2022-11-13 16:41:18
ᠲᠤᠰ ᠤᠳᠠᠭᠠᠨ᠎ᠤ ᠬᠢᠵᠢᠭ ᠤᠨ ᠪᠠᠢᠳᠠᠯ ᠡᠭᠦᠰᠦᠭᠰᠡᠨ᠎ᠠᠴᠠ ᠨᠠᠭᠠᠰᠢ᠂ ᠪᠤᠭᠤᠲᠤ᠎ᠶ᠋ᠢᠨ ᠬᠢᠯᠢ ᠪᠠᠷ ᠤᠷᠤᠵᠦ ᠭᠠᠷᠬᠤ ᠬᠢᠯᠢ ᠵᠢᠨ ᠬᠠᠮᠠᠭᠠᠯᠠᠯᠲᠠ᠎ᠶ᠋ᠢᠨ ᠪᠠᠶ᠋ᠢᠴᠠᠭᠠᠯᠳᠠ ᠵᠢᠨ ᠥᠷᠲᠡᠭᠡ ᠬᠢᠯᠢ ᠵᠢᠨ ᠪᠣᠭᠤᠮᠲᠠ᠎ᠶ᠋ᠢᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠤᠯᠤᠨ ᠪᠣᠭᠤᠮᠲᠠ ᠨᠡᠪᠳᠡᠷᠡᠬᠦ ᠶ᠋ᠢ ᠪᠠᠲᠤᠯᠠᠬᠤ ᠬᠤᠶᠠᠷ ᠭᠤᠤᠯ ᠱᠤᠭᠤᠮ᠎ᠢ ᠪᠦᠲᠦᠮᠵᠢᠲᠡᠶ ᠲᠥᠯᠥᠪᠵᠢᠬᠦᠯᠦᠨ ᠠᠳᠬᠤᠵᠦ᠂ ᠠᠮᠤᠷ ᠲᠦᠪᠰᠢᠨ᠂ ᠲᠣᠭᠲᠠᠭᠤᠨ᠂ ᠢᠯᠭᠤᠮ ᠤᠷᠤᠭᠰᠢᠳᠠᠢ ᠪᠣᠭᠤᠮᠲᠠ ᠨᠡᠪᠳᠡᠷᠡᠬᠦ ᠣᠷᠴᠢᠨ ᠲᠣᠭᠤᠷᠢᠨ᠎ᠢ ᠪᠦᠷᠢᠯᠳᠦᠬᠦᠯᠵᠦ ᠪᠤᠢ᠃
ᠪᠤᠭᠤᠲᠤ᠎ᠶ᠋ᠢᠨ ᠬᠢᠯᠢ᠎ᠪᠠᠷ ᠤᠷᠤᠵᠦ ᠭᠠᠷᠬᠤ ᠬᠢᠯᠢ ᠵᠢᠨ ᠬᠠᠮᠠᠭᠠᠯᠠᠯᠲᠠ᠎ᠶ᠋ᠢᠨ ᠪᠠᠶ᠋ᠢᠴᠠᠭᠠᠯᠳᠠ ᠵᠢᠨ ᠥᠷᠲᠡᠭᠡ ᠪᠠᠴᠢᠮ ᠪᠠᠶ᠋ᠢᠳᠠᠯ ᠢ ᠠᠷᠭᠠᠴᠠᠭᠠᠬᠤ ᠲᠣᠭᠲᠠᠴᠠ᠎ᠶ᠋ᠢ ᠲᠤᠭᠳᠠᠭᠠᠨ᠂ ᠵᠠᠰᠠᠭ᠎ᠤᠨ ᠣᠷᠳᠣᠨ᠎ᠤ ᠤᠷᠢᠶᠠᠯᠠᠭ᠎ᠠ᠎ᠶ᠋ᠢ ᠢᠳᠡᠪᠬᠢᠲᠡᠢ ᠴᠤᠤᠷᠢᠶᠠᠲᠤᠨ ᠳᠠᠭᠠᠵᠤ᠂ 21 ᠴᠠᠭᠳᠠᠭ᠎ᠠ ᠪᠢᠲᠡᠭᠦᠮᠵᠢᠯᠡᠭᠰᠡᠨ ᠬᠠᠮᠢᠶᠠᠷᠤᠯᠳᠠ ᠲᠤᠳᠤᠷ᠎ᠠ ᠠᠵᠢᠯᠯᠠᠵᠤ᠂ ᠪᠤᠰᠤᠳ ᠴᠠᠭᠳᠠᠭ᠎ᠠ ᠭᠡᠷ᠎ᠲᠡᠭᠡᠨ ᠰᠠᠭᠤᠵᠦ ᠠᠵᠢᠯᠯᠠᠨ᠂ ᠬᠠᠷᠢᠮᠠᠬᠠᠢ ᠴᠢᠨᠠᠷᠳᠠᠢ ᠵᠢᠵᠢᠬᠦᠷᠯᠡᠬᠦ᠎ᠶ᠋ᠢ ᠬᠡᠷᠡᠭᠵᠢᠭᠦᠯᠪᠡ᠃ ᠬᠢᠯᠢ ᠵᠢᠨ ᠪᠣᠭᠤᠮᠲᠠ᠎ᠶ᠋ᠢᠨ 29 ᠵᠢᠵᠢᠭᠦᠷ᠎ᠤᠨ ᠴᠠᠭᠳᠠᠭ᠎ᠠ ᠰᠠᠨᠠᠭᠠᠴᠢᠯᠠᠭ᠎ᠠ᠎ᠠᠴᠠ᠎ᠪᠠᠨ ᠰᠠᠶ᠋ᠢᠨ ᠲᠤᠷᠠᠴᠤᠤᠯ᠎ᠤᠨ ᠭᠤᠶᠤᠴᠢᠯᠠᠯ᠎ᠤᠨ ᠪᠢᠴᠢᠭ ᠲᠤᠰᠢᠶᠠᠵᠤ᠂ ᠠᠵᠢᠯ᠎ᠤᠨ ᠪᠠᠢᠷᠢ ᠪᠠᠨ ᠪᠠᠲᠤ ᠰᠠᠬᠢᠨ᠂ ᠪᠣᠭᠤᠮᠲᠠ ᠨᠡᠪᠳᠡᠷᠡᠬᠦ᠎ᠶ᠋ᠢ ᠰᠠᠢᠳᠤᠷ ᠪᠠᠳᠤᠯᠠᠵᠦ ᠪᠠᠢᠨ᠎ᠠ᠃
ᠵᠢᠯ᠎ᠤᠨ ᠡᠬᠢᠨ᠎ᠠᠴᠠ ᠨᠠᠭᠠᠰᠢ᠂ ᠪᠤᠭᠤᠲᠤ᠎ᠶ᠋ᠢᠨ ᠬᠢᠯᠢ᠎ᠪᠠᠷ ᠤᠷᠤᠵᠦ ᠭᠠᠷᠬᠤ ᠬᠢᠯᠢ ᠵᠢᠨ ᠬᠠᠮᠠᠭᠠᠯᠠᠯᠲᠠ ᠵᠢᠨ ᠪᠠᠶ᠋ᠢᠴᠠᠭᠠᠯᠳᠠ ᠵᠢᠨ ᠥᠷᠲᠡᠭᠡ ᠨᠢ ᠬᠢᠯᠢ ᠵᠢᠨ ᠪᠣᠭᠤᠮᠲᠠ᠎ᠶ᠋ᠢᠨ ᠪᠣᠳᠠᠲᠤ ᠪᠠᠶ᠋ᠢᠳᠠᠯ ᠪᠣᠯᠤᠨ ᠠᠵᠤ ᠠᠬᠤᠢᠯᠠᠯ᠎ᠤᠨ ᠪᠣᠭᠤᠮᠲᠠ ᠪᠡᠷ ᠪᠠᠷᠠᠭ᠎ᠠ ᠥᠩᠭᠡᠷᠡᠭᠡᠬᠦ ᠬᠡᠷᠡᠭᠴᠡᠭᠡ ᠳ᠋ᠤ ᠰᠠᠭᠤᠷᠢᠯᠠᠨ᠂ ᠰᠠᠨᠠᠭᠠᠴᠢᠯᠠᠭ᠎ᠠ᠎ᠲᠠᠢ ᠠᠵᠢᠯᠯᠠᠵᠦ᠂ ᠤᠯᠤᠰ᠎ᠤᠨ ᠨᠡᠭᠦᠳᠡᠯ ᠠᠷᠠᠳ᠎ᠤᠨ ᠬᠠᠮᠢᠶᠠᠷᠤᠯᠲᠠ᠎ᠶ᠋ᠢᠨ ᠲᠣᠪᠴᠢᠶ᠎ᠠ᠎ᠶ᠋ᠢᠨ ᠲᠥᠷᠥ᠎ᠶ᠋ᠢᠨ ᠪᠤᠳᠤᠯᠭ᠎ᠠ᠎ᠶ᠋ᠢᠨ ᠳᠡᠮᠵᠢᠯᠭᠡ᠎ᠶ᠋ᠢ ᠢᠳᠡᠪᠬᠢᠳᠠᠢ ᠭᠤᠶᠤᠴᠢᠯᠠᠨ᠂ ᠬᠢᠯᠢ ᠵᠢᠨ ᠪᠤᠭᠤᠮᠳᠠ ᠵᠢᠨ ᠤᠬᠤᠷ ᠵᠠᠢ ᠳ᠋ᠤ ᠲᠡᠬᠦᠵᠢᠯᠡᠨ ᠲᠡᠬᠡᠬᠡᠪᠦᠷᠢᠯᠡᠵᠤ ᠪᠣᠭᠤᠮᠲᠠ ᠥᠩᠭᠡᠷᠡᠬᠦ ᠠᠵᠢᠯᠯᠠᠬᠤ ᠵᠠᠭᠪᠤᠷ᠎ᠢ ᠬᠡᠷᠡᠭᠵᠢᠭᠦᠯᠬᠦ᠎ᠶ᠋ᠢ ᠠᠬᠢᠭᠤᠯᠵᠤ᠂ ᠪᠣᠭᠤᠮᠲᠠ ᠥᠩᠭᠡᠷᠡᠬᠦ ᠴᠠᠭ᠎ᠢ ᠲᠦᠷ ᠴᠠᠭ ᠤᠷᠲᠤᠳᠬᠠᠵᠤ᠂︽ᠬᠦᠷᠦᠯᠴᠡᠬᠦ ᠦᠭᠡᠢ︾᠎ᠪᠡᠷ ᠪᠠᠶ᠋ᠢᠴᠠᠭᠠᠨ ᠰᠢᠯᠭᠠᠬᠤ᠂ ᠬᠦᠮᠦᠨ ᠪᠤᠯᠤᠨ ᠦᠨᠡᠮᠯᠡᠯ᠎ᠢ ᠠᠯᠤᠰ᠎ᠠᠴᠠ ᠬᠢᠨᠠᠨ ᠰᠢᠯᠭᠠᠬᠤ ᠵᠡᠷᠭᠡ ᠠᠯᠢ ᠣᠯᠠᠨ ᠪᠦᠳᠦᠮᠵᠢᠳᠠᠢ ᠠᠷᠭ᠎ᠠ ᠬᠡᠮᠵᠢᠶ᠎ᠡ ᠠᠪᠤᠭᠰᠠᠨᠵᠢᠡᠷ ᠬᠢᠵᠢᠭ ᠬᠠᠯᠳᠠᠪᠤᠷᠢᠯᠠᠬᠤ ᠲᠦᠭᠰᠢᠭᠦᠷᠢ᠎ᠶ᠋ᠢ ᠪᠠᠭᠠᠰᠬᠠᠨ᠂ ᠠᠮᠤᠷ ᠲᠦᠪᠰᠢᠨ ᠪᠠᠢᠬᠤ ᠵᠢ ᠪᠠᠳᠤᠯᠠᠬᠰᠠᠨ ᠪᠠᠢᠨ᠎ᠠ᠃
10 ᠰᠠᠷ᠎ᠠ᠎ᠶ᠋ᠢᠨ 20 ᠤ᠋ ᠡᠳᠦᠷ ᠪᠣᠯᠲᠠᠯ᠎ᠠ᠂ ᠲᠣᠰ ᠥᠷᠲᠡᠭᠡ ᠨᠡᠶ᠋ᠢᠳᠠ 67134 ᠬᠥᠮᠦᠨ ᠤᠳᠠᠭ᠎ᠠ ᠵᠢᠨ ᠬᠢᠯᠢ᠎ᠪᠠᠷ ᠣᠷᠣᠵᠤ ᠭᠠᠷᠤᠭᠰᠠᠳᠪᠤᠯᠤᠨ 66812 ᠮᠠᠰᠢᠨ ᠲᠡᠷᠭᠡ᠎ᠶ᠋ᠢ ᠰᠢᠯᠭᠠᠨ ᠪᠠᠢᠴᠠᠭᠠᠵᠦ᠂ ᠠᠳᠠᠯᠢ ᠬᠤᠭᠤᠴᠠᠭᠠᠨ᠎ᠤ᠎ᠬᠢ᠎ᠠᠴᠠ ᠲᠣᠰ ᠪᠤᠶ᠋ᠷᠢ 105.6% ᠪᠠ 110.9%᠎ᠪᠠᠷ ᠨᠡᠮᠡᠭᠳᠡᠨ᠂ ᠶᠡᠷᠦᠩᠬᠡᠶ ᠪᠠᠷᠠᠭ᠎ᠠ ᠦᠩᠬᠡᠷᠡᠭᠦᠯᠦᠭᠰᠡᠨ ᠬᠡᠮᠵᠢᠶ᠎ᠡ ᠨᠢ 222.8 ᠲᠦᠮᠡᠨ ᠲᠣᠨ᠎ᠳᠤ ᠬᠦᠷᠴᠦ᠂ ᠠᠳᠠᠯᠢ ᠬᠤᠭᠤᠴᠠᠭᠠᠨ᠎ᠤ᠎ᠬᠢ᠎ᠠᠴᠠ 50% ᠡᠴᠡ ᠲᠡᠭᠡᠭᠰᠢ ᠨᠡᠮᠡᠭᠳᠡᠵᠦ᠂ ᠴᠦᠮ ᠲᠡᠤᠬᠡ᠎ᠶ᠋ᠢᠨ ᠰᠢᠨ᠎ᠡ ᠳᠡᠮᠳᠡᠭᠯᠡᠯ᠎ᠢ ᠡᠭᠦᠳᠦᠭᠰᠡᠨ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃