2022-11-10 15:57:09
ᠲᠤᠰ ᠡᠬᠡᠯᠵᠢ ᠵᠢᠨ ᠬᠢᠵᠢᠭ ᠦᠨ ᠪᠠᠢᠳᠠᠯ ᠡᠬᠦᠰᠦᠭᠰᠡᠨ ᠡᠴᠡ ᠨᠠᠭᠠᠰᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ ᠡᠯ᠎ᠡ ᠲᠥᠷᠥᠯ᠎ᠦᠨ ᠬᠦᠴᠢᠷᠳᠡᠯᠲᠡᠶ ᠣᠯᠠᠨ ᠲᠦᠮᠡᠨ᠂ ᠣᠨᠴᠠᠭᠠᠶ ᠬᠦᠴᠢᠷᠳᠡᠯᠲᠡᠶ ᠨᠠᠰᠤᠲᠠᠢᠴᠤᠳ᠂ ᠨᠢᠭᠦᠯᠡᠰᠦᠩᠭᠦᠶ᠎ᠶ᠋ᠢᠨ ᠡᠮ᠎ᠦᠨ ᠵᠦᠢᠯ᠎ᠦᠨ ᠲᠤᠰᠠᠯᠠᠮᠵᠢ ᠭᠥᠷᠳᠡᠵᠦ ᠪᠠᠢᠭ᠎ᠠ ᠡᠪᠡᠳᠴᠢᠲᠡᠨ ᠵᠡᠷᠭᠡ ᠬᠦᠴᠢᠷᠳᠡᠯᠳᠡᠢ ᠬᠦᠮᠦᠰ ᠲᠸ᠋ ᠠᠩᠬᠠᠷᠤᠯ᠎ᠢᠶᠠᠨ ᠬᠠᠨᠳᠤᠭᠤᠯᠵᠦ᠂ ᠪᠥᠬᠥ᠌ ᠲᠠᠯ᠎ᠠ᠎ᠪᠠᠷ ᠵᠢᠭ᠍ᠰᠠᠭᠠᠨ ᠪᠠᠢᠴᠠᠭᠠᠵᠤ᠂ ᠴᠠᠭ ᠲᠤᠬᠠᠶ᠎ᠳᠤᠨᠢ ᠪᠠᠢᠳᠠᠯ᠎ᠢ ᠤᠢᠯᠠᠭᠠᠨ᠂ ᠦᠶ᠋ᠯᠡᠴᠢᠯᠡᠭᠡᠨ ᠦ ᠠᠷᠭ᠎ᠠ ᠮᠠᠶᠢᠭ᠎ᠢᠶᠡᠨ ᠱᠢᠯᠢᠳᠡᠭ᠌ᠵᠢᠭᠦᠯᠵᠦ᠍᠂ ᠬᠠᠢᠷ᠎ᠠ ᠬᠠᠯᠠᠮᠵᠢ ᠬᠦᠷᠳᠡᠭᠡᠬᠦ ᠠᠪᠤᠷᠠᠨ ᠲᠤᠰᠠᠯᠠᠬᠤ᠎ᠪᠠᠨ ᠴᠢᠩᠭᠠᠳᠭᠠᠨ᠂ ᠬᠦᠴᠢᠷᠳᠡᠯᠲᠡᠶ ᠣᠯᠠᠨ ᠲᠦᠮᠡᠨ᠎ᠦ ᠦᠨᠳᠦᠰᠦᠨ ᠠᠮᠢᠳᠤᠷᠠᠯ ᠬᠢᠵᠢᠭ᠎ᠦᠨ ᠪᠠᠢᠳᠠᠯ᠎ᠳᠤ ᠨᠥᠯᠥᠭᠡᠯᠡᠭ᠌ᠳᠡᠬᠦ᠌ ᠥᠬᠡᠶ ᠪᠠᠢᠬᠤ᠎ᠶ᠋ᠢ ᠦᠨᠡᠨ ᠬᠦ᠌ ᠪᠠᠲᠤᠯᠠᠵᠤ ᠪᠠᠢᠨ᠎ᠠ᠃
ᠤᠢᠯᠠᠭᠠᠭᠰᠠᠨ᠎ᠢᠶᠡᠷ᠂ 10 ᠰᠠᠷ᠎ᠠ᠎ᠠᠴᠠ ᠨᠠᠭᠠᠰᠢ᠂ ᠪᠥᠬᠥ᠌ ᠣᠷᠣᠨ᠎ᠤ ᠡᠯ᠎ᠡ ᠱᠠᠲᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠦᠳ ᠡᠯ᠎ᠡ ᠲᠥᠷᠥᠯ᠎ᠦᠨ ᠬᠦᠴᠢᠷᠳᠡᠯᠲᠡᠶ ᠤᠯᠠᠨ ᠲᠦᠮᠡᠨ᠎ᠢ 7.6 ᠲᠦᠮᠡᠨ ᠬᠥᠮᠦᠨ ᠤᠳᠠᠭ᠎ᠠ ᠪᠠᠢᠴᠠᠭᠠᠨ ᠵᠢᠭ᠍ᠰᠠᠭᠠᠵᠤ᠂ 2.6 ᠲᠦᠮᠡᠨ ᠬᠥᠮᠦᠨ᠎ᠢ ᠬᠠᠨᠳᠤᠯᠭᠠᠲᠤ ᠴᠢᠨᠠᠷᠲᠠᠶ᠎ᠪᠠᠷ ᠠᠪᠤᠷᠠᠨ ᠲᠤᠰᠠᠯᠠᠵᠤ᠂ ᠨᠥᠬᠥᠴᠡᠯ᠎ᠳᠦ ᠨᠡᠢᠴᠡᠬᠦ᠌ 8200 ᠭᠠᠷᠤᠶ ᠨᠠᠰᠤᠲᠠᠢᠴᠤᠳ᠎ᠢ ᠬᠠᠪᠰᠤᠷᠤᠨ ᠠᠮᠢᠳᠤᠷᠠᠯ ᠤᠨ ᠨᠠᠭᠠᠳᠤ ᠵᠠᠬ᠎ᠠ᠎ᠶ᠋ᠢᠨ ᠪᠠᠲᠤᠯᠠᠭ᠎ᠠ ᠪᠠ ᠲᠦᠷ ᠴᠠᠭ᠎ᠤᠨ ᠠᠪᠤᠷᠠᠨ ᠲᠤᠰᠠᠯᠠᠯᠲᠠ ᠭᠤᠶᠤᠴᠢᠯᠠᠵᠤ ᠦᠭᠬᠦᠭᠰᠡᠨ ᠪᠠᠢᠨ᠎ᠠ᠃ ᠬᠦᠴᠢᠷᠳᠡᠯᠲᠡᠶ ᠪᠦᠯᠬᠦᠮ ᠨᠠᠢᠳᠡ ᠵᠢ ᠠᠪᠤᠷᠠᠨ ᠲᠤᠰᠠᠯᠠᠬᠤ᠂ ᠬᠠᠯᠠᠮᠵᠢᠯᠠᠨ ᠬᠠᠢᠷᠠᠯᠠᠵᠤ ᠬᠠᠪᠰᠤᠷᠤᠨ ᠲᠡᠳᠬᠦᠬᠦ᠌ ᠵᠡᠷᠭᠡ ᠲᠥᠷᠥ᠎ᠶ᠋ᠢᠨ ᠪᠣᠳᠣᠯᠭ᠎ᠠ᠎ᠶ᠋ᠢ ᠤᠬᠠᠭᠤᠯᠬᠤ ᠡᠷᠴᠢᠮ᠎ᠢᠶᠡᠨ ᠴᠢᠩᠭᠠᠷᠠᠭᠤᠯᠵᠤ᠂ 《ᠬᠠᠬᠢᠷ ᠡᠪᠦᠯ ᠳᠦ ᠬᠠᠢᠷ᠎ᠠ ᠬᠠᠯᠠᠮᠵᠢ ᠬᠦᠷᠭᠡᠬᠦ᠌》 ᠠᠵᠢᠯᠯᠠᠭ᠎ᠠ᠎ᠶ᠋ᠢ ᠥᠷᠨᠢᠭᠦᠯᠦᠨ᠂ ᠰᠣᠨᠢᠨ ᠰᠡᠳᠬᠦᠯ᠂ ᠰᠦᠯᠵᠢᠶ᠎ᠡ᠂ ᠨᠡᠢᠭᠡᠮ ᠲᠣᠭᠣᠷᠢᠭ᠎ᠤᠨ ᠵᠠᠷᠯᠠᠯ᠎ᠦᠨ ᠰᠠᠮᠪᠠᠷ᠎ᠠ ᠵᠡᠷᠭᠡ ᠲᠠᠪᠴᠠᠩ᠎ᠢ ᠠᠱᠢᠭ᠍ᠯᠠᠨ ᠬᠣᠯᠪᠣᠭ᠍ᠳᠠᠯ ᠪᠥᠬᠥᠶ ᠪᠠᠢᠳᠠᠯ᠎ᠢ ᠢᠯᠡ ᠨᠡᠢᠲᠡᠯᠡᠵᠦ᠍᠂ ᠣᠯᠠᠨ ᠲᠦᠮᠡᠨ᠎ᠦ ᠬᠦᠰᠡᠯ ᠱᠠᠭᠠᠷᠳᠠᠯᠭ᠎ᠠ᠎ᠪᠠᠨ ᠲᠤᠰᠭᠠᠬᠤ ᠠᠷᠭ᠎ᠠ ᠵᠠᠮ᠎ᠢ ᠰᠠᠭᠠᠳ ᠦᠭᠡᠢ ᠨᠡᠪᠳᠡᠷᠡᠬᠦᠯᠵᠤ᠂ ᠬᠠᠷᠢᠭᠤ ᠲᠤᠰᠭᠠᠬᠤ ᠲᠣᠭ᠍ᠲᠠᠴᠠ᠎ᠶ᠋ᠢ ᠪᠦᠷᠢᠨᠱᠢᠬᠦᠯᠵᠦ᠍᠂ ᠣᠯᠠᠨ ᠲᠦᠮᠡᠨ ᠲᠥᠷᠥ᠎ᠶ᠋ᠢᠨ ᠪᠣᠳᠣᠯᠭ᠎ᠠ᠎ᠶ᠋ᠢ ᠴᠠᠭ ᠲᠤᠬᠠᠶ᠎ᠳᠤᠨᠢ ᠤᠢᠯᠠᠭᠠᠬᠤ᠂ ᠲᠤᠰᠠᠯᠠᠮᠵᠢ ᠭᠤᠶᠤᠴᠢᠯᠠᠬᠤ ᠂ ᠴᠠᠭ ᠲᠤᠬᠠᠶ᠎ᠳᠤᠨᠢ ᠠᠪᠤᠷᠠᠨ ᠲᠤᠰᠠᠯᠠᠬᠤ᠎ᠶ᠋ᠢ ᠦᠨᠡᠨ ᠬᠦ᠌ ᠪᠠᠲᠤᠯᠠᠪᠠ᠃ 10 ᠰᠠᠷ᠎ᠠ᠎ᠠᠴᠠ ᠨᠠᠭᠠᠰᠢ᠂ ᠪᠥᠬᠥ᠌ ᠣᠷᠣᠨ ᠵᠢᠡᠷ ᠵᠢᠡᠨ ᠬᠢᠵᠢᠭ᠎ᠡᠴᠡ ᠪᠣᠯᠵᠣ ᠬᠦᠴᠢᠷᠳᠡᠯ᠎ᠳᠦ ᠲᠤᠯᠭᠠᠷᠠᠭ᠍ᠰᠠᠨ ᠣᠯᠠᠨ ᠲᠦᠮᠡᠨ᠎ᠳᠦ ᠲᠦᠷ ᠴᠠᠭ᠎ᠤᠨ ᠠᠪᠤᠷᠠᠨ ᠲᠤᠰᠠᠯᠠᠮᠵᠢ ᠬᠠᠩᠭᠠᠵᠤ᠂ 1.54 ᠲᠦᠮᠡᠨ ᠬᠥᠮᠦᠨ ᠤᠳᠠᠭ᠎ᠠ ᠳ᠋ᠤ 214. 64 ᠲᠦᠮᠡᠨ ᠲᠥᠭᠥᠷᠢᠭ ᠠᠪᠤᠷᠠᠨ ᠲᠤᠰᠠᠯᠠᠬᠤ ᠮᠥᠩᠭᠥ᠌ ᠂155.4 ᠲᠦᠮᠡᠨ ᠲᠥᠭᠥᠷᠢᠭ᠎ᠤᠨ ᠦᠷᠳᠡᠭ ᠪᠦᠬᠦᠢ ᠠᠪᠤᠷᠠᠨ ᠲᠤᠰᠠᠯᠠᠬᠤ ᠡᠳ᠋ ᠪᠣᠳᠠᠰ ᠬᠠᠩᠭᠠᠵᠠᠢ ; 11 ᠠᠢᠮᠠᠭ ᠬᠣᠲᠠ ᠲᠥᠷᠥ᠎ᠶ᠋ᠢᠨ ᠪᠣᠳᠣᠯᠭ᠎ᠠ᠎ᠶ᠋ᠢᠨ ᠪᠠᠷᠢᠮᠵᠢᠶ᠎ᠠ ᠶᠣᠰᠣᠭᠠᠷ ᠪᠠᠷᠠᠭᠠᠨ᠎ᠤ ᠦᠨ᠎ᠡ᠎ᠶ᠋ᠢᠨ ᠥᠰᠥᠯᠲᠡ᠎ᠶ᠋ᠢᠨ ᠬᠣᠯᠪᠣᠭᠠᠯᠠᠨ ᠬᠥᠳᠡᠯᠦᠯᠴᠡᠬᠦ᠌ ᠲᠣᠭ᠍ᠲᠠᠴᠠ ᠶ᠋ᠢ ᠡᠬᠢᠯᠡᠭᠦᠯᠵᠦ᠍᠂ ᠵᠢᠱ᠌ᠢᠯᠳᠡ ᠪᠡᠷ 165 ᠲᠦᠮᠡᠨ ᠬᠦᠴᠢᠷᠳᠡᠯᠲᠡᠶ ᠣᠯᠠᠨ ᠲᠦᠮᠡᠨ ᠳ᠋ᠤ ᠦᠨ᠎ᠡ ᠬᠠᠩᠰᠢ᠎ᠶ᠋ᠢᠨ ᠲᠦᠷ ᠴᠠᠭ᠎ᠤᠨ ᠨᠥᠬᠥᠪᠥᠷᠢ ᠤᠯᠭᠤᠵᠤ ᠂ ᠣᠳᠣᠬᠠᠨ᠎ᠳᠤ ᠡᠯ᠎ᠡ ᠭᠠᠵᠠᠷ᠎ᠤᠨ᠎ᠬᠢᠨ ᠪᠤᠳᠠᠳᠠᠢ ᠠᠷᠭ᠎ᠠ ᠬᠡᠮᠵᠢᠶ᠎ᠡ ᠠᠪᠴᠤ᠌ ᠪᠠᠯᠠ ᠮᠥᠩᠭᠥ᠌ ᠲᠠᠷᠬᠠᠭᠠᠬᠤ ᠠᠬᠢᠴᠠ᠎ᠶ᠋ᠢ ᠲᠦᠷᠭᠡᠳᠭᠡᠨ ᠠᠬᠢᠭᠤᠯᠵᠤ ᠪᠠᠢᠨ᠎ᠠ; ᠡᠯ᠎ᠡ ᠱᠠᠲᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ ᠨᠡᠢᠭᠡᠮ᠎ᠦᠨ ᠠᠵᠢᠯ᠎ᠤᠨ ᠪᠠᠢᠭᠤᠯᠤᠮᠵᠢ᠂ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠵᠣᠬᠢᠶᠠᠨ ᠪᠠᠢᠭᠤᠯᠤᠯᠲᠠ ᠵᠡᠷᠭᠡ ᠨᠡᠢᠭᠡᠮ᠎ᠦᠨ ᠬᠦᠴᠦᠨ᠎ᠢ ᠢᠳᠡᠪᠬᠢᠲᠡᠶ᠎ᠪᠡᠷ ᠳᠠᠢᠴᠢᠯᠠᠨ ᠣᠨᠴᠠ ᠬᠦᠴᠢᠷᠳᠡᠯᠲᠡᠶ ᠨᠠᠰᠤᠲᠠᠢᠴᠤᠳ᠎ᠢ ᠪᠤᠯᠭᠤᠭᠠᠨ ᠦᠵᠡᠬᠦ᠌ ᠂ ᠰᠡᠳᠭᠢᠴᠡ᠎ᠶ᠋ᠢᠨ ᠵᠢᠯᠣᠭᠣᠳᠣᠯᠭ᠎ᠠ ᠬᠢᠬᠦ᠌ ᠵᠡᠷᠭᠡ ᠠᠵᠢᠯ᠎ᠳᠤ ᠣᠷᠣᠯᠴᠠᠭᠤᠯᠵᠤ᠂ ᠰᠦᠯᠵᠢᠶᠡᠨ ᠳᠡᠭᠡᠷᠡᠬᠢ ᠪᠠ ᠪᠤᠳᠠᠳᠤ ᠴᠤᠭᠴᠠ ᠵᠢ ᠤᠶᠠᠯᠳᠤᠭᠤᠯᠬᠤ ᠠᠷᠭ᠎ᠠ ᠪᠡᠷ ᠣᠨᠴᠠ ᠬᠦᠴᠢᠷᠳᠡᠯᠲᠡᠶ ᠨᠠᠰᠤᠲᠠᠢᠴᠤᠳ᠎ᠢ 6.7 ᠲᠦᠮᠡᠨ ᠬᠥᠮᠦᠨ ᠤᠳᠠᠭ᠎ᠠ ᠪᠤᠯᠭᠤᠭᠠᠨ ᠲᠤᠬᠤᠨᠢᠭᠤᠯᠪᠠ; ᠥᠪᠡᠷᠲᠡᠭᠡᠨ ᠵᠠᠰᠠᠬᠤ ᠣᠷᠣᠨ᠎ᠤ ᠨᠢᠭᠦᠯᠡᠰᠦᠩᠭᠦᠶ ᠶ᠋ᠢᠨ ᠦᠶ᠋ᠯᠡᠰ᠎ᠦᠨ ᠶᠡᠷᠦᠩᠬᠡᠶ ᠡᠪᠯᠡᠯ ᠬᠥᠬᠡᠬᠣᠲᠠ ᠶ᠋ᠢᠨ ᠱᠢᠤᠳᠠᠨ᠎ᠤ ᠬᠠᠮᠢᠶᠠᠷᠤᠯᠲᠠ ᠶ᠋ᠢᠨ ᠲᠣᠪᠴᠢᠶ᠎ᠠ ᠲᠠᠶ ᠬᠠᠮᠵᠢᠯᠴᠠᠨ ᠬᠥᠬᠡᠬᠣᠲᠠ ᠶ᠋ᠢᠨ ᠬᠣᠲᠠ᠎ᠶ᠋ᠢᠨ ᠲᠣᠭᠣᠷᠢᠭ᠎ᠤᠨ ᠨᠢᠭᠦᠯᠡᠰᠦᠩᠭᠦᠶ᠎ᠶ᠋ᠢᠨ ᠡᠮ᠎ᠦᠨ ᠵᠦᠶ᠋ᠯᠡᠰ᠎ᠦᠨ ᠲᠤᠰᠠᠯᠠᠮᠵᠢ ᠭᠥᠷᠳᠡᠵᠦ ᠪᠠᠢᠭ᠎ᠠ 45 ᠡᠪᠡᠳᠴᠢᠲᠡᠨ᠎ᠦ ᠡᠮ᠎ᠦᠨ ᠵᠦᠶ᠋ᠯᠡᠰ᠎ᠢ ᠴᠠᠭ ᠲᠤᠬᠠᠶ᠎ᠳᠤᠨᠢ ᠬᠦᠷᠬᠡᠭᠰᠡᠨ ᠪᠦᠬᠡᠤᠨ᠂ ᠪᠤᠰᠤᠳ ᠭᠠᠵᠠᠷ ᠣᠷᠣᠨ ᠤ ᠡᠮ ᠦᠨ ᠵᠦᠶ᠋ᠯᠡᠰ ᠢ ᠬᠦᠷᠭᠡᠭᠦ ᠠᠵᠢᠯ᠎ᠢ ᠵᠣᠬᠢᠴᠠᠭᠤᠯᠤᠨ ᠨᠠᠢᠳᠠᠪᠤᠷᠢᠵᠢᠭᠤᠯᠵᠤ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠠᠨᠠᠷ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃