2022-11-13 15:19:52
ᠬᠦᠬᠡᠬᠤᠳᠠ ᠵᠢᠨ ᠡᠳ᠋᠎ᠦᠨ ᠵᠠᠰᠠᠭ᠎ᠤᠨ ᠲᠣᠪᠴᠢᠶ᠎ᠠ 2022 ᠣᠨ᠎ᠤ ᠥᠪᠡᠷᠲᠡᠭᠡᠨ ᠵᠠᠰᠠᠬᠤ ᠣᠷᠣᠨ᠎ᠤ ᠳᠣᠲᠣᠭᠠᠳᠤ ᠠᠷᠠᠯᠵᠢᠶᠠᠨ᠎ᠤ ᠭᠦᠢᠯᠭᠡᠭᠡᠨ᠎ᠦ ᠦᠢᠯᠡᠴᠢᠯᠡᠭᠡᠨ᠎ᠦ ᠦᠢᠯᠡᠰ᠎ᠦᠨ ᠬᠥᠭᠵᠢᠯᠲᠡ᠎ᠶᠢᠨ ᠲᠤᠰᠬᠠᠢ ᠲᠦᠷᠦᠯ᠎ᠦᠨ ᠪᠡᠯᠡ ᠮᠥᠩᠭᠥ᠎ᠶᠢ 776.58 ᠲᠦᠮᠡᠨ ᠲᠥᠭᠥᠷᠢᠭ ᠪᠠᠴᠢᠮ ᠪᠠᠭᠤᠯᠭᠠᠵᠤ᠂ ᠬᠢᠵᠢᠭ᠌᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠬᠤᠭᠤᠴᠠᠭᠠᠨ᠎ᠳᠤ ᠲᠤᠰᠬᠠᠢ ᠬᠡᠷᠡᠭᠯᠡᠨ᠂ ᠬᠦᠬᠡᠬᠤᠳᠠ ᠶᠢᠨ ᠴᠢᠬᠤᠯᠠ ᠬᠡᠷᠡᠭᠴᠡᠭᠡᠨ ᠦ ᠵᠦᠢᠯᠡᠰ᠎ᠦᠨ ᠪᠠᠴᠢᠮ ᠪᠠᠢᠳᠠᠯ᠎ᠢ ᠠᠷᠭᠠᠴᠠᠭᠠᠬᠤ ᠬᠠᠩᠭᠠᠯᠭ᠎ᠠ᠎ᠶᠢ ᠪᠠᠲᠤᠯᠠᠬᠤ ᠭᠣᠣᠯᠳᠠᠯᠭ᠎ᠠ᠎ᠲᠠᠢ ᠠᠵᠤ ᠠᠬᠤᠢᠯᠠᠯ᠎ᠤᠨ ᠪᠠᠴᠢᠮ ᠪᠠᠢᠳᠠᠯ᠎ᠢ ᠠᠷᠭᠠᠴᠠᠭᠠᠵᠤ ᠲᠣᠬᠢᠷᠠᠭᠤᠯᠤᠨ ᠲᠡᠭᠡᠭᠡᠪᠦᠷᠢᠯᠡᠬᠦ᠂ ᠪᠠᠷᠠᠭᠠᠨ᠎ᠤ ᠢᠷᠡᠯᠲᠡ᠎ᠶᠢ ᠵᠣᠬᠢᠶᠠᠨ ᠪᠠᠶ᠋ᠢᠭᠤᠯᠬᠤ᠂ ᠪᠠᠷᠠᠭᠠᠨ᠎ᠤ ᠭᠦᠢᠯᠭᠡᠭᠡ᠎ᠶᠢ ᠲᠣᠬᠢᠷᠠᠭᠤᠯᠤᠨ ᠬᠦᠷᠭᠡᠬᠦ᠂ ᠬᠠᠩᠭᠠᠯᠭ᠎ᠠ᠎ᠶᠢᠨ ᠬᠡᠯᠬᠢᠶ᠎ᠡ᠎ᠶᠢ ᠲᠣᠭᠲᠠᠪᠤᠷᠢᠵᠢᠭᠤᠯᠬᠤ ᠵᠡᠷᠭᠡ ᠲᠠᠯ᠎ᠠ᠎ᠶᠢᠨ ᠬᠠᠩᠭᠠᠯᠭ᠎ᠠ᠎ᠶᠢ ᠪᠠᠲᠤᠯᠠᠬᠤ ᠠᠵᠢᠯ᠎ᠢ ᠪᠡᠶᠡᠯᠡᠭᠦᠯᠬᠦ᠎ᠶᠢ ᠳᠡᠮᠵᠢᠪᠡ᠃
ᠡᠳ᠋ ᠦᠨ ᠵᠠᠰᠠᠭ ᠤᠨ ᠪᠡᠯᠡ ᠮᠥᠩᠭᠥ ᠶᠢᠨ ᠦᠢᠯᠡᠳᠦᠯ ᠢ ᠲᠦᠷᠭᠡᠬᠡᠨ ᠪᠠᠳᠠᠷᠠᠭᠤᠯᠬᠤ᠎ᠶᠢᠨ ᠲᠥᠯᠥᠭᠡ᠂ ᠬᠦᠬᠡᠬᠤᠳᠠ᠎ᠶᠢᠨ ᠡᠳ᠋᠎ᠦᠨ ᠵᠠᠰᠠᠭ᠎ᠤᠨ ᠲᠣᠪᠴᠢᠶ᠎ᠠ᠎ᠶᠢᠨ ᠬᠠᠮᠢᠶ᠎ᠠ ᠪᠦᠬᠦᠢ ᠰᠠᠯᠠᠭ᠎ᠠ ᠲᠠᠰᠤᠭ ᠨᠢᠭ᠍ᠲᠠ ᠬᠠᠮᠵᠢᠯᠴᠠᠵᠤ᠂ ᠠᠵᠢᠯ᠎ᠤᠨ ᠶᠠᠪᠤᠴᠠ ᠵᠢ ᠳᠥᠭᠥᠮᠴᠢᠯᠡᠨ ᠠᠵᠢᠯ᠎ᠤᠨ ᠬᠦᠴᠢᠷᠳᠡᠯ᠎ᠢ ᠢᠯᠡᠨ ᠳᠠᠪᠠᠵᠤ᠂ ᠬᠦᠬᠡᠬᠤᠳᠠ᠎ᠶᠢᠨ ᠬᠤᠳᠠᠯᠳᠤᠭᠠᠨ᠎ᠤ ᠶᠠᠪᠤᠳᠠᠯ᠎ᠤᠨ ᠲᠣᠪᠴᠢᠶ᠎ᠠ᠎ᠲᠠᠢ ᠬᠠᠮᠵᠢᠯᠴᠠᠨ ᠨᠢᠭᠡᠳᠦᠭᠡᠷ ᠪᠦᠯᠦᠭ᠎ᠤᠨ 342 ᠲᠦᠮᠡᠨ ᠲᠥᠭᠥᠷᠢᠭ᠎ᠤᠨ ᠪᠡᠯᠡ ᠮᠥᠩᠭᠥ ᠵᠢ ᠬᠦᠬᠡᠬᠤᠳᠠ᠎ᠶᠢᠨ ᠲᠣᠮᠣ᠌ ᠬᠡᠯᠪᠡᠷᠢ᠎ᠶᠢᠨ ᠲᠠᠷᠢᠶᠠᠯᠠᠩ᠎ᠤᠨ ᠪᠥᠭᠡᠮ᠎ᠢᠶᠡᠷ ᠬᠤᠳᠠᠯᠳᠤᠬᠤ ᠵᠠᠬ᠎ᠠ ᠳᠡᠯᠭᠡᠭᠦᠷ᠂ ᠬᠡᠲᠦ ᠳᠡᠯᠭᠡᠭᠦᠷ ( ᠲᠦᠭᠦᠬᠡᠢ ᠰᠣᠷᠭᠣᠭ ᠢᠳᠡᠭᠡᠨ᠎ᠦ ᠳᠡᠯᠭᠡᠭᠦᠷ ) ᠂ ᠡᠯᠧᠺᠲᠷᠣᠨ ᠬᠤᠳᠠᠯᠳᠤᠭᠠᠨ᠎ᠤ ᠲᠠᠪᠴᠠᠩ ᠪᠠ ᠲᠠᠷᠢᠶᠠᠯᠠᠩ᠎ᠤᠨ ᠠᠷᠠᠯᠵᠢᠶᠠᠨ᠎ᠤ ᠵᠠᠬ᠎ᠠ ᠳᠡᠯᠭᠡᠭᠦᠷ ᠵᠡᠷᠭᠡ ᠬᠠᠩᠭᠠᠯᠭ᠎ᠠ᠎ᠶᠢ ᠪᠠᠲᠤᠯᠠᠬᠤ ᠠᠵᠤ ᠠᠬᠤᠢᠯᠠᠯ᠎ᠳᠤ ᠴᠠᠭ ᠲᠤᠬᠠᠢ ᠳ᠋ᠤᠨᠢ ᠪᠠᠭᠤᠯᠭᠠᠵᠤ᠂ ᠬᠢᠵᠢᠭ᠌᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠬᠤᠭᠤᠴᠠᠭᠠᠨ᠎ᠳᠠᠬᠢ ᠪᠥᠬᠥ ᠬᠣᠲᠠ᠎ᠶᠢᠨ ᠠᠮᠢᠳᠤᠷᠠᠯ᠎ᠤᠨ ᠴᠢᠬᠤᠯᠠ ᠬᠡᠷᠡᠭᠴᠡᠭᠡᠨ᠎ᠦ ᠵᠦᠢᠯᠡᠰ᠎ᠦᠨ ᠬᠠᠩᠭᠠᠯᠭ᠎ᠠ᠎ᠶᠢ ᠦᠨᠡᠨ ᠬᠦ᠌ ᠪᠠᠲᠤᠯᠠᠪᠠ᠃
ᠲᠠᠷᠠᠭᠠᠴᠢ᠎ᠶᠢᠨ ᠠᠯᠬᠤᠮ᠎ᠳᠤ ᠬᠦᠬᠡᠬᠤᠳᠠ᠎ᠶᠢᠨ ᠡᠳ᠋᠎ᠦᠨ ᠵᠠᠰᠠᠭ᠎ᠤᠨ ᠲᠣᠪᠴᠢᠶ᠎ᠠ ᠡᠭᠦᠷᠭᠡ ᠴᠢᠳᠠᠪᠤᠷᠢ᠎ᠶᠢᠨ ᠦᠢᠯᠡᠳᠦᠯ᠎ᠢᠶᠡᠨ ᠢᠳᠡᠪᠬᠢᠲᠡᠢ ᠪᠠᠳᠠᠷᠠᠭᠤᠯᠵᠤ᠂ ᠬᠣᠲᠠ᠎ᠶᠢᠨ ᠬᠤᠳᠠᠯᠳᠤᠭᠠᠨ᠎ᠤ ᠶᠠᠪᠤᠳᠠᠯ᠎ᠤᠨ ᠲᠣᠪᠴᠢᠶ᠎ᠠ᠎ᠲᠠᠢ ᠨᠢᠭ᠍ᠲᠠ ᠬᠠᠮᠵᠢᠯᠴᠠᠨ᠂ ᠪᠡᠯᠡ ᠮᠥᠩᠭᠥ ᠪᠠᠭᠤᠯᠭᠠᠬᠤ᠎ᠶᠢ ᠤᠯᠠᠮ ᠨᠢᠭᠡ ᠠᠯᠬᠤᠮ ᠲᠦᠷᠭᠡᠳᠬᠡᠵᠦ᠂ ᠪᠡᠯᠡ ᠮᠦᠡᠭᠭᠦ ᠪᠠᠭᠤᠯᠭᠠᠬᠤ ᠠᠷᠭ᠎ᠠ ᠵᠠᠮ᠎ᠢ ᠰᠢᠯᠤᠭᠤᠳᠬᠠᠨ᠂ ᠪᠡᠯᠡ ᠮᠥᠩᠭᠥ᠎ᠶᠢ ᠴᠠᠭ ᠲᠤᠬᠠᠢ ᠳ᠋ᠤᠨᠢ ᠪᠣᠳᠠᠲᠠᠢᠵᠢᠭᠤᠯᠬᠤ᠎ᠶᠢ ᠦᠨᠡᠨ ᠬᠦ᠌ ᠪᠠᠲᠤᠯᠠᠵᠤ᠂ ᠬᠦᠬᠡᠬᠤᠳᠠ ᠶᠢᠨ ᠬᠢᠵᠢᠭ᠌ ᠦᠨ ᠪᠠᠢᠳᠠᠯ ᠢ ᠰᠡᠷᠭᠡᠢᠯᠡᠨ ᠡᠵᠡᠮᠳᠡᠬᠦ ᠬᠤᠭᠤᠴᠠᠭᠠᠨ᠎ᠳᠠᠬᠢ ᠠᠮᠢᠳᠤᠷᠠᠯ᠎ᠤᠨ ᠴᠢᠬᠤᠯᠠ ᠬᠡᠷᠡᠭᠴᠡᠭᠡᠨ᠎ᠦ ᠵᠦᠢᠯᠡᠰ᠎ᠦᠨ ᠵᠠᠬ᠎ᠠ ᠳᠡᠯᠭᠡᠭᠦᠷ᠎ᠦᠨ ᠬᠠᠩᠭᠠᠯᠭ᠎ᠠ᠎ᠶᠢ ᠰᠠᠢᠲᠤᠷ ᠬᠢᠬᠦ᠎ᠶᠢ ᠬᠦᠴᠦᠲᠡᠢ ᠳᠡᠮᠵᠢᠵᠦ᠂ ᠠᠷᠠᠳ ᠣᠯᠠᠨ᠎ᠤ ᠬᠡᠷᠡᠭᠯᠡᠭᠡᠨ᠎ᠦ ᠬᠡᠷᠡᠭᠴᠡᠭᠡ᠎ᠶᠢ ᠨᠠᠩ ᠰᠠᠢᠲᠤᠷ ᠬᠠᠩᠭᠠᠬᠤ ᠪᠡᠷ ᠪᠤᠢ᠃
( ᠢᠷᠡᠯᠳᠡ᠄ ᠬᠦᠬᠡᠬᠤᠳᠠ ᠵᠢᠨ ᠡᠳᠦᠷ᠎ᠤᠨ ᠰᠤᠨᠢᠨ )
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠠᠨᠠᠷ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃