ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠮᠡᠳᠡᠭᠡᠯᠡᠯ

2022-11-08 20:30:14

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ᠎ᠤ᠋ ᠠᠷᠠᠳ᠎ᠤ᠋ᠨ ᠶᠠᠪᠤᠳᠠᠯ᠎ᠤ᠋ᠨ ᠲᠢᠩᠬᠢᠮ᠎ᠡᠴᠡ ᠣᠢᠯᠠᠭᠠᠭᠰᠠᠨ᠎ᠢ᠋ᠶ᠋ᠠᠷ᠂ ᠬᠢᠵᠢᠭ ᠎ᠦ᠋ᠨ ᠪᠠᠢᠳᠠᠯ᠎ᠢ᠋ ᠰᠡᠷᠭᠡᠢᠯᠡᠨ ᠡᠵᠡᠮᠳᠡᠬᠦ ᠬᠤᠭᠤᠴᠠᠭᠠᠨ ᠎ᠳ᠋ᠠᠬᠢ ᠨᠠᠭᠠᠳᠤ ᠵᠠᠬ᠎ᠠ᠎ᠶ᠋ᠢᠨ ᠠᠮᠢᠳᠤᠷᠠᠯ᠎ᠤ᠋ᠨ ᠪᠠᠲᠤᠯᠠᠭ᠎ᠠ ᠬᠦᠷᠲᠡᠬᠦ ᠡᠷᠦᠬᠡ᠂ ᠣᠨᠴᠠ ᠬᠦᠴᠢᠷᠳᠡᠯᠲᠡᠢ ᠬᠥᠮᠦᠰ᠂ ᠶᠠᠳᠠᠭᠤ ᠬᠦᠴᠢᠷᠳᠡᠯᠲᠡᠢ ᠨᠠᠰᠤᠲᠠᠢᠴᠤᠳ᠂ ᠭᠠᠭᠴᠠᠭᠠᠷ ᠰᠠᠭᠤᠵᠤ ᠪᠠᠢᠭ᠎ᠠ ᠨᠠᠰᠤᠲᠠᠢᠴᠤᠳ᠂ ᠵᠡᠮᠳᠡᠭᠴᠦᠳ ᠵᠡᠷᠭᠡ ᠣᠨᠴᠠᠭᠠᠢ ᠬᠦᠴᠢᠷᠳᠡᠯ᠎ᠲᠡᠢ ᠣᠯᠠᠨ ᠲᠦᠮᠡᠨ᠎ᠳ᠋ᠦ᠍ ᠴᠠᠭ ᠲᠤᠬᠠᠢ᠎ᠳ᠋ᠤᠨᠢ ᠲᠤᠰᠠᠯᠠᠮᠵᠢ ᠬᠦᠷᠲᠡᠭᠡᠬᠦ᠎ᠶ᠋ᠢ ᠪᠠᠲᠤᠯᠠᠬᠤ᠎ᠶ᠋ᠢᠨ ᠲᠥᠯᠥᠭᠡ᠂ ᠣᠢᠷ᠎ᠠ᠎ᠳ᠋ᠤ᠌ ᠮᠠᠨ᠎ᠤ᠋ ᠣᠷᠣᠨ᠎ᠤ᠋ ᠭᠤᠷᠪᠠᠨ ᠱᠠᠲᠤᠨ᠎ᠤ᠋ ᠠᠷᠠᠳ᠎ᠤ᠋ᠨ ᠶᠠᠪᠤᠳᠠᠯ᠎ᠤ᠋ᠨ ᠰᠠᠯᠠᠭ᠎ᠠ ᠮᠥᠴᠢᠷ ᠰᠣᠨᠢᠨ ᠰᠡᠳᠬᠦᠯ᠂ ᠰᠦᠯᠵᠢᠶ᠎ᠡ᠂ ᠨᠡᠢᠭᠡᠮ ᠲᠣᠭᠣᠷᠢᠭ᠎ᠤ᠋ᠨ ᠵᠠᠷᠯᠠᠯ᠎ᠤᠨ ᠰᠠᠮᠪᠠᠷ᠎ᠠ᠂ ᠶᠠᠳᠠᠭᠤ ᠬᠦᠴᠢᠷᠳᠡᠯᠲᠡᠢ ᠣᠯᠠᠨ ᠲᠦᠮᠡᠨ᠎ᠦ᠌ ᠵᠢᠷᠭᠢᠶ᠎ᠡ ᠵᠢᠨ ᠲᠤᠭᠤᠷᠢᠭ ᠵᠡᠷᠭᠡ ᠲᠠᠪᠴᠠᠩ᠎ᠢ᠋ᠶ᠋ᠠᠷ ᠳᠠᠮᠵᠢᠨ᠂ ᠡᠯ᠎ᠡ ᠵᠦᠢᠯ᠎ᠦ᠋ᠨ ᠠᠪᠤᠷᠠᠨ ᠲᠤᠰᠠᠯᠠᠬᠤ ᠲᠥᠷᠥ᠎ᠶ᠋ᠢᠨ ᠪᠣᠳᠣᠯᠭ᠎ᠠ᠂ ᠠᠪᠤᠷᠠᠨ ᠲᠤᠰᠠᠯᠠᠬᠤ ᠠᠷᠭ᠎ᠠ ᠵᠠᠮ᠎ᠢ᠋ ᠢᠯᠡ ᠨᠡᠢᠲᠡᠯᠡᠵᠦ᠂ ᠠᠪᠤᠷᠠᠨ ᠲᠤᠰᠠᠯᠠᠬᠤ ᠰᠠᠯᠠᠭ᠎ᠠ ᠮᠥᠴᠢᠷ᠎ᠦ᠋ᠨ ᠠᠵᠢᠯᠲᠠᠨ᠎ᠤ᠋ ᠭᠠᠷ ᠤᠲᠠᠰᠤᠨ᠎ᠤ᠋ ᠨᠣᠮᠧᠷ᠎ᠢ᠋ ᠠᠪᠤᠷᠠᠨ ᠲᠤᠰᠠᠯᠠᠬᠤ ᠬᠠᠯᠠᠮᠰᠢᠯ ᠤᠲᠠᠰᠤ ᠪᠤᠯᠭᠠᠨ ᠨᠡᠮᠡᠵᠦ ᠲᠤᠬᠢᠷᠠᠭᠤᠯᠪᠠ᠃

ᠣᠢᠯᠠᠭᠠᠭᠰᠠᠨ᠎ᠢ᠋ᠶ᠋ᠠᠷ᠂ ᠳᠠᠷᠠᠭᠠᠬᠢ ᠨᠥᠬᠥᠴᠡᠯ᠎ᠳ᠋ᠦ᠍ ᠨᠡᠢᠴᠡᠬᠦ ᠣᠨᠴᠠᠭᠠᠢ ᠬᠦᠴᠢᠷᠳᠡᠯᠲᠡᠢ ᠣᠯᠠᠨ ᠲᠦᠮᠡᠨ ᠪᠦᠷ ᠲᠤᠰᠠᠯᠠᠮᠵᠢ ᠬᠦᠷᠲᠡᠵᠦ ᠪᠣᠯᠤᠨ᠎ᠠ᠄ ᠨᠢᠭᠡ᠎ᠳ᠋ᠦ᠍᠂ ᠭᠡᠷ ᠪᠦᠯᠢ᠎ᠶ᠋ᠢᠨ ᠬᠥᠮᠦᠨ ᠪᠦᠷᠢ᠎ᠶ᠋ᠢᠨ ᠳᠤᠮᠳᠠᠴᠢ ᠣᠷᠣᠯᠭ᠎ᠠ ᠨᠢ ᠲᠤᠬᠠᠢ᠎ᠶ᠋ᠢᠨ ᠭᠠᠵᠠᠷ᠎ᠤ᠋ᠨ ᠨᠠᠭᠠᠳᠤ ᠵᠠᠬ᠎ᠠ᠎ᠶ᠋ᠢᠨ ᠪᠠᠲᠤᠯᠠᠭ᠎ᠠ᠎ᠶ᠋ᠢᠨ ᠪᠠᠷᠢᠮᠵᠢᠶ᠎ᠠ ᠡᠴᠡ ᠳᠣᠣᠷ᠎ᠠ ᠪᠥᠭᠡᠳ ᠲᠤᠬᠠᠢ᠎ᠶ᠋ᠢᠨ ᠭᠠᠵᠠᠷ᠎ᠤ᠋ᠨ ᠨᠠᠭᠠᠳᠤ ᠵᠠᠬ᠎ᠠ᠎ᠶ᠋ᠢᠨ ᠪᠠᠲᠤᠯᠠᠭ᠎ᠠ᠎ᠶ᠋ᠢᠨ ᠭᠡᠷ ᠪᠦᠯᠢ᠎ᠶ᠋ᠢᠨ ᠡᠳ᠋ ᠬᠥᠷᠥᠩᠭᠡ᠎ᠶ᠋ᠢᠨ ᠪᠠᠢᠳᠠᠯ᠎ᠤ᠋ᠨ ᠲᠣᠭᠲᠠᠭᠠᠯ᠎ᠳ᠋ᠤ᠌ ᠨᠡᠢᠴᠡᠪᠡᠯ ᠂ ᠨᠠᠭᠠᠳᠤ ᠵᠠᠬ᠎ᠠ᠎ᠶ᠋ᠢᠨ ᠪᠠᠲᠤᠯᠠᠭ᠎ᠠ ᠬᠦᠷᠲᠡᠬᠦ᠎ᠪᠡᠷ ᠭᠤᠶᠤᠴᠢᠯᠠᠵᠤ ᠪᠣᠯᠤᠨ᠎ᠠ᠃ ᠬᠣᠶᠠᠷ᠎ᠲᠤ᠌᠂ ᠬᠥᠳᠡᠯᠮᠦᠷᠢᠯᠡᠬᠦ ᠴᠢᠳᠠᠪᠤᠷᠢ ᠦᠭᠡᠢ᠂ ᠠᠮᠢᠳᠤᠷᠠᠯ᠎ᠤ᠋ᠨ ᠢᠷᠡᠯᠲᠡ ᠦᠭᠡᠢ ᠮᠥᠷᠲᠡᠭᠡᠨ ᠬᠠᠤᠯᠢ᠎ᠳ᠋ᠤ᠌ ᠲᠣᠭᠲᠠᠭᠠᠭᠰᠠᠨ ᠠᠴᠢᠯᠠᠨ ᠲᠡᠵᠢᠭᠡᠬᠦ᠂ ᠠᠰᠠᠷᠠᠨ ᠲᠡᠵᠢᠭᠡᠬᠦ᠂ ᠲᠡᠳᠬᠦᠨ ᠲᠡᠵᠢᠭᠡᠬᠦ ᠡᠭᠦᠷᠭᠡ᠎ᠲᠡᠢ ᠬᠥᠮᠦᠨ ᠦᠭᠡᠢ᠂ ᠡᠰᠡᠬᠦᠯ᠎ᠡ ᠬᠠᠤᠯᠢ᠎ᠳ᠋ᠤ᠌ ᠲᠣᠭᠲᠠᠭᠠᠭᠰᠠᠨ ᠡᠭᠦᠷᠭᠡ᠎ᠲᠡᠢ ᠬᠥᠮᠦᠨ ᠨᠢ ᠡᠭᠦᠷᠭᠡ ᠭᠦᠢᠴᠡᠳᠬᠡᠬᠦ ᠴᠢᠳᠠᠪᠤᠷᠢ ᠦᠭᠡᠢ ᠨᠠᠰᠤᠲᠠᠨ᠂ ᠵᠡᠮᠳᠡᠭᠴᠦᠳ ᠵᠢᠴᠢ ᠪᠦᠬᠦᠯᠢ 16 ᠨᠠᠰᠤ ᠬᠦᠷᠦᠭᠡᠳᠦᠢ ᠨᠠᠰᠤᠨ᠎ᠳ᠋ᠤ᠌ ᠦᠯᠦ ᠬᠦᠷᠦᠭᠰᠡᠳ ᠪᠤᠯ ᠣᠨᠴᠠ ᠬᠦᠴᠢᠷᠳᠡᠯᠲᠡᠢ ᠬᠥᠮᠦᠰ᠎ᠦ᠋ᠨ ᠠᠪᠤᠷᠠᠨ ᠲᠤᠰᠠᠯᠠᠮᠵᠢ᠎ᠶ᠋ᠢ ᠬᠦᠷᠲᠡᠬᠦ᠎ᠪᠡᠷ ᠭᠤᠶᠤᠴᠢᠯᠠᠵᠤ ᠪᠣᠯᠤᠨ᠎ᠠ᠃ ᠭᠤᠷᠪᠠ᠎ᠳ᠋ᠤ᠌᠂ ᠭᠡᠨᠡᠳᠲᠡ᠎ᠶ᠋ᠢᠨ ᠬᠡᠷᠡᠭ᠂ ᠰᠠᠨᠠᠭᠠᠨ᠎ᠳ᠋ᠤ᠌ ᠥᠬᠡᠢ ᠭᠡᠮᠲᠦᠯ᠂ ᠬᠦᠨᠳᠦ ᠶᠡᠬᠡ ᠡᠪᠡᠳᠴᠢᠨ ᠡᠮᠭᠡᠭ ᠪᠤᠶᠤ ᠪᠤᠰᠤᠳ ᠣᠨᠴᠠᠭᠠᠢ ᠰᠢᠯᠲᠠᠭᠠᠨ᠎ᠠ᠋ᠴᠠ ᠪᠣᠯᠵᠤ ᠦᠨᠳᠦᠰᠦᠨ ᠠᠮᠢᠳᠤᠷᠠᠯ ᠨᠢ ᠬᠦᠴᠢᠷᠳᠡᠯ᠎ᠳ᠋ᠦ᠍ ᠤᠴᠠᠷᠠᠭᠰᠠᠨ ᠪᠣᠯ ᠲᠦᠷ ᠴᠠᠭ ᠠᠪᠤᠷᠠᠨ ᠲᠤᠰᠠᠯᠠᠬᠤ᠎ᠶ᠋ᠢ ᠭᠤᠶᠤᠴᠢᠯᠠᠵᠤ ᠪᠣᠯᠤᠨ᠎ᠠ᠃

ᠬᠢᠵᠢᠭ᠎ᠦ᠋ᠨ ᠪᠠᠢᠳᠠᠯ᠎ᠢ᠋ ᠰᠡᠷᠭᠡᠢᠯᠡᠨ ᠡᠵᠡᠮᠳᠡᠬᠦ ᠬᠤᠭᠤᠴᠠᠭᠠᠨ᠎ᠳ᠋ᠤ᠌᠂ ᠳᠣᠣᠷᠠᠬᠢ 3 ᠲᠥᠷᠥᠯ᠎ᠦ᠋ᠨ ᠬᠥᠮᠦᠰ ᠪᠠᠰᠠ ᠡᠷᠦᠬᠡ ᠠᠮᠠ᠎ᠶ᠋ᠢᠨ ᠪᠠᠢᠭ᠎ᠠ ᠭᠠᠵᠠᠷ᠂ ᠪᠠᠢᠩᠭᠤ ᠰᠠᠭᠤᠭ᠎ᠠ ᠭᠠᠵᠠᠷ ᠪᠤᠶᠤ ᠪᠠᠴᠢᠮ ᠪᠠᠢᠳᠠᠯ ᠭᠠᠷᠤᠭᠰᠠᠨ ᠭᠠᠵᠠᠷ᠎ᠲᠤ᠌ ᠨᠢᠭᠡ ᠯᠡ ᠤᠳᠠᠭ᠎ᠠ᠎ᠶ᠋ᠢᠨ ᠴᠢᠨᠠᠷᠲᠠᠢ ᠲᠦᠷ ᠴᠠᠭ᠎ᠤ᠋ᠨ ᠠᠪᠤᠷᠠᠨ ᠲᠤᠰᠠᠯᠠᠬᠤ ᠮᠥᠩᠭᠥ ᠭᠤᠶᠤᠴᠢᠯᠠᠵᠤ ᠪᠣᠯᠤᠨ᠎ᠠ᠄ ᠬᠢᠵᠢᠭ᠎ᠦ᠋ᠨ ᠪᠠᠢᠳᠠᠯ᠎ᠤ᠋ᠨ ᠨᠥᠯᠥᠭᠡ᠎ᠪᠡᠷ᠂ ᠠᠵᠢᠯ᠎ᠤ᠋ᠨ ᠪᠠᠢᠷᠢ᠎ᠳ᠋ᠠᠭᠠᠨ ᠪᠤᠴᠠᠵᠤ ᠠᠵᠢᠯ᠎ᠢ᠋ᠶ᠋ᠠᠨ ᠰᠡᠷᠭᠦᠭᠡᠵᠦ ᠳᠡᠢᠯᠬᠦ ᠥᠬᠡᠢ᠂ ᠦᠷᠭᠦᠯᠵᠢᠯᠡᠨ ᠭᠤᠷᠪᠠᠨ ᠰᠠᠷ᠎ᠠ ᠣᠷᠣᠯᠭ᠎ᠠ ᠥᠬᠡᠢ᠂ ᠠᠮᠢᠳᠤᠷᠠᠯ ᠨᠢ ᠬᠦᠴᠢᠷᠳᠡᠯᠲᠡᠢ ᠮᠥᠷᠲᠡᠭᠡᠨ ᠠᠵᠢᠯ ᠠᠯᠳᠠᠯᠲᠠ᠎ᠶ᠋ᠢᠨ ᠳᠠᠭᠠᠳᠬᠠᠯ᠎ᠤ᠋ᠨ ᠲᠥᠷᠥ᠎ᠶ᠋ᠢᠨ ᠪᠣᠳᠣᠯᠭ᠎ᠠ ᠳ᠋ᠤ ᠬᠠᠮᠤᠷᠤᠭᠳᠠᠭᠰᠠᠨ ᠥᠬᠡᠢ ᠬᠦᠯᠦᠰᠦᠨ ᠲᠠᠷᠢᠶᠠᠴᠢᠳ ᠵᠡᠷᠭᠡ ᠳᠠᠭᠠᠳᠬᠠᠯ᠎ᠳ᠋ᠤ᠌ ᠣᠷᠣᠵᠤ ᠳᠡᠢᠯᠦᠭᠰᠡᠨ ᠦᠭᠡᠢ ᠠᠵᠢᠯ ᠠᠯᠳᠠᠭᠰᠠᠳ᠂ ᠨᠠᠭᠠᠳᠤ ᠵᠠᠬ᠎ᠠ᠎ᠶ᠋ᠢᠨ ᠪᠠᠲᠤᠯᠠᠭ᠎ᠠ᠎ᠶ᠋ᠢᠨ ᠬᠡᠪᠴᠢᠶᠡᠨ᠎ᠳ᠋ᠦ᠍ ᠪᠠᠭᠲᠠᠭᠰᠠᠨ ᠥᠬᠡᠢ ᠬᠦᠮᠦᠰ︔ ᠬᠢᠵᠢᠭ᠎ᠦ᠋ᠨ ᠨᠥᠯᠥᠭᠡ᠎ᠡᠴᠡ ᠪᠣᠯᠵᠤ ᠲᠦᠷ ᠠᠵᠢᠯ ᠣᠯᠤᠭᠠᠳᠤᠢ᠂ ᠦᠨᠳᠦᠰᠦᠨ ᠠᠮᠢᠳᠤᠷᠠᠯ ᠨᠢ ᠬᠦᠴᠢᠷᠳᠡᠯ᠎ᠳ᠋ᠦ᠍ ᠲᠤᠯᠭᠠᠷᠠᠭᠰᠠᠨ ᠶᠡᠬᠡ ᠰᠤᠷᠭᠠᠭᠤᠯᠢ᠎ᠶ᠋ᠢᠨ ᠣᠶᠤᠲᠠᠨ ᠵᠢᠴᠢ ᠬᠢᠵᠢᠭ᠎ᠦ᠋ᠨ ᠪᠠᠢᠳᠠᠯ᠎ᠠ᠋ᠴᠠ ᠪᠣᠯᠵᠤ ᠦᠨᠳᠦᠰᠦᠨ ᠠᠮᠢᠳᠤᠷᠠᠯ᠎ᠨᠢ ᠪᠡᠷᠬᠡ ᠪᠠᠢᠳᠠᠯ᠎ᠳ᠋ᠤ᠌ ᠣᠷᠣᠭᠰᠠᠨ ᠪᠤᠰᠤᠳ ᠭᠡᠷ ᠪᠦᠯᠢ ᠪᠤᠶᠤ ᠬᠤᠪᠢ ᠬᠥᠮᠦᠨ︔ ᠬᠢᠵᠢᠭ᠎ᠦ᠋ᠨ ᠪᠠᠢᠳᠠᠯ ᠡᠴᠡ ᠪᠣᠯᠵᠤ ᠲᠦᠷ ᠴᠠᠭ ᠬᠠᠰᠢᠭᠳᠠᠭᠰᠠᠨ ᠬᠥᠮᠦᠰ ᠪᠠᠴᠢᠮ ᠪᠠᠢᠳᠠᠯ ᠭᠠᠷᠤᠭᠰᠠᠨ ᠲᠤᠬᠠᠢ ᠵᠢᠨ ᠭᠠᠵᠠᠷ᠎ᠲᠤ᠌ ᠪᠠᠨ ᠲᠦᠷ ᠴᠠᠭ ᠠᠪᠤᠷᠠᠨ ᠲᠤᠰᠠᠯᠠᠬᠤ ᠮᠥᠩᠭᠥ ᠪᠤᠶᠤ ᠡᠳ᠋ ᠪᠣᠳᠠᠰ᠎ᠤ᠋ᠨ ᠠᠪᠤᠷᠠᠨ ᠲᠤᠰᠠᠯᠠᠯᠲᠠ ᠬᠦᠷᠲᠡᠬᠦ᠎ᠪᠡᠷ ᠭᠤᠶᠤᠴᠢᠯᠠᠵᠤ ᠪᠣᠯᠤᠨ᠎ᠠ᠃ ᠡᠭᠦᠨ᠎ᠡᠴᠡ ᠭᠠᠳᠠᠨ᠎ᠠ᠂ ᠬᠢᠵᠢᠭ᠎ᠢ᠋ ᠰᠡᠷᠭᠡᠢᠯᠡᠨ ᠡᠵᠡᠮᠳᠡᠬᠦ ᠬᠤᠭᠤᠴᠠᠭᠠᠨ᠎ᠳ᠋ᠤ᠌ ᠠᠮᠢᠳᠤᠷᠠᠯ᠎ᠢ᠋ᠶ᠋ᠠᠨ ᠥᠪᠡᠷ᠎ᠢ᠋ᠶ᠋ᠡᠨ ᠠᠷᠭᠠᠴᠠᠭᠠᠵᠤ ᠳᠡᠢᠯᠬᠦ ᠦᠭᠡᠢ ᠣᠨᠴᠠ ᠬᠦᠴᠢᠷᠳᠡᠯᠲᠡᠢ ᠨᠠᠰᠤᠲᠠᠢᠴᠤᠳ᠂ ᠭᠡᠷ ᠲᠡᠭᠡᠨ ᠲᠤᠰᠠᠭᠠᠷᠯᠠᠭᠳᠠᠵᠤ ᠪᠠᠢᠭ᠎ᠠ ᠭᠠᠭᠴᠠᠭᠠᠷ ᠰᠠᠭᠤᠭ᠎ᠠ ᠨᠠᠰᠤᠲᠠᠢᠴᠤᠳ᠂ ᠭᠡᠷ ᠪᠦᠯᠢ᠎ᠶ᠋ᠢᠨ ᠬᠥᠮᠦᠰ᠎ᠢ᠋ ᠨᠢ ᠲᠤᠰᠠᠭᠠᠷᠯᠠᠨ ᠡᠮᠨᠡᠵᠦ ᠰᠤᠪᠢᠯᠠᠬᠤ ᠬᠥᠮᠦᠨ ᠦᠭᠡᠢ ᠪᠤᠯᠤᠭᠰᠠᠨ ᠨᠠᠰᠤᠲᠠᠨ᠂ ᠬᠠᠷᠠᠭᠠᠯᠵᠠᠬᠤ ᠬᠥᠮᠦᠨ ᠦᠭᠡᠢ ᠭᠡᠷ᠎ᠢ᠋ᠶ᠋ᠡᠨ ᠰᠠᠬᠢᠭᠰᠠᠨ (᠎ᠭᠡᠷ᠎ᠲᠡᠭᠡᠨ ᠬᠣᠴᠣᠷᠤᠭᠰᠠᠨ) ᠨᠠᠰᠤᠲᠠᠢᠴᠤᠳ ᠵᠡᠷᠭᠡ ᠎ᠳ᠋ᠦ᠍ ᠬᠠᠯᠠᠮᠵᠢ ᠳᠡᠮᠵᠢᠯᠭᠡ ᠪᠤᠶᠤ ᠡᠳ᠋ ᠪᠣᠳᠠᠰ᠎ᠤ᠋ᠨ ᠲᠤᠰᠠᠯᠠᠮᠵᠢ ᠦᠵᠡᠭᠦᠯᠵᠦ ᠪᠣᠯᠤᠨ᠎ᠠ᠃

( ᠢᠷᠡᠯᠲᠡ ᠄ ᠲᠠᠯ᠎ᠠ ᠨᠤᠲᠤᠭ ᠪᠦᠷᠢᠨ ᠵᠠᠭᠤᠴᠢᠯᠠᠭᠤᠷ )

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠠᠨᠠᠷ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面