2022-11-10 19:46:32
— ᠲᠠ ᠰᠠᠢᠨ ᠦᠦ? ᠡᠨᠡ ᠪᠣᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 12320 — 5 ᠰᠡᠳᠭᠢᠴᠡ᠎ᠶ᠋ᠢᠨ ᠲᠤᠰᠠᠯᠠᠮᠵᠢ᠎ᠶ᠋ᠢᠨ ᠬᠠᠯᠠᠮᠱᠢᠯ ᠤᠲᠠᠰᠤ ᠪᠣᠯᠤᠨ᠎ᠠ᠂ ᠲᠠᠨ᠎ᠳᠤ ᠬᠠᠪᠰᠤᠷᠤᠭᠤᠯᠬᠤ ᠵᠦᠶ᠋ᠯ ᠪᠠᠢᠨ᠎ᠠ ᠦᠦ?
— ᠪᠢ ᠬᠡᠳᠦᠨ ᠡᠳᠦᠷ ᠨᠣᠢᠷ ᠬᠤᠯᠵᠢᠵᠤ᠂ ᠰᠡᠳᠭᠢᠯ ᠰᠠᠨᠠᠭ᠎ᠠ ᠪᠤᠬᠢᠨᠢᠳᠤᠵᠤ ᠪᠠᠢᠨ᠎ᠠ ᠁ ᠤᠲᠠᠰᠤᠨ᠎ᠤ ᠨᠥᠭᠥᠭᠡ ᠦᠵᠦᠭᠦᠷ᠎ᠲᠦ ᠯᠢᠦ ᠠᠪᠠᠬᠠᠶ ᠥᠪᠡᠷ᠎ᠦᠨ ᠲᠥᠭᠡᠷᠢᠭ᠌ᠳᠡᠯ᠎ᠢᠶᠡᠨ ᠨᠠᠮᠬᠠᠨ ᠲᠣᠭᠠᠴᠢᠨ᠎ᠠ᠃ ᠥᠪᠡᠷᠲᠡᠭᠡᠨ ᠵᠠᠰᠠᠬᠤ ᠣᠷᠣᠨ᠎ᠤ ᠤᠶᠤᠨ ᠮᠡᠳᠡᠷᠡᠯ᠎ᠤᠨ ᠡᠷᠡᠭᠦᠯ ᠬᠠᠮᠠᠭᠠᠯᠠᠯ᠎ᠤᠨ ᠲᠥᠪ᠎ᠦᠨ ᠰᠡᠳᠭᠢᠴᠡ᠎ᠶ᠋ᠢᠨ ᠡᠮᠴᠢ ᠵᠠᠩ ᠱᠢᠶᠤᠤ ᠨᠠᠷᠢᠨ ᠬᠢᠨᠠᠮᠠᠭᠠᠢ ᠰᠣᠨᠣᠰᠴᠤ᠌᠂ ᠪᠠᠢᠨ ᠪᠠᠢᠨ ᠨᠦᠬᠦᠭᠡ ᠡᠲᠡᠭᠡᠳ᠎ᠲᠡᠶ᠎ᠪᠡᠨ ᠶᠠᠷᠢᠯᠴᠠᠨ ᠤᠢᠯᠠᠭᠠᠯᠴᠠᠵᠤ᠂ ᠲᠤᠰᠭᠠᠢ ᠮᠡᠷᠭᠡᠵᠢᠯ᠎ᠦᠨ ᠤᠷ᠎ᠠ ᠤᠬᠠᠭᠠᠨ᠎ᠢᠶᠡᠷ ᠲᠡᠭᠦᠨ᠎ᠦ ᠰᠡᠳᠭᠢᠯ ᠠᠮᠤᠷ ᠦᠭᠡᠢ ᠪᠠᠢᠬᠤ ᠪᠠ ᠠᠶᠤᠵᠤ ᠡᠮᠢᠶᠡᠬᠦ᠌ᠪᠠᠢᠳᠠᠯᠢ ᠲᠠᠢᠳᠭᠤᠷᠠᠭᠤᠯᠵᠤ᠂ ᠠᠭᠠᠵᠢᠮ᠎ᠢᠶᠠᠷ ᠨᠦᠬᠦᠭᠡᠳᠡᠬᠢ ᠵᠢᠨ ᠵᠢᠠᠨ ᠲᠥᠭᠡᠷᠢᠭ᠌ᠳᠡᠯ᠎ᠢ ᠠᠷᠢᠯᠭᠠᠪᠠ᠃
ᠲᠣᠰ ᠡᠭᠡᠯᠵᠢ᠎ᠶ᠋ᠢᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ ᠭᠠᠷᠤᠭ᠍ᠰᠠᠨ᠎ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠰᠡᠳᠭᠢᠴᠡ᠎ᠶ᠋ᠢᠨ ᠲᠤᠰᠠᠯᠠᠮᠵᠢ᠎ᠶ᠋ᠢᠨ ᠬᠠᠯᠠᠮᠱᠢᠯ ᠤᠲᠠᠰᠤ 12320 — 5᠎ᠳ᠋ᠤ 5 ᠤᠲᠠᠰᠤ ᠨᠡᠪᠲᠡᠷᠡᠭᠦᠯᠵᠦ᠍᠂ 24 ᠴᠠᠭ᠎ᠢᠶᠠᠷ ᠣᠯᠠᠨ ᠲᠦᠮᠡᠨ᠎ᠳᠦ ᠰᠡᠳᠭᠢᠴᠡ᠎ᠶ᠋ᠢᠨ ᠵᠥᠪᠯᠡᠯᠭᠡ ᠬᠠᠩᠭᠠᠪᠠ᠃ ᠥᠪᠡᠷᠲᠡᠭᠡᠨ ᠵᠠᠰᠠᠬᠤ ᠣᠷᠣᠨ᠎ᠤ ᠤᠶᠤᠨᠮᠡᠳᠡᠷᠡᠯᠤᠨ ᠡᠷᠡᠭᠦᠯ ᠬᠠᠮᠠᠭᠠᠯᠠᠯ᠎ᠤᠨ ᠲᠥᠪ᠎ᠨᠢ 129 ᠬᠥᠮᠦᠨ᠎ᠦ ᠰᠡᠳᠭᠢᠴᠡ᠎ᠶ᠋ᠢᠨ ᠲᠤᠰᠠᠯᠠᠮᠵᠢ᠎ᠶ᠋ᠢᠨ ᠡᠩᠨᠡᠭᠡ᠎ᠶ᠋ᠢ ᠵᠣᠬᠢᠶᠠᠨ ᠪᠠᠢᠭᠤᠯᠵᠤ᠂ ᠲᠣᠭ᠍ᠲᠠᠭ᠍ᠰᠠᠨ ᠡᠮᠨᠡᠯᠭᠡ᠎ᠶ᠋ᠢᠨ ᠬᠣᠷᠢᠶ᠎ᠠ᠂ ᠰᠢᠷ᠎ᠠ ᠺᠣᠳ᠋᠎ᠤᠨ ᠡᠮᠨᠡᠯᠭᠡ᠎ᠶ᠋ᠢᠨ ᠬᠣᠷᠢᠶ᠎ᠠ᠎ᠵᠢᠨ ᠪᠠᠢᠭᠤᠯᠤᠭᠰᠠᠨ ᠮᠡᠳᠡᠷᠡᠯ᠎ᠤᠨ ᠰᠠᠯᠠᠭᠠᠨ᠎ᠤ ᠡᠪᠡᠳᠴᠢᠨ᠎ᠤ ᠳᠠᠰᠤᠭ᠎ᠲᠦ ᠪᠦᠬᠦᠯᠢ ᠴᠣᠭ᠍ᠴᠠ᠎ᠪᠠᠷ᠎ᠨᠢ ᠨᠠᠢᠳᠠᠨ ᠬᠠᠮᠢᠶᠠᠷᠤᠭᠤᠯᠵᠤ᠂ ᠲᠤᠰᠠᠭᠠᠷᠯᠠᠬᠳᠠᠭᠰᠠᠨ ᠬᠥᠮᠦᠰ᠎ᠲᠦ ᠬᠢᠵᠢᠭ᠎ᠢ ᠰᠡᠷᠭᠡᠢᠯᠡᠬᠦ᠌ ᠰᠡᠳᠭᠢᠴᠡ᠎ᠶ᠋ᠢᠨ ᠡᠷᠡᠭᠦᠯ ᠮᠡᠨᠳᠦ᠍᠎ᠶ᠋ᠢᠨ ᠦᠢᠯᠡᠴᠢᠯᠡᠭᠡ ᠬᠠᠩᠭᠠᠪᠠ᠃
《ᠣᠨᠴᠠ ᠵᠠᠷᠢᠮ ᠤᠯᠠᠨ ᠲᠦᠮᠡᠨ ᠪᠣᠯᠤᠨ ᠲᠤᠰᠠᠭᠠᠷᠯᠠᠭ᠍ᠳᠠᠭ᠍ᠰᠠᠨ ᠬᠥᠮᠦᠰ ᠬᠢᠵᠢᠭ᠎ᠦᠨ ᠪᠠᠢᠳᠠᠯ᠎ᠤᠨ ᠡᠮᠦᠨ᠎ᠡ ᠤᠨᠴᠠᠭᠠᠢ ᠰᠡᠳᠭᠢᠴᠠ ᠵᠢᠨ ᠭᠡᠯᠪᠡᠯᠵᠠᠯ ᠢᠯᠡᠷᠡᠵᠦ᠍ ᠪᠠᠢᠨ᠎ᠠ᠂ ᠡᠨᠡ ᠪᠣᠯ ᠬᠡᠪ᠎ᠦᠨ ᠰᠡᠳᠭᠢᠴᠡ᠎ᠶ᠋ᠢᠨ ᠲᠤᠰᠭᠠᠯ ᠪᠣᠯᠤᠨ᠎ᠠ᠃ ᠭᠡᠪᠡᠴᠦ᠍ ᠬᠡᠷᠪᠡ ᠬᠡᠲᠦᠷᠬᠡᠢ ᠲᠤᠰᠭᠠᠯ ᠭᠠᠷᠭᠠᠪᠠᠯ ᠪᠡᠶ᠎ᠡ ᠰᠡᠳᠭᠢᠯ᠎ᠦᠨ ᠡᠷᠡᠭᠦᠯ ᠮᠡᠨᠳᠦ᠍᠎ᠶ᠋ᠢ ᠨᠥᠯᠥᠭᠡᠯᠡᠵᠦ᠍᠂ ᠰᠡᠳᠭᠢᠴᠡ᠎ᠶ᠋ᠢᠨ ᠵᠣᠬᠢᠴᠠᠭᠤᠯᠭ᠎ᠠ ᠬᠢᠬᠦ᠌ ᠴᠢᠬᠤᠯᠠᠲᠠᠢ》 ᠭᠡᠵᠦ ᠥᠪᠡᠷᠲᠡᠭᠡᠨ ᠵᠠᠰᠠᠬᠤ ᠣᠷᠣᠨ᠎ᠤ ᠤᠶᠣᠨᠮᠡᠳᠡᠷᠡᠯᠤᠨ ᠡᠷᠡᠭᠦᠯ ᠬᠠᠮᠠᠭᠠᠯᠠᠯ᠎ᠤᠨ ᠲᠥᠪ᠎ᠦᠨ ᠣᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠎ᠤᠨ ᠰᠠᠯᠠᠭ᠎ᠠ (ᠥᠪᠡᠷᠲᠡᠭᠡᠨ ᠵᠠᠰᠠᠬᠤ ᠣᠷᠣᠨ᠎ᠤ ᠤᠶᠤᠨᠮᠡᠳᠡᠷᠡᠯᠤᠨ ᠡᠷᠡᠭᠦᠯ ᠬᠠᠮᠠᠭᠠᠯᠠᠯ᠎ᠤᠨ ᠲᠥᠷᠥᠯ ᠵᠦᠶ᠋ᠯ᠎ᠦᠨ ᠠᠯᠪᠠᠨ ᠬᠡᠷ) ᠶ᠋ᠢᠨ ᠡᠷᠬᠢᠯᠡᠭ᠌ᠴᠢ ᠪᠠᠶ ᠶᠢᠨ ᠱᠢᠶᠠ ᠭᠡᠯᠡᠭᠰᠡᠨ ᠪᠦᠭᠡᠳ᠄ 《ᠪᠢᠳᠡ ᠰᠦᠯᠵᠢᠶᠡᠨ ᠳᠡᠭᠡᠷᠡᠬᠢ ᠪᠠ ᠪᠤᠳᠠᠳᠤ ᠴᠤᠭᠴᠠ ᠵᠢᠨ ᠬᠡᠯᠪᠡᠷᠢ᠎ᠪᠡᠷ ᠬᠠᠯᠠᠮᠱᠢᠯ ᠤᠲᠠᠰᠤ ᠨᠡᠪᠲᠡᠷᠡᠭᠦᠯᠵᠦ᠍᠂ ᠳᠠᠷᠤᠯᠲᠠ᠎ᠶ᠋ᠢ ᠪᠠᠭᠠᠰᠭᠠᠬᠤ ᠤᠷ᠎ᠠ ᠮᠡᠷᠭᠡᠵᠢᠯ᠎ᠦᠨ ᠲᠠᠭᠤ ᠳᠦᠷᠰᠦ ᠱᠢᠩᠭᠡᠭᠡᠯᠲᠡ ᠵᠢᠴᠢ ᠬᠣᠶᠠᠷ ᠬᠡᠮᠵᠢᠯᠳᠦ ᠺᠣᠳ᠋ ᠬᠦᠷᠭᠡᠵᠦ᠍᠂ ᠰᠡᠳᠭᠢᠴᠡ᠎ᠶ᠋ᠢᠨ ᠡᠷᠡᠭᠦᠯ ᠮᠡᠨᠳᠦ᠍᠎ᠶ᠋ᠢᠨ ᠲᠠᠢᠯᠤᠮᠵᠢ ᠵᠡᠷᠭᠡ᠎ᠶ᠋ᠢ ᠥᠷᠨᠢᠭᠦᠯᠵᠦ᠍᠂ ᠣᠯᠠᠨ ᠲᠦᠮᠡᠨ ᠵᠢᠴᠢ ᠡᠮᠦᠨ᠎ᠡ ᠹᠷᠣᠨᠲ᠎ᠤᠨ ᠬᠥᠮᠦᠰ᠎ᠲᠦ ᠪᠥᠬᠥ᠌ ᠲᠠᠯ᠎ᠠ᠎ᠪᠠᠷ᠂ ᠣᠯᠠᠨ ᠠᠷᠭ᠎ᠠ ᠵᠠᠮ᠎ᠢᠶᠠᠷ ᠰᠡᠳᠭᠢᠴᠡ᠎ᠶ᠋ᠢᠨ ᠡᠷᠡᠭᠦᠯ ᠮᠡᠨᠳᠦ᠍᠎ᠶ᠋ᠢᠨ ᠦᠶ᠋ᠯᠡᠴᠢᠯᠡᠭᠡ ᠬᠠᠩᠭᠠᠵᠤ ᠪᠠᠢᠨ᠎ᠠ》 ᠭᠡᠯ᠎ᠠ᠃
11 ᠰᠠᠷ᠎ᠠ᠎ᠶ᠋ᠢᠨ 8 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠰᠡᠳᠭᠢᠴᠡ᠎ᠶ᠋ᠢᠨ ᠲᠤᠰᠠᠯᠠᠮᠵᠢ ᠦᠵᠡᠭᠦᠯᠬᠦ᠌ ᠬᠠᠯᠠᠮᠱᠢᠯ ᠤᠲᠠᠰᠤ ᠨᠡᠢᠲᠡ ᠮᠢᠩᠭ᠎ᠠ ᠭᠠᠷᠤᠶ ᠤᠲᠠᠰᠤ ᠵᠢ ᠭᠥᠯᠢᠶᠡᠨ ᠠᠪᠴᠤ᠌ ᠰᠣᠨᠣᠰᠤᠨ᠂ ᠥᠪᠡᠷ᠎ᠢ᠎ᠪᠡᠨ ᠲᠣᠬᠢᠷᠠᠭᠤᠯᠵᠤ ᠳᠠᠷᠤᠯᠲᠠ᠎ᠶ᠋ᠢ ᠪᠠᠭᠠᠰᠭᠠᠬᠤ ᠠᠷᠭ᠎ᠠ᠂ ᠵᠣᠪᠠᠨᠢᠬᠤ ᠭᠠᠩᠰᠠᠷᠠᠬᠤ ᠰᠡᠳᠭᠢᠯᠭᠡ᠎ᠶ᠋ᠢ ᠢᠯᠭᠠᠨ ᠲᠠᠨᠢᠬᠤ ᠵᠡᠷᠭᠡ ᠡᠷᠡᠭᠦᠯ ᠮᠡᠨᠳᠦ᠍᠎ᠶ᠋ᠢᠨ ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ 90 ᠭᠠᠷᠤᠶ ᠵᠤᠷᠪᠤᠰ ᠮᠡᠳᠡᠯᠭᠡ᠎ᠶ᠋ᠢ ᠲᠠᠨᠢᠯᠴᠠᠭᠤᠯᠪᠠ᠃
ᠣᠢᠯᠠᠭᠠᠭ᠍ᠰᠠᠨ᠎ᠢᠶᠠᠷ᠂ ᠥᠪᠡᠷᠲᠡᠭᠡᠨ ᠵᠠᠰᠠᠬᠤ ᠣᠷᠣᠨ᠎ᠤ ᠣᠶᠤᠨ ᠮᠡᠳᠡᠷᠡᠯ᠎ᠦᠨ ᠡᠷᠡᠭᠦᠯ ᠬᠠᠮᠠᠭᠠᠯᠠᠯ᠎ᠤᠨ ᠲᠥᠪ 43 ᠣᠶᠤᠨ ᠮᠡᠳᠡᠷᠡᠯ᠂ ᠰᠡᠳᠭᠢᠴᠡ᠎ᠶ᠋ᠢᠨ ᠲᠤᠰᠭᠠᠶ ᠮᠡᠷᠭᠡᠵᠢᠯᠲᠡᠨ᠎ᠢ ᠵᠣᠬᠢᠶᠠᠨ ᠪᠠᠢᠭᠤᠯᠵᠤ᠂ ᠬᠡᠰᠡᠭ ᠬᠡᠰᠡᠭ᠎ᠢᠶᠡᠷ ᠳᠠᠭᠠᠭᠠᠴᠢᠯᠠᠬᠤ ᠬᠡᠯᠪᠡᠷᠢ᠎ᠪᠡᠷ ᠬᠥᠬᠡᠬᠣᠲᠠ᠎ᠶ᠋ᠢᠨ ᠳᠥᠷᠪᠡᠨ ᠲᠣᠭᠣᠷᠢᠭ ᠲᠠᠪᠤᠨ ᠱᠢᠶᠠᠨ᠎ᠤ ᠥᠨᠳᠥᠷ (ᠳᠤᠮᠳᠠ) ᠲᠦᠭ᠌ᠰᠢᠭᠦᠷᠢᠳᠠᠢ ᠰᠠᠭᠤᠭᠠᠯᠢ ᠲᠣᠭᠣᠷᠢᠭ᠎ᠢ ᠬᠠᠮᠤᠷᠴᠤ᠌᠂ ᠰᠡᠳᠭᠢᠴᠡ᠎ᠶ᠋ᠢᠨ ᠵᠥᠪᠯᠡᠯᠭᠡ ᠥᠭ᠌ᠬᠦ ᠦᠶ᠋ᠯᠡᠴᠢᠯᠡᠭᠡ ᠬᠠᠩᠭᠠᠪᠠ᠃ 68 ᠬᠥᠮᠦᠨ᠎ᠢ ᠲᠣᠮᠢᠯᠠᠵᠤ ᠲᠣᠭ᠍ᠲᠠᠭ᠍ᠰᠠᠨ ᠡᠮᠨᠡᠯᠭᠡ᠎ᠶ᠋ᠢᠨ ᠬᠣᠷᠢᠶ᠎ᠠ᠂ ᠰᠢᠷ᠎ᠠ ᠺᠣᠳ᠋ ᠳᠠᠢ ᠡᠮᠨᠡᠯᠭᠡ᠎ᠶ᠋ᠢᠨ ᠬᠣᠷᠢᠶᠠᠨ᠎ᠤ ᠮᠡᠳᠡᠷᠡᠯ᠎ᠦᠨ ᠰᠠᠯᠠᠭᠠᠨ᠎ᠤ ᠡᠪᠡᠳᠴᠢᠲᠡᠨ᠎ᠦ ᠥᠷᠥᠭᠡ᠎ᠶ᠋ᠢ ᠬᠠᠮᠢᠶᠠᠷᠤᠭᠤᠯᠵᠤ᠂ ᠣᠶᠤᠨ ᠮᠡᠳᠡᠷᠡᠯ᠎ᠦᠨ ᠰᠠᠭᠠᠳ᠎ᠲᠠᠶ ᠡᠪᠡᠳᠴᠢᠲᠡᠨ᠎ᠢ ᠣᠨᠣᠱᠢᠯᠠᠨ ᠵᠠᠰᠠᠵᠤ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠴᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃