎ᠳᠤᠨᠢ ᠳᠤᠮᠳᠠ ᠲᠦᠭ᠌ᠰᠢᠭᠦᠷᠢᠳᠤ ᠣᠷᠣᠨ ᠪᠣᠯᠭᠠᠨ ᠪᠠᠭᠤᠷᠠᠭᠤᠯᠵᠤ᠂ ᠳᠠᠬᠢᠨ 3 ᠡᠳᠦᠷ ᠳᠠᠷᠠᠭᠠᠯᠠᠨ ᠱᠢᠨ᠎ᠡ ᠎ᠪᠡᠷ ᠨᠡᠮᠡᠭ᠌ᠳᠡᠭ᠌ᠰᠡᠨ ᠬᠠᠯᠳᠠᠪᠤᠷᠢᠯᠠᠬᠳᠠᠬᠴᠢ ᠥᠬᠡᠶ ᠪᠣᠯ ᠴᠠᠭ ᠲᠤᠬᠠᠶ᠎ᠳᠤᠨᠢ ᠲᠤᠤᠷ᠎ᠠ ᠲᠦᠭ᠌ᠰᠢᠭᠦᠷᠢᠳᠤ ᠣᠷᠣᠨ ᠪᠣᠯᠭᠠᠨ ᠪᠠᠭᠤᠷᠠᠭᠤᠯᠤᠨ᠎ᠠ; ᠳᠤᠮᠳᠠ ᠲᠦᠭ᠌ᠰᠢᠭᠦᠷᠢᠳᠤ ᠣᠷᠣᠨ᠎ᠳᠤ ᠵᠠᠯᠭᠠᠭ᠎ᠠ᠎ᠪᠠᠷ 7 ᠡᠳᠦᠷ ᠱᠢᠨ᠎ᠡ᠎ᠪᠡᠷ ᠨᠡᠮᠡᠭ᠌ᠳᠡᠭ᠌ᠰᠡᠨ ᠬᠠᠯᠳᠠᠪᠤᠷᠢᠯᠠᠬᠳᠠᠬᠴᠢ ᠥᠬᠡᠶ ᠪᠥᠭᠡᠳ ᠳᠣᠯᠣᠳᠤᠭᠠᠷ ᠡᠳᠦᠷ᠎ᠦᠨ ᠪᠥᠬᠥ᠌ ᠬᠦᠮᠦᠰ ᠤ᠋ᠨ ᠪᠥᠭᠡᠮ ᠬᠦᠴᠢᠯ᠎ᠦᠨ ᠪᠠᠢᠴᠠᠭᠠᠯᠲᠠ ᠨᠢ ᠴᠥᠮ ᠪᠢᠯᠢᠭ ᠴᠢᠨᠠᠷ ᠲᠠᠶ ᠪᠣᠯᠤᠭ᠍ᠰᠠᠨ᠎ᠤ ᠳᠠᠷᠠᠭ᠎ᠠ᠂ ᠴᠠᠭ ᠲᠤᠬᠠᠶ᠎ᠳᠤᠨᠢ ᠲᠤᠤᠷ᠎ᠠ ᠲᠦᠭ᠌ᠰᠢᠭᠦᠷᠢᠳᠤ ᠣᠷᠣᠨ᠎ᠪᠤᠯᠭᠠᠨ ᠪᠠᠭᠤᠷᠠᠭᠤᠯᠤᠨ᠎ᠠ᠃ ᠡᠨᠡ ᠬᠤᠭᠤᠴᠠᠭᠠᠨ᠎ᠳᠤ᠂ ᠬᠡᠷᠪᠡ ᠱᠢᠨ᠎ᠡ᠎ᠪᠡᠷ ᠨᠡᠮᠡᠭ᠌ᠳᠡᠭ᠌ᠰᠡᠨ ᠠᠷᠭ᠎ᠠ ᠴᠢᠨᠠᠷ ᠲᠠᠶ ᠬᠠᠯᠳᠠᠪᠤᠷᠢᠯᠠᠭᠳᠠᠬᠴᠢ ᠢᠯᠡᠷᠡᠪᠡᠯ᠂ ᠲᠤᠰᠠᠭ᠋ᠠᠷᠯᠠᠬᠤ ᠴᠠᠭ᠎ᠢ ᠳᠠᠬᠢᠨ ᠱᠢᠨ᠎ᠡ᠎ᠪᠡᠷ ᠪᠤᠳᠤᠬᠤ ᠬᠡᠷᠡᠭ᠌ᠲᠡᠶ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠠᠨᠠᠷ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面