ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠮᠡᠳᠡᠭᠡᠯᠡᠯ

2022-11-11 17:57:57

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠣᠳᠣᠬᠠᠨ᠎ᠤ ᠪᠥᠬᠥ᠌ ᠣᠷᠣᠨ᠎ᠤ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠬᠣᠯᠪᠣᠭ᠍ᠳᠠᠯ ᠪᠥᠬᠥᠶ ᠪᠠᠢᠳᠠᠯ ᠎ᠳᠤ ᠴᠢᠭ᠌ᠯᠡᠭᠦᠯᠦᠨ᠂ ᠨᠡᠢᠭᠡᠮ᠎ᠦᠨ ᠠᠪᠤᠷᠠᠨ ᠲᠤᠰᠠᠯᠠᠯᠲᠠ᠎ᠶ᠋ᠢᠨ ᠦᠨᠳᠦᠰᠦᠨ ᠵᠦᠶ᠋ᠯ᠎ᠢ ᠪᠠᠲᠤᠯᠠᠬᠤ ᠦᠶ᠋ᠯᠡᠳᠦᠯ᠎ᠢ ᠭᠦᠶ᠋ᠴᠡᠳ ᠪᠠᠳᠠᠷᠠᠭᠤᠯᠬᠤ᠎ᠶ᠋ᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠬᠣᠯᠪᠣᠭ᠍ᠳᠠᠯ ᠪᠥᠬᠥᠶ ᠪᠠᠢᠷᠢᠯᠠᠭᠤᠯᠤᠯᠲᠠ ᠶᠣᠰᠣᠭᠠᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠂ ᠡᠳ᠋᠎ᠦᠨ ᠵᠠᠰᠠᠭ᠎ᠤᠨ ᠲᠢᠩᠬᠢᠮ 《ᠮᠡᠳᠡᠭ᠌ᠳᠡᠯ》 ᠳᠠᠷᠤᠮᠠᠯᠯᠠᠨ ᠲᠠᠷᠬᠠᠭᠠᠵᠤ᠂ 1.3 ᠳ᠋ᠦᠩᠱᠢᠭᠤᠷ ᠲᠥᠭᠥᠷᠢᠭ᠎ᠤᠨ ᠬᠦᠴᠢᠷᠳᠡᠯᠲᠡᠶ ᠣᠯᠠᠨ ᠲᠦᠮᠡᠨ᠎ᠢ ᠠᠪᠤᠷᠠᠨ ᠲᠤᠰᠠᠯᠠᠬᠤ ᠨᠥᠬᠥᠪᠥᠷᠢ ᠮᠥᠩᠭᠥ ᠎ᠶ᠋ᠢ ᠪᠠᠴᠢᠮ ᠪᠠᠭᠤᠯᠭᠠᠵᠤ᠂ ᠬᠢᠵᠢᠭ᠎ᠦᠨ ᠪᠠᠢᠳᠠᠯ᠎ᠳᠤ ᠨᠥᠯᠥᠭᠡᠯᠡᠭ᠌ᠳᠡᠭ᠌ᠰᠡᠨ ᠵᠡᠷᠭᠡ ᠬᠦᠴᠢᠷᠳᠡᠯᠲᠡᠶ ᠣᠯᠠᠨ ᠲᠦᠮᠡᠨ ᠎ᠦ ᠦᠨᠳᠦᠰᠦᠨ ᠠᠮᠢᠳᠤᠷᠠᠯ᠎ᠤᠨ ᠬᠡᠷᠡᠭ᠌ᠴᠡᠭᠡ ᠱᠠᠭᠠᠷᠳᠠᠯᠭ᠎ᠠ᠎ᠶ᠋ᠢ ᠦᠨᠡᠨ ᠬᠦ᠌ ᠪᠠᠲᠤᠯᠠᠪᠠ᠃

《ᠮᠡᠳᠡᠭ᠌ᠳᠡᠯ》 ᠳ᠋ᠤ᠂ ᠲᠣᠰ ᠤᠳᠠᠭ᠎ᠠ ᠪᠠᠭᠤᠯᠭᠠᠭ᠍ᠰᠠᠨ ᠪᠠᠯᠠ ᠮᠥᠩᠭᠥ᠎ᠶ᠋ᠢ ᠬᠢᠵᠢᠭ᠎ᠦᠨ ᠪᠠᠢᠳᠠᠯ ᠪᠠ ᠭᠠᠮᠱᠢᠭ᠎ᠠᠴᠠ ᠪᠣᠯᠤᠭ᠍ᠰᠠᠨ ᠵᠡᠷᠭᠡ ᠬᠦᠴᠢᠷᠳᠡᠯ᠎ᠳᠦ ᠲᠤᠯᠭᠠᠷᠠᠭ᠍ᠰᠠᠨ ᠣᠯᠠᠨ ᠲᠦᠮᠡᠨ ᠎ᠦ ᠦᠨᠳᠦᠰᠦᠨ ᠠᠮᠢᠳᠤᠷᠠᠯ᠎ᠤᠨ ᠠᠪᠤᠷᠠᠨ ᠲᠤᠰᠠᠯᠠᠯᠲᠠ᠂ ᠪᠠᠴᠢᠮ ᠬᠦᠴᠢᠷᠳᠡᠯ᠎ᠦᠨ ᠨᠡᠢᠭᠡᠮ᠎ᠦᠨ ᠠᠪᠤᠷᠠᠨ ᠲᠤᠰᠠᠯᠠᠯᠲᠠ ᠪᠠ ᠬᠦᠴᠢᠷᠳᠡᠯᠲᠡᠶ ᠣᠯᠠᠨ ᠲᠦᠮᠡᠨ᠎ᠦ ᠦᠨ᠎ᠡ ᠬᠠᠩᠰᠢ᠎ᠶ᠋ᠢᠨ ᠲᠦᠷ ᠴᠠᠭ᠎ᠤᠨ ᠨᠥᠬᠥᠪᠥᠷᠢ ᠵᠡᠷᠭᠡ ᠪᠠᠲᠤᠯᠠᠭ᠎ᠠ᠎ᠶ᠋ᠢᠨ ᠴᠢᠨᠠᠷᠲᠠᠶ ᠵᠠᠷᠤᠯᠭ᠎ᠠ᠎ᠳᠤ ᠨᠢᠭᠡᠳᠦᠯᠲᠡᠶ ᠲᠥᠯᠥᠪᠵᠢᠭᠦᠯᠦᠨ ᠬᠡᠷᠡᠭ᠌ᠯᠡᠨ᠎ᠡ᠃ ᠡᠭᠦᠨ᠎ᠦ ᠬᠠᠮᠲᠤ᠂ ᠡᠯ᠎ᠡ ᠭᠠᠵᠠᠷ᠎ᠤᠨ᠎ᠬᠢᠨ ᠬᠦᠴᠢᠷᠳᠡᠯᠲᠡᠶ ᠣᠯᠠᠨ ᠲᠦᠮᠡᠨ᠎ᠦ ᠦᠨᠳᠦᠰᠦᠨ ᠠᠮᠢᠳᠤᠷᠠᠯ᠎ᠢ ᠪᠠᠲᠤᠯᠠᠬᠤ ᠡᠨᠡ ᠬᠦ᠌ ᠬᠥᠪᠴᠢ᠎ᠶ᠋ᠢ ᠦᠷᠭᠦᠯᠵᠢᠯᠡᠨ ᠴᠢᠩᠭᠠᠯᠠᠵᠤ᠂ 《ᠠᠪᠤᠷᠠᠪᠠᠰᠤ ᠵᠣᠬᠢᠬᠤ᠎ᠶ᠋ᠢ᠎ᠨᠢ ᠪᠦᠬᠦᠨ᠎ᠢ ᠠᠪᠤᠷᠬᠠᠸ᠋᠂ ᠤᠨᠢᠨ ᠳᠡᠭᠡᠷ᠎ᠡ ᠨᠢ ᠠᠪᠤᠷᠠᠨ ᠲᠤᠰᠠᠯᠠᠬᠤ》 ᠵᠠᠷᠴᠢᠮ᠎ᠢ ᠪᠠᠷᠢᠮᠲᠠᠯᠠᠵᠤ᠂ ᠬᠦᠴᠢᠷᠳᠡᠯᠲᠡᠶ ᠣᠯᠠᠨ ᠲᠦᠮᠡᠨ᠎ᠦ ᠭᠡᠨᠡᠳᠲᠡ᠎ᠶ᠋ᠢᠨ ᠴᠢᠨᠠᠷᠲᠠᠶ᠂ ᠲᠤᠯᠭᠠᠮ ᠴᠢᠨᠠᠷᠲᠠᠶ ᠠᠮᠢᠳᠤᠷᠠᠯ᠎ᠤᠨ ᠠᠰᠠᠭᠤᠳᠠᠯ ᠎ᠢ ᠥᠨᠳᠥᠷ ᠪᠦᠲᠦᠮᠵᠢᠲᠡᠶ ᠎ᠪᠡᠷ ᠲᠣᠬᠢᠲᠠᠶ ᠱᠢᠶ᠋ᠳᠪᠦᠷᠢᠯᠡᠵᠦ᠍᠂ ᠨᠥᠬᠥᠴᠡᠯ᠎ᠳᠦ ᠨᠡᠢᠴᠡᠬᠦ᠌ ᠬᠦᠴᠢᠷᠳᠡᠯᠲᠡᠶ ᠣᠯᠠᠨ ᠲᠦᠮᠡᠨ᠎ᠢ ᠴᠠᠭ ᠲᠤᠬᠠᠶ᠎ᠳᠤᠨᠢ ᠨᠠᠭᠠᠳᠤ ᠵᠠᠬ᠎ᠠ᠎ᠶ᠋ᠢᠨ ᠠᠮᠢᠳᠤᠷᠠᠯ᠎ᠤᠨ ᠪᠠᠲᠤᠯᠠᠭ᠎ᠠ᠂ ᠣᠨᠴᠠᠭᠠᠢ ᠬᠦᠴᠢᠷᠳᠡᠯᠲᠡᠶ ᠬᠥᠮᠦᠰ᠎ᠢ ᠠᠰᠠᠷᠠᠨ ᠲᠡᠵᠢᠭᠡᠬᠦ᠌᠂ ᠲᠦᠷ ᠴᠠᠭ᠎ᠤᠨ ᠠᠪᠤᠷᠠᠨ ᠲᠤᠰᠠᠯᠠᠬᠤ ᠵᠡᠷᠭᠡ ᠦᠨᠳᠦᠰᠦᠨ ᠵᠦᠶ᠋ᠯ᠎ᠢ ᠪᠠᠲᠤᠯᠠᠬᠤ ᠪᠠᠲᠤᠯᠠᠭ᠎ᠠ᠎ᠳᠤ ᠣᠷᠣᠭᠤᠯᠬᠤ ᠬᠡᠷᠡᠭ᠌ᠲᠡᠶ᠃ ᠬᠦᠨᠳᠦ ᠶᠡᠬᠡ ᠠᠮᠢᠳᠤᠷᠠᠯ᠎ᠤᠨ ᠬᠦᠴᠢᠷᠳᠡᠯ᠎ᠳᠦ ᠲᠤᠯᠭᠠᠷᠠᠭ᠍ᠰᠠᠨ ᠪᠣᠯ᠂ 《ᠠᠰ ᠠᠰ ᠲᠤᠨᠢ ᠵᠥᠪᠯᠡᠬᠦ᠌ 》᠂ 《ᠨᠢᠭᠡ ᠬᠡᠷᠡᠭ᠎ᠲᠦ ᠨᠢᠭᠡ ᠠᠷᠭ᠎ᠠ ᠪᠣᠳᠣᠯᠭ᠎ᠠ ᠠᠪᠬᠤ》 ᠠᠷᠭ᠎ᠠ ᠬᠡᠯᠪᠡᠷᠢ᠎ᠶ᠋ᠢ ᠠᠪᠴᠤ᠌᠂ ᠠᠪᠤᠷᠠᠨ ᠲᠤᠰᠠᠯᠠᠬᠤ ᠬᠢᠷᠢ ᠲᠦᠪᠱᠢᠨ᠎ᠢᠶᠡᠨ ᠳᠡᠭᠡᠭ᠌ᠰᠢᠯᠡᠭᠦᠯᠬᠦ᠌ ᠬᠡᠷᠡᠭ᠌ᠲᠡᠶ᠃ ᠡᠷᠴᠢᠮᠳᠠᠢ ᠠᠷᠭ᠎ᠠ ᠬᠡᠮᠵᠢᠶ᠎ᠡ ᠠᠪᠴᠤ᠌᠂ ᠡᠯ᠎ᠡ ᠲᠥᠷᠥᠯ᠎ᠦᠨ ᠠᠪᠤᠷᠠᠨ ᠲᠤᠰᠠᠯᠠᠬᠤ ᠪᠠᠲᠤᠯᠠᠭ᠎ᠠ᠎ᠶ᠋ᠢᠨ ᠪᠡᠯᠡ ᠮᠥᠩᠭᠥ᠎ᠶ᠋ᠢ ᠴᠠᠭ ᠲᠤᠬᠠᠶ᠎ᠳᠤᠨᠢ ᠭᠦᠢᠴᠡᠳ ᠲᠣᠭ᠎ᠠ᠎ᠪᠠᠷ ᠣᠯᠭᠣᠬᠤ ᠬᠡᠷᠡᠭ᠌ᠲᠡᠶ᠃ ᠪᠠᠷᠠᠭᠠᠨ᠎ᠤ ᠦᠨ᠎ᠡ᠎ᠶ᠋ᠢᠨ ᠪᠠᠢᠳᠠᠯ᠎ᠤᠨ ᠬᠤᠪᠢᠷᠠᠯᠲᠠ᠎ᠶ᠋ᠢ ᠨᠢᠭ᠍ᠲᠠ ᠠᠩᠬᠠᠷᠴᠤ᠌᠂ ᠱᠠᠲᠤ ᠦᠶ᠎ᠡ᠎ᠶ᠋ᠢᠨ ᠴᠢᠨᠠᠷᠲᠠᠶ ᠦᠨ᠎ᠡ ᠬᠠᠩᠰᠢ᠎ᠶ᠋ᠢ ᠲᠣᠬᠢᠷᠠᠭᠤᠯᠬᠤ ᠲᠦᠷ ᠴᠠᠭ᠎ᠤᠨ ᠨᠥᠬᠥᠪᠥᠷᠢ᠎ᠶ᠋ᠢᠨ ᠬᠣᠯᠪᠣᠭ᠍ᠳᠠᠯ ᠪᠦᠬᠦᠢ ᠲᠥᠷᠥ᠎ᠶ᠋ᠢᠨ ᠪᠣᠳᠣᠯᠭ᠎ᠠ᠎ᠶ᠋ᠢ ᠰᠠᠢᠲᠤᠷ ᠨᠠᠢᠳᠠᠪᠤᠷᠢᠵᠢᠭᠤᠯᠵᠤ᠂ ᠨᠠᠭᠠᠳᠤ ᠵᠠᠬ᠎ᠠ᠎ᠶ᠋ᠢᠨ ᠪᠠᠲᠤᠯᠠᠭ᠎ᠠ ᠬᠦᠷᠲᠡᠬᠦ᠌᠎ᠳᠦ ᠬᠥᠪᠡᠭᠡᠳᠡᠵᠦ᠍ ᠪᠠᠢᠭ᠎ᠠ ᠬᠥᠮᠦᠨ ᠠᠮᠠ᠎ᠶ᠋ᠢ ᠣᠯᠭᠣᠬᠤ ᠬᠡᠪᠴᠢᠶᠡᠨ᠎ᠳᠦ ᠣᠷᠣᠭᠤᠯᠬᠤ ᠬᠡᠷᠡᠭᠳᠠᠢ ᠭᠡᠵᠦ᠍ ᠱᠠᠭᠠᠷᠳᠠᠪᠠ᠃

ᠡᠯ᠎ᠡ ᠭᠠᠵᠠᠷ᠎ᠤᠨ ᠡᠳ᠋᠎ᠦᠨ ᠵᠠᠰᠠᠭ᠂ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠬᠠᠮᠵᠢᠯᠴᠠᠭ᠎ᠠ᠎ᠪᠠᠨ ᠴᠢᠩᠭᠠᠳᠭᠠᠵᠤ᠂ ᠪᠡᠯᠡ ᠮᠥᠩᠭᠥ᠎ᠶ᠋ᠢ ᠴᠠᠭ ᠲᠤᠬᠠᠶ᠎ᠳᠤᠨᠢ ᠬᠣᠱᠢᠭᠤ ᠱᠢᠶᠠᠨ ( ᠬᠣᠲᠠ᠂ ᠲᠣᠭᠣᠷᠢᠭ ) ᠳ᠋ᠤ ᠪᠠᠭᠤᠯᠭᠠᠬᠤ ᠬᠡᠷᠡᠭ᠌ᠲᠡᠶ᠃ ᠬᠦᠴᠢᠷᠳᠡᠯᠲᠡᠶ ᠣᠯᠠᠨ ᠲᠦᠮᠡᠨ᠎ᠢ ᠠᠪᠤᠷᠠᠨ ᠲᠤᠰᠠᠯᠠᠬᠤ ᠨᠥᠬᠥᠪᠥᠷᠢ ᠮᠥᠩᠭᠥ᠎ᠶ᠋ᠢᠨ ᠬᠡᠷᠡᠭ᠌ᠯᠡᠯᠲᠡ ᠬᠠᠮᠢᠶᠠᠷᠤᠯᠲᠠ᠎ᠶ᠋ᠢ ᠴᠢᠩᠭᠠᠳᠭᠠᠵᠤ᠂ ᠪᠠᠯᠠ ᠮᠥᠩᠭᠥ᠎ᠶ᠋ᠢᠨ ᠬᠡᠷᠡᠭ᠌ᠯᠡᠯᠲᠡ᠎ᠶ᠋ᠢᠨ ᠦᠷ᠎ᠡ ᠠᠱᠢᠭ᠎ᠢ ᠳᠡᠭᠡᠭ᠌ᠰᠢᠯᠡᠭᠦᠯᠦᠨ᠂ ᠰᠠᠢᠨ ᠶᠠᠪᠤᠳᠠᠯ᠎ᠢ ᠦᠨᠡᠨ ᠬᠦ᠌ ᠠᠷᠠᠳ ᠣᠯᠠᠨ᠎ᠤ ᠰᠡᠳᠭᠢᠯ᠎ᠳᠦ ᠨᠢ ᠬᠦᠷᠳᠡᠯ᠎ᠡ ᠬᠢᠵᠦ᠍᠂ ᠬᠦᠴᠢᠷᠳᠡᠯᠲᠡᠶ ᠣᠯᠠᠨ ᠲᠦᠮᠡᠨ᠎ᠦ ᠬᠦᠷᠲᠡᠮᠵᠢ᠎ᠶ᠋ᠢᠨ ᠲᠥᠷᠥᠭ᠌ᠳᠡᠯ᠂ ᠵᠢᠷᠭᠠᠯᠲᠤ ᠲᠥᠷᠥᠭ᠌ᠳᠡᠯ᠂ ᠠᠮᠤᠷ ᠲᠦᠪᠱᠢᠨ᠎ᠦ ᠲᠥᠷᠥᠭ᠌ᠳᠡᠯ᠎ᠢ ᠦᠨᠡᠨ ᠬᠦ᠌ ᠳᠡᠭᠡᠭ᠌ᠰᠢᠯᠡᠭᠦᠯᠬᠦ᠌ ᠬᠡᠷᠡᠭ᠌ᠲᠡᠶ ᠭᠡᠰᠠᠨ ᠪᠠᠢᠨ᠎ᠠ᠃

ᠢᠷᠡᠯᠳᠡ᠄ ᠳᠠᠯ᠎ᠠ ᠨᠤᠳᠤᠭ ᠪᠦᠷᠢᠨ ᠵᠠᠭᠤᠴᠢᠯᠠᠭᠤᠷ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面