ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠮᠡᠳᠡᠭᠡᠯᠡᠯ

2022-11-10 19:51:14

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

11 ᠰᠠᠷ᠎ᠠ᠎ᠶᠢᠨ 10᠎ᠤ ᠡᠳᠦᠷ ᠬᠤᠷᠠᠯᠳᠤᠭᠤᠯᠤᠭᠰᠠᠨ ᠬᠥᠬᠡᠬᠣᠲᠠ᠎ᠶᠢᠨ ᠬᠢᠵᠢᠭ᠌᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠠᠵᠢᠯ᠎ᠤᠨ ᠰᠣᠨᠢᠨ ᠮᠡᠳᠡᠭᠡ ᠨᠡᠢᠲᠡᠯᠡᠬᠦ ᠬᠤᠷᠠᠯ(71 ᠳ᠋ᠤᠭᠡᠷ ᠲᠠᠯᠠᠪᠠᠢ) ᠳᠡᠭᠡᠷ᠎ᠡ᠂ ᠬᠥᠬᠡᠬᠣᠲᠠ᠎ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶᠢᠨ ᠲᠣᠪᠴᠢᠶ᠎ᠠ᠎ᠶᠢᠨ ᠳᠥᠷᠪᠡᠳᠦᠭᠡᠷ ᠳᠡᠰ᠎ᠤᠨ ᠪᠠᠢᠴᠠᠭᠠᠨ ᠰᠤᠳᠤᠯᠤᠭ᠍ᠴᠢ ᠯᠢᠶᠠᠩ ᠰᠧ ᠴᠢᠶᠠᠩ ᠬᠥᠬᠡᠬᠣᠲᠠ᠎ᠶᠢᠨ ᠠᠵᠤ ᠠᠬᠤᠢᠯᠠᠯ᠎ᠤᠨ ᠠᠵᠢᠯ ᠦᠢᠯᠡᠳᠪᠦᠷᠢᠯᠡᠯ᠎ᠢᠶᠡᠨ ᠰᠡᠷᠭᠦᠭᠡᠬᠦ᠎ᠳᠦ ᠬᠦᠴᠦᠨ ᠨᠡᠮᠡᠷᠢᠯᠡᠬᠦ ᠠᠷᠭ᠎ᠠ ᠬᠡᠮᠵᠢᠶ᠎ᠡ᠎ᠶᠢ ᠵᠠᠷᠯᠠᠨ ᠮᠡᠳᠡᠭᠳᠡᠪᠡ᠃

ᠯᠢᠶᠠᠩ ᠰᠧ ᠴᠢᠶᠠᠩ ᠬᠡᠯᠡᠬᠦ᠎ᠳᠡᠭᠡᠨ᠂ ᠬᠢᠵᠢᠭ᠌᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠪᠠ ᠠᠵᠤ ᠦᠢᠯᠡᠳᠪᠦᠷᠢ᠎ᠶᠢᠨ ᠦᠢᠯᠡᠳᠪᠦᠷᠢᠯᠡᠯ᠎ᠢ ᠨᠢᠭᠡᠳᠦᠯᠲᠡᠢ ᠲᠥᠯᠥᠪᠵᠢᠭᠦᠯᠦᠨ ᠰᠠᠢᠲᠤᠷ ᠠᠳᠬᠤᠵᠤ᠂ ᠠᠵᠤ ᠠᠬᠤᠢᠯᠠᠯ ᠢᠯᠠᠩᠭᠤᠶ᠎ᠠ ᠦᠢᠯᠡᠳᠪᠦᠷᠢᠯᠡᠯ ᠨᠢ ᠵᠣᠭᠰᠣᠭᠰᠠᠨ ᠪᠠ ᠬᠠᠭᠠᠰ ᠵᠣᠭᠰᠣᠭᠰᠠᠨ ᠠᠵᠤ ᠠᠬᠤᠢᠯᠠᠯ᠎ᠢ ᠬᠠᠪᠰᠤᠷᠤᠨ ᠬᠡᠪ᠎ᠦᠨ ᠦᠢᠯᠡᠳᠪᠦᠷᠢᠯᠡᠯ᠎ᠢ ᠨᠢ ᠰᠡᠷᠭᠦᠭᠡᠵᠦ᠂ ᠠᠵᠤ ᠦᠢᠯᠡᠳᠪᠦᠷᠢ᠎ᠶᠢᠨ ᠠᠵᠤ ᠠᠬᠤᠢ᠎ᠶᠢᠨ ᠲᠣᠭᠲᠠᠭᠤᠨ᠎ᠢᠶᠠᠷ ᠠᠵᠢᠯᠯᠠᠬᠤ᠎ᠶᠢ ᠪᠠᠲᠤᠯᠠᠬᠤ᠎ᠶᠢᠨ ᠲᠥᠯᠥᠭᠡ 8 ᠵᠦᠢᠯ᠎ᠦᠨ ᠪᠣᠳᠠᠲᠠᠢ ᠠᠷᠭ᠎ᠠ ᠬᠡᠮᠵᠢᠶ᠎ᠡ᠎ᠶᠢ ᠰᠤᠳᠤᠯᠤᠨ ᠲᠣᠭᠲᠠᠭᠠᠵᠤ᠂ ᠠᠵᠢᠯᠲᠠᠨ᠎ᠤ ᠠᠵᠢᠯ᠎ᠤᠨ ᠪᠠᠢᠷᠢ᠎ᠳᠠᠭᠠᠨ ᠪᠤᠴᠠᠬᠤ᠂ ᠪᠡᠯᠡ ᠮᠥᠩᠭᠥ ᠳᠤᠲᠠᠭᠳᠠᠬᠤ᠂ ᠪᠠᠷᠠᠭᠠᠨ᠎ᠤ ᠭᠦᠢᠯᠭᠡᠭᠡᠨ᠎ᠦ ᠲᠡᠭᠡᠭᠡᠪᠦᠷᠢ᠂ ᠬᠦᠴᠦᠨ ᠵᠦᠢᠯ᠎ᠦᠨ ᠪᠠᠲᠤᠯᠠᠭ᠎ᠠ ᠵᠡᠷᠭᠡ ᠨᠡᠢᠲᠡᠯᠢᠭ ᠴᠢᠨᠠᠷᠲᠠᠢ ᠠᠰᠠᠭᠤᠳᠠᠯ᠎ᠢ ᠭᠣᠣᠯᠳᠠᠯᠭ᠎ᠠ᠎ᠲᠠᠢ ᠰᠢᠢᠳᠪᠦᠷᠢᠯᠡᠨ᠎ᠠ ᠭᠡᠵᠡᠢ᠃

ᠨᠢᠭᠡ᠎ᠳᠦ᠂ ᠦᠢᠯᠡᠳᠪᠦᠷᠢᠯᠡᠯ᠎ᠦᠨ ᠡᠳ᠋ ᠪᠠᠷᠠᠭᠠᠨ᠎ᠤ ᠲᠡᠭᠡᠭᠡᠪᠦᠷᠢ᠎ᠵᠢ ᠰᠠᠭᠠᠳ ᠦᠭᠡᠢ ᠨᠠᠪᠲᠠᠷᠡᠭᠦᠯᠵᠦ᠂ ᠠᠵᠤ ᠦᠢᠯᠡᠳᠪᠦᠷᠢ᠎ᠶᠢᠨ ᠠᠵᠤ ᠠᠬᠤᠢᠯᠠᠯ᠎ᠤᠨ ᠪᠠᠷᠠᠭᠠᠨ᠎ᠤ ᠲᠡᠷᠭᠡ ᠬᠥᠰᠬᠡ᠎ᠶᠢᠨ ᠨᠡᠪᠲᠡᠷᠡᠬᠦ ᠦᠨᠡᠮᠯᠡᠯ᠎ᠢ ᠭᠤᠶᠤᠴᠢᠯᠠᠨ ᠠᠪᠬᠤ ᠪᠠ ᠣᠯᠭᠣᠬᠤ ᠠᠵᠢᠯ᠎ᠢ ᠰᠠᠢᠲᠤᠷ ᠬᠢᠵᠦ᠂ ᠠᠵᠤ ᠠᠬᠤᠢᠯᠠᠯ᠎ᠤᠨ ᠳᠤᠷᠠᠳᠤᠭᠰᠠᠨ ᠶᠡᠬᠡ ᠬᠡᠮᠵᠢᠶᠡᠨ᠎ᠦ ᠪᠠᠷᠠᠭᠠᠨ᠎ᠤ ᠲᠡᠭᠡᠭᠡᠪᠦᠷᠢ᠎ᠶᠢᠨ ᠬᠡᠷᠡᠭᠴᠡᠭᠡ ᠱᠠᠭᠠᠷᠳᠠᠯᠭ᠎ᠠ᠎ᠶᠢ ᠳᠤᠮᠳᠠᠳᠤ ᠤᠯᠤᠰ᠎ᠤᠨ ᠲᠡᠮᠦᠷ ᠵᠠᠮ᠎ᠤᠨ ᠬᠥᠬᠡᠬᠣᠲᠠ ᠲᠣᠪᠴᠢᠶ᠎ᠠ᠎ᠶᠢᠨ ᠪᠦᠯᠦᠭᠯᠡᠯ᠎ᠦᠨ ᠬᠢᠵᠠᠭᠠᠷᠲᠤ ᠺᠣᠮᠫᠠᠨᠢ᠎ᠲᠠᠢ ᠵᠣᠬᠢᠴᠠᠭᠤᠯᠤᠨ ᠲᠤᠰᠬᠠᠢ ᠭᠠᠯᠲᠤ ᠲᠡᠷᠭᠡ ᠨᠡᠪᠲᠡᠷᠡᠭᠦᠯᠬᠦ᠎ᠶᠢ ᠪᠠᠲᠤᠯᠠᠨ᠎ᠠ᠃ ᠴᠠᠬᠢᠯᠭᠠᠨ ᠭᠠᠷᠭᠠᠬᠤ ᠦᠢᠯᠡᠳᠪᠦᠷᠢ᠎ᠶᠢᠨ ᠨᠡᠭᠦᠷᠡᠰᠦ ᠬᠠᠳᠠᠭᠠᠯᠠᠬᠤ ᠬᠡᠷᠡᠭᠴᠡᠭᠡ ᠱᠠᠭᠠᠷᠳᠠᠯᠭ᠎ᠠ᠎ᠶᠢ ᠪᠠᠲᠤᠯᠠᠬᠤ᠎ᠶᠢᠨ ᠲᠣᠭᠣᠷᠢᠨ᠎ᠳᠤ᠂ ᠣᠷᠳᠣᠰ ᠬᠤᠳᠠ᠎ᠶᠢ ᠵᠣᠬᠢᠴᠠᠭᠤᠯᠵᠤ ᠪᠠᠢᠭᠠᠳ ᠨᠡᠭᠦᠷᠡᠰᠦ ᠲᠡᠭᠡᠭᠡᠪᠦᠷᠢᠯᠡᠬᠦ ᠲᠡᠷᠭᠡ ᠬᠥᠰᠬᠡ᠎ᠶᠢᠨ ᠨᠡᠪᠳᠡᠷᠡᠬᠦ ᠵᠠᠮ᠎ᠢ ᠴᠢᠯᠦᠭᠡᠲᠡᠢ ᠪᠣᠯᠭᠠᠵᠤ᠂ ᠨᠥᠬᠥᠴᠡᠯ ᠳ᠋ᠤ᠌ ᠨᠡᠶ᠋ᠢᠴᠡᠬᠦ ᠲᠡᠷᠭᠡ ᠬᠥᠰᠬᠡ᠎ᠶᠢᠨ ᠰᠠᠭᠠᠳ ᠦᠭᠡᠢ ᠨᠡᠪᠲᠡᠷᠡᠬᠦ᠎ᠶᠢ ᠪᠠᠲᠤᠯᠠᠨ᠎ᠠ᠃

ᠬᠣᠶᠠᠷ᠎ᠲᠤ᠂ ᠠᠵᠢᠯᠲᠠᠨ᠎ᠤ ᠠᠵᠢᠯ᠎ᠤᠨ ᠪᠠᠢᠷᠢ᠎ᠳᠠᠭᠠᠨ ᠰᠠᠭᠠᠳ ᠦᠭᠡᠢ ᠪᠤᠴᠠᠬᠤ ᠵᠢ ᠪᠠᠳᠤᠯᠠᠵᠤ᠂ ᠠᠵᠢᠯ᠎ᠤᠨ ᠪᠠᠢᠷᠢ᠎ᠳᠠᠭᠠᠨ ᠦᠨᠡᠨ ᠬᠦ᠌ ᠪᠤᠴᠠᠬᠤ ᠴᠢᠬᠤᠯᠠᠲᠠᠢ ᠬᠣᠲᠠ᠎ᠶᠢᠨ ᠬᠡᠪᠴᠢᠶᠡᠨ᠎ᠤ ᠠᠵᠢᠯᠲᠠᠨ ᠠᠵᠢᠯᠴᠢᠨ᠎ᠳᠤ 3 ᠡᠳᠦᠷ᠎ᠲᠦ 2 ᠤᠳᠠᠭ᠎ᠠ ᠵᠢᠨ ᠪᠥᠭᠡᠮ ᠬᠦᠴᠢᠯ᠎ᠦᠨ ᠪᠢᠯᠢᠭ᠌ ᠴᠢᠨᠠᠷ᠎ᠤᠨ ᠭᠡᠷᠡᠴᠢ᠎ᠶᠢ ᠪᠠᠢᠴᠠᠭᠠᠨ ᠰᠢᠯᠭᠠᠭᠰᠠᠨ᠎ᠤ ᠳᠠᠷᠠᠭ᠎ᠠ᠂ ᠲᠡᠷᠭᠡ ᠬᠥᠰᠬᠡ᠎ᠶᠢ ᠨᠢᠭᠡᠳᠦᠯᠲᠡᠢ ᠲᠣᠬᠢᠷᠠᠭᠤᠯᠤᠨ 《ᠴᠡᠭ᠎ᠡᠴᠡ ᠴᠡᠭ》 ᠵᠢᠡᠷ ᠠᠵᠤ ᠠᠬᠤᠢᠯᠠᠯ᠎ᠳᠤ ᠬᠦᠷᠭᠡᠨ᠎ᠡ; ᠬᠣᠲᠠ᠎ᠶᠢᠨ ᠭᠠᠳᠠᠨ᠎ᠠ ᠡᠴᠡ ᠠᠵᠢᠯ᠎ᠤᠨ ᠪᠠᠢᠷᠢ᠎ᠳᠠᠭᠠᠨ ᠪᠤᠴᠠᠬᠤ ᠬᠥᠮᠥᠰ ᠲᠦ᠍ 3 ᠡᠳᠦᠷ᠎ᠲᠦ 2 ᠤᠳᠠᠭ᠎ᠠ ᠵᠢᠨ ᠪᠥᠭᠡᠮ ᠬᠦᠴᠢᠯ᠎ᠦᠨ ᠪᠢᠯᠢᠭ᠌ ᠴᠢᠨᠠᠷ᠎ᠤᠨ ᠭᠡᠷᠡᠴᠢ ᠵᠢ ᠰᠢᠯᠭᠠᠭᠰᠠᠨ᠎ᠤ ᠳᠠᠷᠠᠭ᠎ᠠ᠂ ᠠᠵᠤ ᠠᠬᠤᠢᠯᠠᠯ ᠠ᠋ᠴᠠ ᠲᠡᠷᠭᠡ ᠳᠠᠭᠠᠭᠠᠴᠢᠯᠠᠨ ᠲᠤᠰᠴᠤ ᠬᠦᠷᠭᠡᠬᠦ ᠪᠤᠶᠤ ᠬᠥᠬᠡᠬᠣᠲᠠ᠎ᠳᠤ ᠨᠡᠪᠲᠡᠷᠡᠬᠦ ᠦᠨᠡᠮᠯᠡᠯ᠎ᠣᠯᠭᠣᠵᠤ᠂ 《ᠴᠡᠭ᠎ᠡᠴᠡ ᠴᠡᠭ》 ᠵᠢᠡᠷ ᠠᠵᠢᠯ᠎ᠤᠨ ᠪᠠᠢᠷᠢ᠎ᠳᠤ ᠲᠤᠰᠴᠤ ᠬᠦᠷᠭᠡᠨ᠎ᠡ᠃ ᠪᠣᠶ ᠪᠦᠬᠦᠢ ᠠᠵᠢᠯ᠎ᠤᠨ ᠪᠠᠢᠷᠢ᠎ᠳᠠᠭᠠᠨ ᠪᠤᠴᠠᠭᠰᠠᠨ ᠠᠵᠢᠯᠲᠠᠨ᠎ᠢ ᠠᠵᠤ ᠠᠬᠤᠢᠯᠠᠯ᠎ᠤᠨ ᠪᠢᠲᠡᠭᠦᠮᠵᠢᠯᠡᠭᠰᠡᠨ ᠬᠠᠮᠢᠶᠠᠷᠤᠯᠲᠠ ᠵᠢᠨ ᠬᠡᠪᠴᠢᠶᠡᠨ᠎ᠳᠦ ᠣᠷᠣᠭᠤᠯᠵᠤ᠂ ᠡᠳᠦᠷ ᠪᠦᠷᠢ ᠡᠷᠡᠭᠦᠯ ᠮᠡᠨᠳᠦ᠎ᠶᠢᠨ ᠪᠠᠢᠳᠠᠯ᠎ᠢ ᠬᠢᠨᠠᠨ ᠬᠡᠮᠵᠢᠨ᠎ᠡ᠃

ᠭᠤᠷᠪᠠ᠎ᠳᠤ᠂ ᠵᠠᠰᠠᠭ ᠵᠠᠬᠢᠷᠭᠠᠨ᠎ᠤ ᠬᠢᠨᠠᠨ ᠵᠥᠪᠰᠢᠶᠡᠷᠡᠬᠦ ᠦᠢᠯᠡᠴᠢᠯᠡᠭᠡᠨ᠎ᠦ ᠶᠠᠪᠤᠴᠠ ᠵᠢ ᠰᠢᠯᠢᠳᠡᠭᠵᠢᠭᠦᠯᠵᠦ᠂ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ 《ᠪᠥᠬᠥ ᠶᠠᠪᠤᠴᠠ᠎ᠶᠢ ᠰᠦᠯᠵᠢᠶᠡᠨ ᠳᠡᠭᠡᠷ᠎ᠡ ᠭᠦᠢᠴᠡᠳᠬᠡᠬᠦ》 ᠪᠠ 《ᠠᠯᠠᠭᠠᠨ ᠳᠡᠭᠡᠷ᠎ᠡ ᠭᠦᠢᠴᠡᠳᠬᠡᠬᠦ》 ᠵᠦᠢᠯᠡᠰ᠎ᠦᠨ ᠨᠠᠷᠢᠨ ᠳᠠᠩᠰᠠ᠎ᠶᠢ ᠨᠡᠢᠲᠡᠯᠡᠵᠦ᠂ ᠳᠤᠰᠬᠠᠢ ᠤᠲᠠᠰᠤ ᠲᠣᠬᠢᠷᠠᠭᠤᠯᠤᠨ᠂ ᠰᠦᠯᠵᠢᠶᠡᠨ ᠳᠡᠭᠡᠷ᠎ᠡ ᠪᠡᠶ᠎ᠡ᠎ᠪᠡᠨ ᠳᠠᠭᠠᠭᠠᠵᠤ ᠲᠠᠭᠯᠠᠨ ᠮᠡᠳᠡᠭᠦᠯᠬᠦ ᠵᠢᠯᠤᠭᠣᠳᠬᠤ ᠦᠢᠯᠡᠴᠢᠯᠡᠭᠡ ᠬᠠᠩᠭᠠᠵᠤ᠂ ᠪᠥᠬᠥ ᠶᠠᠪᠤᠴᠠ᠎ᠶᠢ ᠰᠦᠯᠵᠢᠶᠡᠨ ᠳᠡᠭᠡᠷ᠎ᠡ ᠬᠠᠷᠭᠤᠭᠤᠯᠤᠨ ᠪᠠᠢᠴᠠᠭᠠᠬᠤ ᠠᠷᠭ᠎ᠠ ᠮᠠᠶᠢᠭ᠋᠎ᠢᠶᠠᠷ ᠳᠡᠮᠵᠢᠨ᠂ ᠭᠥᠯᠢᠶᠡᠨ ᠠᠪᠴᠤ ᠰᠢᠢᠳᠪᠦᠷᠢᠯᠡᠬᠦ ᠪᠠ ᠬᠢᠨᠠᠨ ᠵᠥᠪᠰᠢᠶᠡᠷᠡᠬᠦ᠎ᠶᠢ ᠪᠦᠬᠦᠯᠢ ᠡᠳᠦᠷ᠎ᠤᠨ ᠳᠤᠷᠰᠢ᠂ ᠣᠨᠴᠠᠭᠠᠶ ᠶᠠᠪᠤᠳᠠᠯ᠎ᠢ ᠣᠨᠴᠠᠭᠠᠶ ᠰᠢᠢᠳᠪᠦᠷᠢᠯᠡᠬᠦ᠂ ᠲᠡᠷᠡ ᠳᠠᠷᠤᠢ ᠳ᠋ᠤᠨᠢ ᠰᠢᠢᠳᠪᠦᠷᠢᠯᠡᠬᠦ᠎ᠶᠢ ᠪᠡᠶᠡᠯᠡᠭᠦᠯᠵᠦ᠂ ᠬᠢᠵᠢᠭ᠌᠎ᠦᠨ ᠪᠠᠢᠳᠠᠯ᠎ᠤᠨ ᠣᠯᠠᠨ ᠲᠦᠮᠡᠨ ᠪᠠ ᠠᠵᠤ ᠠᠬᠤᠢᠯᠠᠯ᠎ᠳᠤ ᠦᠵᠡᠭᠦᠯᠬᠦ ᠨᠥᠯᠥᠭᠡ᠎ᠶᠢ ᠬᠠᠮᠤᠭ᠎ᠤᠨ ᠳᠣᠣᠷ᠎ᠠ ᠬᠡᠮᠵᠢᠶᠡᠨ᠎ᠳᠦ ᠬᠦᠷᠲᠡᠯ᠎ᠡ ᠪᠠᠭᠤᠷᠠᠭᠤᠯᠬᠤ᠎ᠪᠠᠷ ᠴᠢᠷᠮᠠᠢᠨ᠎ᠠ᠃

ᠳᠥᠷᠪᠡ᠎ᠳᠦ᠂ ᠠᠵᠤ ᠠᠬᠤᠢᠯᠠᠯ᠎ᠤᠨ ᠪᠠᠢᠭ᠎ᠠ ᠭᠠᠵᠠᠷ ᠣᠷᠣᠨ᠎ᠠᠴᠠ ᠬᠠᠷᠢᠭᠤᠴᠠᠵᠤ᠂ ᠠᠵᠤ ᠠᠬᠤᠢᠯᠠᠯ᠎ᠢ ᠵᠣᠬᠢᠶᠠᠨ ᠪᠠᠢᠭᠤᠯᠵᠤ ᠪᠠᠢᠭᠠᠳ ᠠᠵᠢᠯ ᠦᠢᠯᠡᠳᠪᠦᠷᠢᠯᠡᠯ ᠵᠢᠡᠨ ᠰᠡᠷᠭᠦᠭᠡᠬᠦ ᠡᠴᠡ ᠡᠮᠦᠨ᠎ᠡ ᠦᠢᠯᠡᠳᠪᠦᠷᠢᠯᠡᠯ᠎ᠦᠨ ᠲᠠᠰᠤᠭ᠂ ᠬᠥᠮᠥᠷᠭᠡ᠂ ᠬᠣᠭᠣᠯᠠᠨ ᠭᠡᠷ᠂ ᠠᠷᠢᠭᠤᠨ ᠴᠡᠪᠡᠷ᠎ᠦᠨ ᠲᠠᠰᠤᠯᠭ᠎ᠠ᠂ ᠠᠵᠢᠯᠯᠠᠬᠤ ᠲᠣᠭᠣᠷᠢᠭ᠋ ᠵᠢᠴᠢ ᠤᠯᠠᠨ ᠨᠡᠶ᠋ᠢᠲᠡ᠎ᠶᠢᠨ ᠲᠣᠭᠣᠷᠢᠭ᠋ ᠵᠡᠷᠭᠡ᠎ᠶᠢ ᠪᠠᠭᠲᠠᠭᠠᠭᠰᠠᠨ ᠪᠦᠬᠦ ᠦᠢᠯᠡᠳᠪᠦᠷᠢ᠎ᠶᠢᠨ ᠣᠷᠣᠨ ᠪᠦᠰᠡ᠎ᠶᠢ ᠪᠦᠬᠦ ᠲᠠᠯ᠎ᠠ᠎ᠪᠠᠷ ᠠᠷᠢᠭᠤᠳᠬᠠᠬᠤ ᠬᠡᠷᠡᠭᠲᠡᠢ᠃ ᠪᠢᠲᠡᠭᠦᠮᠵᠢᠯᠡᠭᠰᠡᠨ ᠬᠠᠮᠢᠶᠠᠷᠤᠯᠲᠠ᠎ᠶᠢ ᠴᠢᠨᠭᠭᠠᠳᠬᠠᠬᠤ᠂ ᠵᠢᠵᠢᠭᠦᠷᠯᠡᠨ ᠰᠠᠬᠢᠬᠤ᠎ᠶᠢ ᠴᠢᠨᠭᠭᠠᠳᠬᠠᠬᠤ᠂ ᠬᠥᠮᠥᠨ ᠪᠠ ᠲᠡᠷᠭᠡᠨ᠎ᠦ ᠣᠷᠣᠵᠤ ᠭᠠᠷᠬᠤ᠎ᠶᠢ ᠴᠢᠩᠭ᠎ᠠ ᠬᠢᠵᠠᠭᠠᠷᠯᠠᠬᠤ᠂ ᠦᠢᠯᠡᠳᠪᠦᠷᠢ᠎ᠶᠢᠨ ᠳᠣᠲᠣᠭᠠᠳᠤ᠎ᠶᠢᠨ ᠬᠠᠮᠢᠶᠠᠷᠤᠯᠲᠠ ᠡᠵᠡᠮᠳᠡᠯ᠎ᠢ ᠴᠢᠨᠭᠭᠠᠳᠬᠠᠬᠤ᠂ ᠱᠠᠯᠠᠪᠳᠠᠭᠤᠯᠤᠨ ᠪᠠᠢᠴᠠᠭᠠᠵᠤ ᠱᠠᠯᠠᠪᠳᠠᠭᠤᠯᠤᠨ ᠭᠦᠢᠴᠡᠳᠬᠡᠬᠦ᠎ᠶᠢ ᠴᠢᠨᠭᠭᠠᠳᠬᠠᠬᠤ ᠵᠡᠷᠭᠡ 《ᠲᠠᠪᠤᠨ ᠴᠢᠩᠭ᠎ᠠ》 ᠵᠢᠨ ᠱᠠᠭᠠᠷᠳᠠᠯᠭ᠎ᠠ᠎ᠶᠢ ᠨᠢᠭᠡᠳᠦᠯᠲᠡᠢ ᠵᠢᠷᠤᠮᠯᠠᠨ᠎ᠠ᠃

ᠲᠠᠪᠤ᠎ᠳᠤ᠂ ᠠᠵᠤ ᠠᠬᠤᠢᠯᠠᠯ᠎ᠤᠨ ᠠᠵᠢᠯ᠎ᠤᠨ ᠪᠠᠢᠷᠢ᠎ᠳᠤ ᠪᠠᠢᠭ᠎ᠠ ᠬᠥᠮᠥᠰ᠎ᠦᠨ ᠬᠣᠨᠣᠭ᠎ᠤᠨ ᠬᠡᠷᠡᠭᠴᠡᠭᠡ᠎ᠶᠢ ᠦᠨᠳᠦᠰᠦᠯᠡᠨ᠂ 《ᠤᠢᠷᠠᠬᠠᠨ ᠳᠦᠬᠦᠮ ᠳᠤᠭᠲᠠᠮᠠᠯ》 ᠵᠠᠷᠴᠢᠮ ᠶᠣᠰᠣᠭᠠᠷ᠂ ᠠᠵᠢᠯ᠎ᠤᠨ ᠪᠠᠢᠷᠢ ᠪᠠ ᠬᠣᠨᠣᠭ᠎ᠤᠨ ᠪᠠᠭᠤᠳᠠᠯ᠎ᠤᠨ 《ᠬᠣᠶᠠᠷ ᠴᠡᠭ ᠨᠢᠭᠡ ᠱᠤᠭᠤᠮ》 ᠎ᠤᠨ ᠪᠢᠲᠡᠭᠦᠮᠵᠢᠯᠡᠭᠰᠡᠨ ᠬᠠᠮᠢᠶᠠᠷᠤᠯᠲᠠ᠎ᠶᠢ ᠪᠡᠶᠡᠯᠡᠭᠦᠯᠦᠨ᠎ᠡ᠃

ᠵᠢᠷᠭᠤᠭ᠎ᠠ᠎ᠳᠤ᠂ ᠬᠠᠨᠳᠤᠯᠭ᠎ᠠ᠎ᠲᠠᠢ᠎ᠪᠠᠷ ᠬᠣᠯᠪᠣᠭᠠᠯᠠᠨ ᠳᠠᠭᠠᠭᠠᠴᠢᠯᠠᠵᠦ ᠬᠠᠪᠰᠤᠷᠤᠨ ᠲᠡᠳᠬᠦᠬᠦ ᠦᠢᠯᠡᠴᠢᠯᠡᠭᠡ᠎ᠶᠢ ᠥᠷᠨᠢᠭᠦᠯᠵᠦ᠂ ᠪᠦᠬᠦ ᠬᠤᠳᠠ᠎ᠶᠢᠨ ᠠᠵᠤ ᠠᠬᠤᠢᠯᠠᠯ᠎ᠤᠨ ᠠᠵᠢᠯ ᠦᠢᠯᠡᠳᠪᠦᠷᠢᠯᠡᠯ᠎ᠢᠶᠡᠨ ᠰᠡᠷᠭᠦᠭᠡᠬᠦ᠎ᠶᠢ ᠪᠠᠲᠤᠯᠠᠬᠤ ᠠᠵᠢᠯ᠎ᠤᠨ ᠲᠤᠰᠬᠠᠢ ᠠᠩᠭᠢ᠎ᠶᠢ ᠵᠣᠬᠢᠶᠠᠨ ᠪᠠᠢᠭᠤᠯᠵᠤ᠂ ᠠᠵᠤ ᠠᠬᠤᠢᠯᠠᠯ ᠨᠢᠭᠡ ᠪᠦᠷᠢ᠎ᠳᠦ 2 ᠦᠢᠯᠡᠴᠢᠯᠡᠭᠡᠨ᠎ᠦ ᠺᠠᠳ᠋ᠷ ᠲᠣᠮᠢᠯᠠᠨ ᠰᠠᠭᠤᠯᠭᠠᠵᠤ᠂ ᠠᠵᠤ ᠠᠬᠤᠢᠯᠠᠯ᠎ᠤᠨ ᠠᠵᠢᠯ ᠦᠢᠯᠡᠳᠪᠦᠷᠢᠯᠡᠯ᠎ᠢᠶᠡᠨ ᠰᠡᠷᠭᠦᠭᠡᠬᠦ᠎ᠶᠢ ᠵᠣᠬᠢᠶᠠᠨ ᠪᠠᠶ᠋ᠢᠭᠤᠯᠬᠤ ᠪᠡᠯᠡᠳᠬᠡᠯ ᠠᠵᠢᠯ᠎ᠳᠤ ᠪᠦᠬᠦ ᠶᠠᠪᠤᠴᠠ᠎ᠪᠠᠷ ᠣᠷᠣᠯᠴᠠᠭᠤᠯᠤᠨ᠎ᠠ᠃

ᠲᠤᠯᠤᠭ᠎ᠠ᠎ᠳᠤ᠂ ᠰᠠᠨᠠᠭᠠᠴᠢᠯᠠᠭ᠎ᠠ᠎ᠠᠴᠠ᠎ᠪᠠᠨ ᠮᠥᠩᠭᠥᠨ ᠭᠦᠢᠯᠭᠡᠭᠡᠨ᠎ᠦ ᠪᠠᠢᠭᠤᠯᠤᠮᠵᠢ᠎ᠲᠠᠢ ᠵᠣᠯᠭᠠᠭᠤᠯᠵᠤ᠂ ᠵᠢᠭᠡᠯᠡᠯᠭᠡ᠎ᠶᠢ ᠬᠢᠨᠠᠨ ᠪᠠᠢᠴᠠᠭᠠᠬᠤ ᠠᠬᠢᠴᠠ᠂ ᠵᠢᠭᠡᠯᠡᠯᠭᠡ᠎ᠶᠢᠨ ᠬᠤᠭᠤᠴᠠᠭ᠎ᠠ᠂ ᠬᠦᠦ ᠮᠥᠩᠭᠥ᠎ᠶᠢᠨ ᠰᠦᠢᠳᠬᠡᠯ᠎ᠦᠨ ᠪᠠᠷᠢᠮᠵᠢᠶ᠎ᠠ ᠵᠡᠷᠭᠡ ᠲᠠᠯ᠎ᠠ᠎ᠪᠠᠷ ᠨᠡᠩ ᠤᠯᠠᠨ ᠬᠠᠷᠠᠭᠠᠯᠵᠠᠯ᠎ᠤᠨ ᠲᠦᠷᠦ᠎ᠶᠢᠨ ᠪᠣᠳᠣᠯᠭ᠎ᠠ᠎ᠶᠢ ᠲᠡᠮᠡᠴᠡᠨ ᠣᠯᠵᠤ᠂ ᠨᠥᠬᠥᠴᠡᠯ᠎ᠳᠦ ᠨᠡᠶ᠋ᠢᠴᠡᠬᠦ ᠠᠵᠤ ᠠᠬᠤᠢᠯᠠᠯ᠎ᠤᠨ ᠮᠥᠩᠭᠥᠨ ᠭᠦᠢᠯᠭᠡᠭᠡᠨ᠎ᠦ ᠲᠡᠳᠬᠦᠮᠵᠢ᠎ᠶᠢᠨ ᠪᠡᠯᠡ ᠮᠥᠩᠭᠥ᠎ᠶᠢ ᠲᠡᠷᠡ ᠳᠠᠷᠤᠢ ᠳ᠋ᠤᠨᠢ ᠣᠯᠬᠤ᠎ᠶᠢ ᠪᠠᠲᠤᠯᠠᠨ᠎ᠠ᠃

ᠨᠠᠢ᠍ᠮᠠ᠎ᠳᠤ᠂ ᠰᠠᠨᠠᠭᠠᠴᠢᠯᠠᠭ᠎ᠠ᠎ᠠᠴᠠ᠎ᠪᠠᠨ ᠬᠦᠴᠢᠷ ᠪᠡᠷᠬᠡᠰᠢᠶᠡᠯ᠎ᠢ ᠢᠯᠠᠨ ᠳᠠᠪᠠᠵᠤ᠂ ᠠᠵᠢᠯ᠎ᠢᠶᠠᠨ ᠰᠡᠷᠭᠦᠭᠡᠵᠦ ᠦᠢᠯᠡᠳᠪᠦᠷᠢᠯᠡᠯ᠎ᠢᠶᠡᠨ ᠰᠡᠷᠭᠦᠭᠡᠬᠦ ᠪᠡᠯᠡᠳᠬᠡᠯ ᠠᠵᠢᠯ᠎ᠢ ᠲᠦᠷᠭᠡᠨ ᠪᠡᠶᠡᠯᠡᠭᠦᠯᠵᠦ᠂ ᠪᠦᠬᠦ ᠬᠣᠲᠠ᠎ᠶᠢᠨ ᠬᠢᠵᠢᠭ᠌᠎ᠦᠨ ᠪᠠᠢᠳᠠᠯ᠎ᠢ ᠡᠰᠡᠷᠭᠦᠴᠡᠬᠦ᠂ ᠠᠵᠤ ᠠᠬᠤᠢ᠎ᠶᠢᠨ ᠨᠡᠮᠡᠭᠳᠡᠯ᠎ᠢ ᠲᠣᠭᠲᠠᠪᠤᠷᠢᠵᠢᠭᠤᠯᠬᠤ᠎ᠳᠤ ᠴᠢᠬᠤᠯᠠ ᠶᠡᠬᠡ ᠬᠤᠪᠢ ᠨᠡᠮᠡᠷᠢ ᠦᠵᠡᠭᠦᠯᠦᠭᠰᠡᠨ ᠠᠵᠤ ᠠᠬᠤᠢᠯᠠᠯ᠎ᠤᠨ 2023 ᠣᠨ᠎ᠪ ᠴᠢᠨᠠᠷ ᠰᠠᠢᠲᠠᠢ ᠬᠥᠭᠵᠢᠯᠲᠡ᠎ᠶᠢᠨ ᠲᠤᠰᠬᠠᠢ ᠪᠡᠯᠡ ᠮᠥᠩᠭᠥ᠎ᠶᠢ ᠭᠤᠶᠤᠴᠢᠯᠠᠨ ᠮᠡᠳᠡᠭᠦᠯᠬᠦ᠎ᠳᠦ ᠱᠠᠭᠠᠷᠳᠠᠯᠭ᠎ᠠ᠎ᠳᠤ ᠨᠡᠶ᠋ᠢᠴᠡᠬᠦ ᠲᠥᠷᠥᠯ ᠵᠦᠢᠯ᠎ᠢ ᠤᠷᠢᠳ ᠵᠢᠡᠷ ᠲᠡᠳᠬᠦᠵᠦ᠂ ᠭᠣᠣᠯᠳᠠᠯᠭ᠎ᠠ᠎ᠲᠠᠢ ᠲᠠᠨᠢᠯᠴᠠᠭᠤᠯᠤᠨ ᠳᠡᠪᠰᠢᠬᠦᠯᠦᠨ᠎ᠡ᠃

ᠢᠷᠡᠯᠳᠡ᠄ ᠲᠠᠯ᠎ᠠ ᠨᠤᠲᠤᠭ ᠪᠦᠷᠢᠨ ᠵᠠᠭᠤᠴᠢᠯᠠᠭᠤᠷ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠴᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面