ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠮᠡᠳᠡᠭᠡᠯᠡᠯ

2022-11-11 17:03:18

ᠵᠣᠬᠢᠶᠠᠭ᠍ᠴᠢ᠄ ᠺᠠᠩ ᠯᠢ ᠨᠠ ᠣᠩᠱᠢᠭ᠍ᠰᠠᠨ ᠣᠳᠠᠭ᠎ᠠ᠄ 3

ᠤᠢ᠍ᠢᠷ᠎ᠠ᠎ᠳᠤ ᠰᠤᠷᠪᠤᠯᠵᠢᠯᠠᠭ᠍ᠴᠢ ᠥᠪᠥᠷ ᠮᠣᠩᠭᠣᠯ᠎ᠤᠨ ᠡᠨᠧᠷᠭᠢ᠎ᠶ᠋ᠢᠨ ᠪᠦᠯᠦᠭ᠌ᠯᠡᠯ ᠬᠢᠵᠠᠭᠠᠷᠲᠤ ᠺᠣᠮᠫᠠᠨᠢ ᠡᠴᠡ ᠣᠢᠯᠠᠭᠠᠭ᠍ᠰᠠᠨ᠎ᠢᠶᠠᠷ᠂ ᠥᠪᠡᠷᠲᠡᠭᠡᠨ ᠵᠠᠰᠠᠬᠤ ᠣᠷᠣᠨ᠎ᠤ ᠱᠢᠭᠤᠳ ᠬᠠᠷᠢᠶ᠎ᠠ ᠲᠤᠮᠤ ᠬᠡᠯᠪᠡᠷᠢ᠎ᠶ᠋ᠢᠨ ᠡᠨᠧᠷᠭᠢ᠎ᠶ᠋ᠢᠨ ᠠᠵᠤ ᠠᠬᠤᠢᠯᠠᠯ ᠪᠣᠯᠤᠭ᠍ᠰᠠᠨ᠎ᠤ ᠬᠤᠪᠢ᠎ᠳᠤ᠂ ᠥᠪᠥᠷ ᠮᠣᠩᠭᠣᠯ᠎ᠤᠨ ᠡᠨᠧᠷᠭᠢ᠎ᠶ᠋ᠢᠨ ᠪᠦᠯᠦᠭ᠌ᠯᠡᠯ᠎ᠦᠨ ᠬᠢᠨ ᠤᠯᠤᠰ᠎ᠤᠨ ᠥᠮᠴᠢᠯᠡᠯ᠎ᠦᠨ ᠠᠵᠤ ᠠᠬᠤᠢᠯᠠᠯ᠎ᠤᠨ ᠡᠭᠦᠷᠭᠡᠯᠡᠯ᠎ᠢ ᠢᠳᠡᠪᠬᠢᠲᠡᠢ ᠦᠢᠯᠡᠳᠦᠯᠭᠡᠵᠢᠭᠦᠯᠵᠦ᠍᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠ ᠦᠢᠯᠡᠳᠪᠦᠷᠢᠯᠡᠯ ᠬᠠᠩᠭᠠᠯᠭ᠎ᠠ᠎ᠶ᠋ᠢ ᠪᠠᠲᠤᠯᠠᠬᠤ ᠠᠵᠢᠯ᠎ᠤᠨ 《ᠬᠣᠶᠠᠷ᠎ᠢ ᠨᠢᠭᠡᠳᠦᠯᠲᠡᠢ ᠲᠥᠯᠥᠪᠵᠢᠭᠦᠯᠬᠦ᠌》᠂ 《ᠬᠣᠶᠠᠷ᠎ᠢ ᠦᠯᠦ ᠰᠠᠭᠠᠲᠠᠭᠠᠬᠤ》 ᠎ᠶ᠋ᠢ ᠪᠡᠶᠡᠯᠡᠭᠦᠯᠪᠡ᠃ ᠡᠨᠡ ᠵᠢᠯ᠎ᠦᠨ 9 ᠰᠠᠷ᠎ᠠ᠎ᠶ᠋ᠢᠨ ᠰᠡᠭᠦᠯᠴᠢ ᠪᠣᠯᠲᠠᠯ᠎ᠠ᠂ ᠥᠪᠥᠷ ᠮᠣᠩᠭᠣᠯ᠎ᠤᠨ ᠡᠨᠧᠷᠭᠢ᠎ᠶ᠋ᠢᠨ ᠪᠦᠯᠦᠭ᠌ᠯᠡᠯ᠎ᠦᠨ ᠴᠠᠬᠢᠯᠭᠠᠨ ᠭᠠᠷᠭᠠᠭ᠍ᠰᠠᠨ ᠬᠡᠮᠵᠢᠶ᠎ᠡ 226.3 ᠳ᠋ᠦᠩᠱᠢᠭᠤᠷ ᠬᠢᠯᠦᠸᠠᠲ ᠴᠠᠭ᠎ᠲᠤ ᠬᠦᠷᠴᠦ᠍᠂ ᠨᠢᠳᠤᠨᠤᠨ᠎ᠤ ᠠᠳᠠᠯᠢ ᠬᠤᠭᠤᠴᠠᠭᠠᠨ᠎ᠤ᠎ᠬᠢ᠎ᠡᠴᠡ 15.87 ᠳ᠋ᠦᠩᠱᠢᠭᠤᠷ ᠬᠢᠯᠦᠸᠠᠲ ᠴᠠᠭ ᠨᠡᠮᠡᠭ᠌ᠳᠡᠵᠦ᠍᠂ 7.71 ᠳ᠋ᠦᠩᠱᠢᠭᠤᠷ ᠲᠥᠭᠥᠷᠢᠭ᠎ᠦᠨ ᠠᠱᠢᠭ ᠣᠯᠵᠠᠪᠤᠷᠢ᠎ᠶ᠋ᠢ ᠪᠡᠶᠡᠯᠡᠭᠦᠯᠵᠦ᠍᠂ ᠦᠶ᠋ᠯᠡᠳᠪᠦᠷᠢᠯᠡᠯ ᠡᠵᠡᠩᠨᠡᠯᠲᠡ᠎ᠶ᠋ᠢᠨ ᠪᠠᠢᠳᠠᠯ ᠲᠣᠭ᠍ᠲᠠᠭᠤᠨ᠎ᠢᠶᠠᠷ ᠰᠠᠢᠵᠢᠷᠠᠵᠤ᠂ ᠠᠷᠠᠳ᠎ᠤᠨ ᠠᠮᠢᠳᠤᠷᠠᠯ᠎ᠢ ᠪᠠᠲᠤᠯᠠᠬᠤ᠂ ᠲᠣᠭ᠍ᠲᠠᠭᠤᠨ᠎ᠢ ᠪᠠᠲᠤᠯᠠᠬᠤ᠎ᠳᠤ ᠢᠳᠡᠪᠬᠢᠲᠡᠶ ᠬᠤᠪᠢ ᠨᠡᠮᠡᠷᠢ ᠦᠵᠡᠭᠦᠯᠪᠡ᠃

ᠣᠢᠯᠠᠭᠠᠭ᠍ᠰᠠᠨ᠎ᠢᠶᠠᠷ᠂ ᠨᠢᠳᠤᠨᠤᠨ᠎ᠤ 9 ᠰᠠᠷ᠎ᠠ᠎ᠳᠤ ᠳᠠᠬᠢᠨ ᠵᠣᠬᠢᠶᠠᠨ ᠪᠠᠢᠭᠤᠯᠵᠤ ᠨᠡᠢᠳᠭᠡᠭ᠌ᠰᠡᠨ᠎ᠡᠴᠡ ᠨᠠᠭᠠᠰᠢ᠂ ᠥᠪᠥᠷ ᠮᠣᠩᠭᠣᠯ᠎ᠤᠨ ᠡᠨᠧᠷᠭᠢ᠎ᠶ᠋ᠢᠨ ᠪᠦᠯᠦᠭ᠌ᠯᠡᠯ᠎ᠦᠨ᠎ᠬᠢᠨ ᠠᠯᠳᠠᠪᠤᠷᠢ ᠪᠠᠨ ᠪᠠᠭᠠᠰᠭᠠᠵᠤ ᠣᠯᠵᠠᠪᠤᠷᠢ᠎ᠪᠠᠨ ᠨᠡᠮᠡᠭ᠌ᠳᠡᠭᠦᠯᠬᠦ᠌᠎ᠶ᠋ᠢ ᠲᠡᠷᠢᠭᠦᠨ ᠴᠢᠬᠤᠯᠠ ᠡᠭᠦᠷᠭᠡ ᠪᠣᠯᠭᠠᠵᠤ᠂ ᠪᠦᠯᠦᠭ᠌ᠯᠡᠯ᠎ᠦᠨ ᠤᠳᠤᠷᠢᠳᠭᠤ ᠪᠠᠭ᠎ᠤᠨ ᠪᠦᠷᠢᠯᠳᠦᠬᠦᠨ ᠳᠠᠭᠠᠭᠠᠴᠢᠯᠠᠨ ᠬᠠᠷᠢᠭᠤᠴᠠᠵᠤ ᠪᠠᠢᠭᠠᠳ ᠬᠠᠷᠢᠭᠤᠴᠠᠯᠭ᠎ᠠ ᠵᠢ ᠨᠠᠢᠳᠠᠪᠤᠷᠢᠵᠢᠭᠤᠯᠵᠤ᠂ 《ᠡᠳᠦᠷ᠎ᠦᠨ ᠠᠱᠢᠭ ᠣᠯᠵᠠᠪᠤᠷᠢ᠎ᠶ᠋ᠢ ᠲᠥᠰᠦᠭᠡᠯᠡᠨ ᠪᠤᠳᠤᠬᠤ》 ᠶ᠋ᠢ ᠪᠠᠷᠢᠮᠲᠠᠯᠠᠵᠤ᠂ ᠬᠦᠴᠦᠲᠡᠶ ᠠᠷᠭ᠎ᠠ ᠬᠡᠮᠵᠢᠶ᠎ᠡ ᠠᠪᠴᠤ᠌᠂ ᠳᠠᠯᠳᠠ ᠬᠦᠴᠦᠨ᠎ᠢᠶᠡᠨ ᠭᠦᠨ ᠠᠭᠤᠳᠠᠯᠵᠤ ᠥᠪᠡᠷ᠎ᠦᠨ ᠥᠷᠲᠡᠭ᠎ᠢᠶᠡᠨ ᠪᠠᠭᠤᠷᠠᠭᠤᠯᠤᠨ ᠦᠷ᠎ᠡ ᠠᠱᠢᠭ᠎ᠢᠶᠠᠨ ᠨᠡᠮᠡᠭ᠌ᠳᠡᠭᠦᠯᠵᠦ᠍᠂ ᠢᠯᠴᠢ᠎ᠶ᠋ᠢᠨ ᠴᠠᠬᠢᠯᠭᠠᠨ᠂ ᠵᠢᠷᠤᠵᠤ ᠲᠥᠯᠥᠪᠯᠡᠵᠦ᠍ ᠪᠠᠷᠢᠯᠭ᠎ᠠ᠎ᠡᠬᠢᠯᠡᠭᠦᠯᠬᠦ ᠬᠡᠰᠡᠭ᠎ᠦᠨ ᠠᠯᠳᠠᠭ᠍ᠳᠠᠯ᠎ᠢᠶᠠᠨ ᠦᠳᠲᠡᠷ ᠲᠦᠷᠭᠡᠨ ᠣᠯᠵᠠᠪᠤᠷᠢ᠎ᠲᠠᠶ ᠪᠣᠯᠭᠠᠵᠤ ᠂ ᠨᠡᠭᠦᠷᠡᠰᠦ᠂ ᠱᠢᠨ᠎ᠡ ᠡᠨᠧᠷᠭᠢ᠎ᠶ᠋ᠢᠨ ᠬᠡᠰᠡᠭ᠎ᠲᠡᠬᠢ ᠦᠢᠯᠡᠳᠦᠯ ᠦᠷᠭᠦᠯᠵᠢᠯᠡᠨ ᠴᠢᠩᠭᠠᠷᠠᠪᠠ᠃ ᠭᠦᠶᠡᠩ᠎ᠳᠡᠬᠢ ᠥᠪᠥᠷ ᠮᠣᠩᠭᠣᠯ᠎ᠤᠨ ᠴᠠᠬᠢᠯᠭᠠᠨ ᠬᠦᠴᠦᠨ᠎ᠤ ᠶᠡᠷᠦᠩᠬᠡᠢᠯᠡᠭ᠌ᠰᠡᠨ ᠡᠨᠧᠷᠭᠢ᠎ᠶ᠋ᠢᠨ 20 MW ᠲᠠᠷᠠᠬᠠᠢ ᠬᠡᠯᠪᠡᠷᠢ᠎ᠶ᠋ᠢᠨ ᠰᠠᠯᠬᠢᠨ ᠬᠦᠴᠦᠨ᠎ᠦ ᠴᠠᠬᠢᠯᠭᠠᠨ᠎ᠤ ᠲᠥᠷᠥᠯ ᠵᠦᠶ᠋ᠯ᠂ ᠥᠪᠥᠷ ᠮᠣᠩᠭᠣᠯ᠎ᠤᠨ ᠴᠠᠬᠢᠯᠭᠠᠨ ᠬᠦᠴᠦᠨ᠎ᠤ ᠶᠡᠷᠦᠩᠬᠡᠢᠯᠡᠭ᠌ᠰᠡᠨ ᠡᠨᠧᠷᠭᠢ᠎ᠶ᠋ᠢᠨ ᠭᠠᠭᠴᠠᠮᠤᠳᠤ ᠪᠠᠯᠭᠠᠰᠤᠨ᠎ᠤ 100 MW ᠰᠠᠯᠬᠢᠨ ᠬᠦᠴᠦᠨ᠎ᠦ ᠴᠠᠬᠢᠯᠭᠠᠨ᠎ᠤ ᠲᠥᠷᠥᠯ ᠵᠦᠶ᠋ᠯ ᠵᠡᠷᠭᠡ ᠭᠤᠤᠯᠳᠠᠯᠭ᠎ᠠ᠎ᠲᠠᠶ ᠱᠢᠨ᠎ᠡ ᠡᠨᠧᠷᠭᠢ᠎ᠶ᠋ᠢᠨ ᠲᠥᠷᠥᠯ ᠵᠦᠶ᠋ᠯ ᠨᠢ ᠪᠥᠲᠥᠭᠡᠨ ᠪᠠᠢᠭᠤᠯᠤᠯᠲᠠ᠎ᠶ᠋ᠢᠨ ᠬᠤᠷᠳᠤᠴᠠ᠎ᠶ᠋ᠢ ᠲᠦᠷᠭᠡᠳᠭᠡᠵᠦ᠍᠂ ᠨᠢᠭᠡᠨᠲᠡ ᠠᠵᠢᠯ ᠡᠬᠢᠯᠡᠭᠦᠯᠦᠭ᠌ᠰᠡᠨ ᠵᠢᠴᠢ ᠠᠵᠢᠯ ᠡᠬᠢᠯᠡᠭᠦᠯᠬᠦ ᠪᠡᠷ ᠪᠠᠢᠭ᠎ᠠ ᠱᠢᠨ᠎ᠡ ᠡᠨᠧᠷᠭᠢ᠎ᠶ᠋ᠢᠨ ᠲᠥᠷᠥᠯ ᠵᠦᠶ᠋ᠯ᠎ᠦᠨ ᠮᠠᠱᠢᠨ ᠴᠣᠭ᠍ᠴᠠᠯᠠᠪᠤᠷᠢ᠎ᠶ᠋ᠢᠨ ᠪᠠᠭ᠍ᠲᠠᠭᠠᠮᠵᠢ 180 ᠲᠦᠮᠡᠨ ᠬᠢᠯᠦᠸᠠᠲ᠎ᠲᠤ ᠬᠦᠷᠴᠦ᠍᠂ ᠢᠷᠡᠬᠦ᠌ ᠵᠢᠯ᠎ᠦᠨ ᠡᠬᠢᠨ ᠪᠣᠯᠬᠤ᠎ᠳᠤ᠂ ᠠᠵᠢᠯ ᠡᠬᠢᠯᠡᠭᠦᠯᠬᠦ᠌᠎ᠪᠡᠷ ᠵᠢᠱ᠌ᠢᠵᠦ ᠪᠠᠢᠭ᠎ᠠ ᠱᠢᠨ᠎ᠡ ᠡᠨᠧᠷᠭᠢ᠎ᠶ᠋ᠢᠨ ᠲᠥᠷᠥᠯ ᠵᠦᠶ᠋ᠯ᠎ᠦᠨ ᠪᠠᠭ᠍ᠲᠠᠭᠠᠮᠵᠢ 800 ᠲᠦᠮᠡᠨ ᠬᠢᠯᠦᠸᠠᠲ᠎ᠲᠤ ᠬᠥᠷᠬᠥ᠌ ᠪᠣᠯᠤᠨ᠎ᠠ᠃

ᠬᠢᠵᠢᠭ᠎ᠦᠨ ᠪᠠᠢᠳᠠᠯ ᠭᠠᠷᠤᠭ᠍ᠰᠠᠨ᠎ᠠᠴᠠ ᠨᠠᠭᠠᠰᠢ᠂ ᠥᠪᠥᠷ ᠮᠣᠩᠭᠣᠯ᠎ᠤᠨ ᠡᠨᠧᠷᠭᠢ᠎ᠶ᠋ᠢᠨ ᠪᠦᠯᠦᠭ᠌ᠯᠡᠯ ᠤᠷᠢᠳᠴᠢᠯᠠᠬᠰᠠᠨ ᠪᠠᠢᠷᠢᠯᠠᠭᠤᠯᠤᠯᠲᠠ ᠲᠠᠢ᠂ ᠠᠵᠢᠯ᠎ᠤᠨ ᠶᠠᠪᠤᠴᠠ᠎ᠳᠤ ᠬᠢᠨᠠᠯᠲᠠ ᠲᠠᠯᠪᠢᠯᠳᠡ ᠲᠠᠢ᠂ ᠠᠵᠢᠯ᠎ᠤᠨ ᠳᠠᠷᠠᠭ᠎ᠠ ᠬᠠᠷᠢᠭᠤ ᠲᠤᠰᠬᠠᠯᠳᠠ ᠲᠠᠢ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠲᠣᠭ᠍ᠲᠠᠴᠠ᠎ᠶ᠋ᠢ ᠪᠠᠢᠭᠤᠯᠪᠠ᠃ ᠬᠠᠷᠢᠶ᠎ᠠ ᠡᠯ᠎ᠡ ᠦᠶ᠋ᠯᠡᠳᠪᠦᠷᠢᠯᠡᠯ᠂ ᠦᠨᠳᠦᠰᠦᠨ ᠪᠦᠲᠦᠭᠡᠨ ᠪᠠᠢᠭᠤᠯᠤᠯᠲᠠ᠎ᠶ᠋ᠢᠨ ᠡᠯ᠎ᠡ ᠨᠢᠭᠡᠴᠢ ᠲᠤᠰ ᠪᠡᠶ᠎ᠡ᠎ᠶ᠋ᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠢᠶᠠᠨ ᠴᠢᠩᠭ᠎ᠠ ᠰᠠᠢᠲᠤᠷ ᠬᠢᠭᠰᠡᠨ᠎ᠤ ᠬᠠᠮᠲᠤ᠂ ᠤᠨᠴᠠᠭᠠᠢ ᠴᠠᠭ ᠦᠶ᠎ᠡ᠎ᠶ᠋ᠢᠨ ᠴᠠᠬᠢᠯᠭᠠᠨ ᠬᠠᠩᠭᠠᠬᠤ ᠪᠠ ᠢᠯᠴᠢ ᠬᠠᠩᠭᠠᠬᠤ᠎ᠶ᠋ᠢ ᠪᠠᠲᠤᠯᠠᠬᠤ᠂ ᠲᠦᠯᠡᠰᠢ ᠬᠠᠩᠭᠠᠬᠤ᠂ ᠲᠥᠷᠥᠯ ᠵᠦᠶ᠋ᠯ᠎ᠦᠨ ᠪᠦᠲᠦᠭᠡᠨ ᠪᠠᠢᠭᠤᠯᠤᠯᠲᠠ ᠵᠡᠷᠭᠡ ᠠᠶᠤᠯᠭᠦᠢ ᠦᠶ᠋ᠯᠡᠳᠪᠦᠷᠢᠯᠡᠯ᠎ᠦᠨ ᠠᠵᠢᠯ᠎ᠢ ᠬᠦᠴᠦᠲᠡᠶ ᠠᠬᠢᠭᠤᠯᠵᠤ ᠪᠠᠢᠨ᠎ᠠ᠃ ᠬᠠᠷᠢᠶᠠᠨ᠎ᠳᠠᠬᠢ ᠶ᠋ᠢᠨᠱᠠᠨ ᠢᠯᠴᠢ᠎ᠶ᠋ᠢᠨ ᠴᠠᠬᠢᠯᠭᠠᠨ᠎ᠤ ᠺᠣᠮᠫᠠᠨᠢ ᠪᠣᠯᠤᠨ ᠱᠧᠩ᠎ᠲᠡᠶ ᠢᠯᠴᠢ᠎ᠶ᠋ᠢᠨ ᠬᠦᠴᠦᠨ᠎ᠦ ᠺᠣᠮᠫᠠᠨᠢ ᠨᠢ 10 ᠰᠠᠷ᠎ᠠ᠎ᠶ᠋ᠢᠨ 3 ᠎ᠤ᠋ ᠡᠳᠦᠷ᠎ᠦᠨ 10 ᠴᠠᠭ᠎ᠠᠴᠠ ᠡᠬᠢᠯᠡᠨ 27 ᠰᠠᠭᠤᠭᠠᠯᠢ ᠠᠷᠠᠳ᠎ᠤᠨ ᠲᠣᠭᠣᠷᠢᠭ᠎ᠤᠨ 400 ᠲᠦᠮᠡᠨ ᠲᠡᠭ᠌ᠰᠢ ᠳᠥᠷᠪᠡᠯᠵᠢᠨ ᠮᠧᠲ᠋ᠷ᠎ᠦᠨ ᠬᠡᠪᠴᠢᠶᠡᠨ᠎ᠳᠦ ᠢᠯᠴᠢ ᠬᠠᠩᠭᠠᠵᠤ᠂ ᠬᠥᠬᠡᠬᠣᠲᠠ᠎ᠶ᠋ᠢᠨ ᠣᠷᠣᠨ ᠰᠠᠭᠤᠴᠠ ᠪᠠ ᠬᠣᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠣᠪᠴᠢᠶ᠎ᠠ᠎ᠶ᠋ᠢᠨ 10 ᠰᠠᠷ᠎ᠠ᠎ᠶ᠋ᠢᠨ 10 ᠎ᠤ᠋ ᠡᠳᠦᠷ᠎ᠡᠴᠡ ᠡᠬᠢᠯᠡᠨ ᠢᠯᠴᠢ ᠬᠠᠩᠭᠠᠬᠤ ᠬᠡᠷᠡᠭᠲᠡᠢ ᠭᠡᠰᠡᠨ ᠱᠠᠭᠠᠷᠳᠠᠯᠭ᠎ᠠ ᠡᠴᠡ 7 ᠡᠳᠦᠷ ᠤᠷᠢᠳᠴᠢᠯᠠᠭ᠍ᠰᠠᠨ ᠪᠠᠢᠨ᠎ᠠ᠃ ᠬᠠᠷᠢᠶᠠᠨ᠎ᠳᠠᠬᠢ ᠱᠢᠯᠢᠨ ᠢᠯᠴᠢ ᠵᠢᠨ ᠴᠠᠬᠢᠯᠭᠠᠨ᠎ᠤ ᠺᠣᠮᠫᠠᠨᠢ ᠨᠢ 3 ᠡᠳᠦᠷ ᠤᠷᠢᠳᠴᠢᠯᠡᠨ ᠢᠯᠴᠢ ᠬᠠᠩᠭᠠᠵᠤ᠂ 9 ᠰᠠᠷ᠎ᠠ᠎ᠶ᠋ᠢᠨ 28 ᠎ᠤ᠋ ᠡᠳᠦᠷ᠎ᠡᠴᠡ ᠡᠬᠢᠯᠡᠨ ᠲᠤᠭᠲᠠᠭᠤᠨ᠎ᠢᠶᠡᠷ ᠪᠠᠷᠢᠮᠵᠢᠶᠠᠨ᠎ᠳᠤ ᠬᠦᠷᠦᠭᠰᠡᠨ ᠢᠯᠴᠢ ᠬᠠᠩᠭᠠᠵᠤ᠂ 4 ᠵᠢᠯ ᠳᠠᠷᠠᠭᠠᠯᠠᠨ ᠤᠷᠢᠳᠴᠢᠯᠠᠨ ᠢᠯᠴᠢ ᠬᠠᠩᠭᠠᠬᠤ᠎ᠶ᠋ᠢ ᠪᠡᠶᠡᠯᠡᠭᠦᠯᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面