ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠮᠡᠳᠡᠭᠡᠯᠡᠯ

2022-11-14 10:42:14

ᠵᠣᠬᠢᠶᠠᠭ᠍ᠴᠢ᠄ ​ᠵᠧᠩ ᠱᠢᠤᠸᠠᠢ ᠯᠢᠶᠠᠩ ᠂ ᠸᠠᠩ ᠶᠠ ᠵᠢᠩ ᠣᠩᠱᠢᠭ᠍ᠰᠠᠨ ᠣᠳᠠᠭ᠎ᠠ᠄ 3

11 ᠰᠠᠷ᠎ᠠ᠎ᠶ᠋ᠢᠨ 13 ᠤ᠋ ᠡᠳᠦᠷ᠂ ᠰᠤᠷᠪᠤᠯᠵᠢᠯᠠᠭ᠍ᠴᠢ ᠬᠥᠬᠡᠬᠣᠲᠠ᠎ᠶ᠋ᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠰᠣᠨᠢᠨ ᠮᠡᠳᠡᠭᠡ ᠨᠡᠢᠲᠡᠯᠡᠬᠦ᠌ ᠬᠤᠷᠠᠯ (73 ᠳ᠋ᠤᠭᠠᠷ ᠲᠠᠯᠠᠪᠠᠢ) ᠡᠴᠡ ᠣᠢᠯᠠᠭᠠᠭ᠍ᠰᠠᠨ᠎ᠢᠶᠠᠷ᠂ ᠲᠦᠷᠦ᠍᠎ᠶ᠋ᠢᠨ ᠶᠠᠪᠤᠳᠠᠯ᠎ᠤᠨ ᠬᠣᠷᠢᠶᠠᠨ᠎ᠤ ᠬᠣᠯᠪᠣᠭᠠᠯᠠᠨ ᠰᠡᠷᠭᠡᠢᠯᠡᠵᠦ᠍ ᠬᠣᠯᠪᠣᠭᠠᠯᠠᠨ ᠡᠵᠡᠮᠳᠡᠬᠦ᠌ ᠲᠣᠭ᠍ᠲᠡᠴᠡ 《ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠶ᠎ᠡ ᠎ᠶ᠋ᠢ ᠤᠯᠠᠮ ᠴᠢᠨᠠᠭ᠍ᠰᠢᠳᠠ ᠱᠢᠯᠢᠳᠡᠭ᠌ᠵᠢᠭᠦᠯᠵᠦ᠍ ᠰᠡᠷᠭᠡᠢᠯᠡᠨ ᠡᠵᠡᠮᠳᠡᠬᠦ᠌ ᠠᠵᠢᠯ᠎ᠢ ᠱᠢᠨᠵᠢᠯᠡᠬᠦ᠌ ᠤᠬᠠᠭᠠᠨᠴᠢ ᠣᠨᠣᠴᠠᠲᠠᠢ ᠰᠠᠢᠲᠤᠷ ᠬᠢᠬᠦ᠌ ᠲᠤᠬᠠᠢ ᠮᠡᠳᠡᠭ᠌ᠳᠡᠯ》 ᠢ᠋ ᠨᠡᠢᠲᠡᠯᠡᠭ᠌ᠰᠡᠨ᠎ᠦ ᠳᠠᠷᠠᠭ᠎ᠠ᠂ ᠬᠥᠬᠡᠬᠣᠲᠠ ᠠᠵᠤ ᠠᠬᠤᠢᠯᠠᠯ ᠪᠣᠯᠤᠨ ᠬᠦᠷᠢᠶᠡᠯᠡᠩ ᠲᠣᠭᠣᠷᠢᠭ᠎ᠤᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ ᠎ᠢ ᠵᠤᠷᠪᠤᠰ ᠳᠠᠷᠠᠭᠠᠯᠠᠨ ᠡᠮᠬᠢᠯᠡᠵᠦ᠍᠂ ᠠᠵᠤ ᠦᠢᠯᠡᠳᠪᠦᠷᠢ ᠵᠢᠨ ᠠᠵᠤ ᠠᠬᠤᠢᠯᠠᠯ᠎ᠤᠨ ᠪᠠᠢᠳᠠᠯ᠎ᠢ ᠤᠯᠠᠮ ᠴᠢᠨᠠᠭ᠍ᠰᠢᠳᠠ ᠣᠢᠯᠠᠭᠠᠭ᠍ᠰᠠᠨ ᠰᠠᠭᠤᠷᠢᠨ ᠳᠡᠭᠡᠷ᠎ᠡ᠂ ᠡᠯ᠎ᠡ ᠵᠦᠢᠯ ᠎ᠦᠨ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠨᠠᠷᠢᠯᠢᠬ᠍ᠵᠢᠭᠤᠯᠤᠨ ᠭᠦᠨᠵᠡᠭᠡᠢᠷᠡᠭᠦᠯᠪᠡ᠃

ᠨᠢᠭᠡ᠎ᠳᠦ᠂ ᠰᠡᠷᠭᠡᠢᠯᠡᠨ ᠡᠵᠡᠮᠳᠡᠵᠦ᠍ ᠱᠢᠶ᠋ᠳᠪᠦᠷᠢᠯᠡᠬᠦ᠌ ᠠᠷᠭ᠎ᠠ ᠬᠡᠮᠵᠢᠶ᠎ᠡ᠎ᠶ᠋ᠢ ᠴᠢᠩᠭᠠᠳᠭᠠᠨ᠎ᠠ᠃ ᠬᠣᠲᠠ᠂ ᠱᠢᠶᠠᠨ (ᠬᠦᠷᠢᠶᠡᠯᠡᠩ ᠲᠣᠭᠣᠷᠢᠭ) ᠂ ᠠᠵᠤ ᠠᠬᠤᠢᠯᠠᠯ ᠭᠤᠷᠪᠠᠨ ᠱᠠᠲᠤᠨ᠎ᠤ ᠲᠤᠰᠭᠠᠶ ᠠᠩᠭᠢ᠎ᠶ᠋ᠢᠨ ᠠᠵᠢᠯᠲᠠᠨ᠎ᠤ ᠬᠦᠴᠦᠨ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠍᠂ ᠭᠤᠷᠪᠠᠨ ᠱᠠᠲᠤᠨ᠎ᠤ ᠬᠣᠯᠪᠣᠭᠠᠯᠠᠨ ᠬᠥᠳᠡᠯᠦᠯᠴᠡᠬᠦ᠌᠎ᠶ᠋ᠢ ᠴᠢᠩᠭᠠᠳᠭᠠᠵᠤ᠂ ᠢᠵᠢᠯᠢ ᠠᠯᠬᠤᠮ ᠵᠢᠡᠷ ᠬᠢᠵᠤ᠂ ᠵᠡᠷᠭᠡ᠎ᠪᠡᠷ ᠴᠤᠤᠷᠢᠶᠠᠲᠤᠨ᠂ ᠬᠠᠮᠲᠤ᠎ᠪᠠᠷ ᠠᠳᠭᠤᠨ ᠬᠠᠮᠲᠤ᠎ᠪᠠᠷ ᠰᠡᠷᠭᠡᠢᠯᠡᠵᠦ᠍᠂ ᠰᠡᠷᠭᠡᠢᠯᠡᠨ ᠡᠵᠡᠮᠳᠡᠬᠦ᠌ ᠠᠵᠢᠯ᠎ᠤᠨ ᠨᠡᠢᠯᠡᠮᠡᠯ ᠬᠦᠴᠦᠨ᠎ᠢ ᠦᠨᠡᠨ ᠬᠦ᠌ ᠪᠦᠷᠢᠯᠳᠦᠭᠦᠯᠦᠨ᠎ᠡ᠃ ᠡᠭᠦᠨ᠎ᠦ ᠬᠠᠮᠲᠤ ᠬᠦᠷᠢᠶᠡᠯᠡᠩ ᠲᠣᠭᠣᠷᠢᠭ᠂ ᠠᠵᠤ ᠠᠬᠤᠢᠯᠠᠯ᠎ᠢ 《ᠬᠣᠷᠢᠨ ᠵᠦᠢᠯ ᠤ᠋ᠨ ᠠᠷᠭ᠎ᠠ ᠬᠡᠮᠵᠢᠶ᠎ᠡ》 ᠎ᠶ᠋ᠢᠨ ᠬᠣᠯᠪᠣᠭ᠍ᠳᠠᠯ ᠪᠥᠬᠥᠶ ᠱᠠᠭᠠᠷᠳᠠᠯᠭ᠎ᠠ ᠶᠣᠰᠣᠭᠠᠷ᠂ ᠨᠢᠭᠡᠨᠲᠡ ᠲᠣᠭ᠍ᠲᠠᠭᠠᠭ᠍ᠰᠠᠨ 《ᠨᠢᠭᠡ ᠠᠵᠤ ᠠᠬᠤᠢᠯᠠᠯ ᠎ᠳᠤ ᠨᠢᠭᠡ ᠠᠷᠭ᠎ᠠ ᠪᠣᠳᠣᠯᠭ᠎ᠠ ᠬᠡᠷᠡᠭ᠌ᠵᠢᠭᠦᠯᠬᠦ᠌》 ᠂ 《ᠨᠢᠭᠡ ᠬᠦᠷᠢᠶᠡᠯᠡᠩ ᠲᠤᠭᠤᠷᠢᠭ ᠲᠤ᠌᠎ᠨᠢᠭᠡ ᠠᠷᠭ᠎ᠠ ᠪᠣᠳᠣᠯᠭ᠎ᠠ ᠬᠡᠷᠡᠭ᠌ᠵᠢᠭᠦᠯᠬᠦ᠌》 ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠵᠤ ᠪᠠᠴᠢᠮ ᠪᠠᠢᠳᠠᠯ᠎ᠢ ᠠᠷᠭᠠᠴᠠᠭᠠᠨ ᠱᠢᠶ᠋ᠳᠪᠦᠷᠢᠯᠡᠬᠦ᠌ ᠲᠥᠰᠦᠯ ᠤ᠋ᠨ ᠠᠷᠭ᠎ᠠ ᠬᠡᠮᠵᠢᠶ᠎ᠡ ᠨᠢᠭᠡ ᠪᠦᠷᠢ ᠵᠢ ᠴᠢᠩᠭ᠎ᠠ᠎ᠡᠴᠡ ᠴᠢᠩᠭ᠎ᠠ᠂ ᠨᠠᠷᠢᠯᠢᠭ᠎ᠡᠴᠡ ᠨᠠᠷᠢᠯᠢᠭ ᠲᠡᠭᠦᠯᠳᠡᠷᠵᠢᠭᠦᠯᠵᠦ᠍᠂ ᠪᠠᠭᠤᠷᠠᠶ ᠭᠣᠭ᠍ᠴᠣᠭ᠎ᠠ᠎ᠳᠤ ᠭᠤᠤᠯᠳᠠᠯᠭ᠎ᠠ᠎ᠲᠠᠶ ᠴᠢᠭ᠌ᠯᠡᠭᠦᠯᠦᠨ᠂ ᠪᠢᠲᠡᠭᠦᠮᠵᠢᠯᠡᠭ᠌ᠰᠡᠨ ᠬᠠᠮᠢᠶᠠᠷᠤᠯᠲᠠ᠂ ᠵᠢᠵᠢᠭᠦᠷᠯᠡᠨ ᠰᠠᠬᠢᠬᠤ᠂ ᠬᠥᠮᠦᠨ ᠪᠠ ᠲᠡᠷᠭᠡ ᠣᠷᠣᠵᠤ ᠭᠠᠷᠬᠤ᠂ ᠦᠶ᠋ᠯᠡᠳᠪᠦᠷᠢ᠎ᠶ᠋ᠢᠨ ᠲᠣᠭᠣᠷᠢᠭ᠎ᠢ ᠬᠠᠮᠢᠶᠠᠷᠤᠨ ᠡᠵᠡᠮᠳᠡᠬᠦ᠌ ᠡᠯ᠎ᠡ ᠵᠦᠶ᠋ᠯ᠎ᠦᠨ ᠠᠷᠭ᠎ᠠ ᠬᠡᠮᠵᠢᠶ᠎ᠡ᠎ᠶ᠋ᠢ ᠨᠠᠷᠢᠯᠢᠬ᠍ᠵᠢᠭᠤᠯᠵᠤ᠂ ᠲᠤᠰᠭᠠᠶ ᠬᠥᠮᠦᠨ ᠲᠤᠰᠭᠠᠶ ᠠᠵᠢᠯ᠎ᠤᠨ ᠪᠠᠢᠷᠢ᠎ᠶ᠋ᠢ ᠲᠣᠳᠣᠷᠬᠠᠢᠯᠠᠨ᠂ ᠠᠴᠢᠶᠠᠨ᠎ᠤ ᠲᠡᠷᠭᠡ ᠦᠶ᠋ᠯᠡᠳᠪᠦᠷᠢ᠎ᠶ᠋ᠢᠨ ᠲᠣᠭᠣᠷᠢᠭ᠎ᠲᠤ ᠣᠷᠣᠬᠤ᠎ᠡᠴᠡ ᠡᠮᠦᠨ᠎ᠡ ᠪᠥᠬᠥ᠌ ᠲᠠᠯ᠎ᠠ᠎ᠪᠠᠷ ᠠᠷᠢᠭᠤᠳᠭᠠᠬᠤ ᠪᠠ ᠬᠥᠮᠦᠰ ᠲᠤ᠌ ᠠᠨᠲ᠋ᠢᠪᠤᠳᠢ ᠵᠢᠨ ᠤᠷᠪᠠᠯ ᠤ᠋ᠨ ᠪᠠᠢᠴᠠᠭᠠᠯᠳᠠ ᠬᠢᠵᠤ᠂ ᠪᠠᠷᠠᠭ᠎ᠠ ᠪᠠᠭᠤᠯᠭᠠᠬᠤ ᠲᠣᠭᠣᠷᠢᠭ᠎ᠲᠤ ᠤᠷᠤᠭ᠍ᠰᠠᠨ ᠵᠢᠯᠣᠭᠣᠴᠢ ᠪᠠ ᠲᠡᠷᠭᠡᠨ ᠳ᠋ᠤ ᠰᠠᠭᠤᠬᠰᠠᠨ ᠬᠦᠮᠦᠰ᠎ᠤᠨ 《ᠬᠥᠮᠦᠨ ᠨᠢ ᠲᠡᠷᠭᠡᠨ᠎ᠡᠴᠡ ᠰᠠᠯᠬᠤ ᠦᠭᠡᠶ᠂ ᠳᠠᠷᠤᠢᠬᠠᠨ ᠬᠦᠷᠭᠡᠵᠤ (ᠠᠴᠢᠶᠠᠯᠠᠬᠤ) ᠲᠠᠷᠤᠢᠬᠠᠨ ᠶᠠᠪᠤᠬᠤ》 ᠲᠣᠭ᠍ᠲᠠᠭᠠᠯ᠎ᠢ ᠴᠢᠩᠭ᠎ᠠ ᠨᠠᠢᠳᠠᠪᠤᠷᠢᠵᠢᠭᠤᠯᠤᠭ᠍ᠰᠠᠨ ᠡᠰᠡᠬᠦ᠌᠎ᠶ᠋ᠢ ᠪᠦᠬᠦ᠌ ᠶᠠᠪᠤᠴᠠ ᠪᠡᠷ ᠬᠢᠨᠠᠯᠲᠠ ᠲᠠᠯᠪᠢᠨ ᠬᠢᠨᠠᠨ ᠰᠠᠬᠢᠵᠤ᠂ ᠦᠢᠯᠡᠳᠪᠦᠷᠢ᠎ᠶ᠋ᠢᠨ ᠲᠣᠭᠣᠷᠢᠭ᠎ᠤᠨ ᠨᠢᠭᠡᠳᠦᠭᠡᠷ ᠪᠣᠭᠣᠮᠲᠠ᠎ᠶ᠋ᠢ ᠪᠠᠲᠤ ᠰᠠᠬᠢᠬᠤ᠎ᠶ᠋ᠢ ᠦᠨᠡᠨ ᠬᠦ᠌ ᠪᠠᠲᠤᠯᠠᠨ᠎ᠠ᠃

ᠬᠣᠶᠠᠷ᠎ᠲᠤ᠂ ᠡᠯ᠎ᠡ ᠲᠠᠯ᠎ᠠ ᠎ᠶ᠋ᠢᠨ ᠬᠠᠷᠢᠭᠤᠴᠠᠯᠭ᠎ᠠ ᠎ᠶ᠋ᠢ ᠴᠢᠩᠭᠠᠳᠭᠠᠨ ᠪᠣᠳᠠᠲᠠᠢᠵᠢᠭᠤᠯᠤᠨ᠎ᠠ᠃ ᠬᠦᠷᠢᠶᠡᠯᠡᠩ ᠲᠣᠭᠣᠷᠢᠭ ᠪᠣᠯᠤᠨ ᠠᠵᠤ ᠠᠬᠤᠢᠯᠠᠯ᠎ᠤᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠭᠣᠣᠯ ᠴᠣᠭ᠍ᠴᠠ᠎ᠶ᠋ᠢᠨ ᠬᠠᠷᠢᠭᠤᠴᠠᠯᠭ᠎ᠠ᠎ᠪᠠᠨ ᠨᠠᠷᠢᠯᠢᠭ ᠪᠣᠳᠠᠲᠠᠢ ᠨᠠᠢᠳᠠᠪᠤᠷᠢᠵᠢᠭᠤᠯᠬᠤ᠎ᠶ᠋ᠢ ᠱᠠᠯᠠᠪᠳᠠᠭᠤᠯᠤᠨ ᠱᠠᠭᠠᠷᠳᠠᠵᠤ᠂ ᠬᠠᠮᠢᠶᠠᠷᠤᠯᠲᠠ᠎ᠶ᠋ᠢᠨ ᠳᠠᠪᠬᠤᠷᠭ᠎ᠠ᠂ ᠦᠢᠯᠡᠳᠪᠦᠷᠢ᠎ᠶ᠋ᠢᠨ ᠲᠠᠰᠤᠭ ᠡᠭᠡᠯᠵᠢ ᠳᠤᠭᠤᠢᠯᠠᠩ᠂ ᠡᠮᠦᠨ᠎ᠡ ᠹᠷᠣᠨᠲ᠎ᠤᠨ ᠠᠵᠢᠯᠳᠠᠨ ᠠᠵᠢᠯᠴᠢᠨ᠎ᠤ ᠠᠵᠢᠯ᠎ᠤᠨ ᠪᠠᠢᠷᠢ᠎ᠶ᠋ᠢᠨ ᠲᠤᠱᠢᠶᠠᠯ ᠬᠠᠷᠢᠭᠤᠴᠠᠯᠭ᠎ᠠ᠎ᠶ᠋ᠢ ᠤᠯᠠᠮ ᠴᠢᠨᠠᠭ᠍ᠰᠢᠳᠠ ᠨᠠᠷᠢᠯᠢᠭ ᠬᠤᠪᠢᠶᠠᠵᠤ᠂ ᠬᠡᠷᠡᠭ᠌ᠵᠢᠭᠦᠯᠬᠦ᠌ ᠭᠣᠭ᠍ᠴᠣᠭ᠎ᠠ᠎ᠳᠤ 《ᠤᠯᠠᠨ ᠲᠠᠯ᠎ᠠ᠎ᠡᠴᠡ ᠵᠢᠯᠣᠭᠣᠳᠭᠤ》᠂ 《ᠨᠢᠭᠡ ᠬᠥᠮᠦᠨ ᠤᠯᠠᠨ ᠠᠵᠢᠯ᠎ᠤᠨ ᠪᠠᠢᠷᠢ᠎ᠲᠠᠶ ᠪᠠᠢᠬᠤ》 ᠠᠰᠠᠭᠤᠳᠠᠯ ᠭᠠᠷᠬᠤ ᠦᠭᠡᠢ ᠪᠠᠢᠬᠤ᠎ᠶ᠋ᠢ ᠦᠨᠡᠨ ᠬᠦ᠌ ᠪᠠᠲᠤᠯᠠᠨ᠎ᠠ᠃ ᠠᠵᠤ ᠠᠬᠤᠢᠯᠠᠯ᠎ᠢ ᠵᠢᠯᠣᠭᠣᠳᠤᠨ《ᠨᠢᠭᠡ ᠪᠢᠴᠢᠭ᠂ ᠬᠣᠶᠠᠷ ᠨᠠᠷᠢᠨ ᠲᠠᠩᠰᠠ᠂ ᠭᠤᠷᠪᠠᠨ ᠲᠡᠮᠳᠡᠭ᠌ᠯᠡᠯ》᠂ ᠲᠤᠬᠠᠢᠯᠠᠪᠠᠯ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠮᠠᠯᠠᠯᠲᠠ᠎ᠶ᠋ᠢᠨ ᠪᠢᠴᠢᠭ᠂ ᠠᠵᠢᠯᠲᠠᠨ᠎ᠤ ᠮᠡᠳᠡᠭᠡ ᠵᠠᠩᠭᠢ᠎ᠶ᠋ᠢᠨ ᠡᠬᠡ ᠲᠠᠩᠰᠠ᠎ᠶ᠋ᠢᠨ ᠨᠠᠷᠢᠨ ᠲᠠᠩᠰᠠ᠂ ᠰᠡᠷᠭᠡᠢᠯᠡᠨ ᠡᠵᠡᠮᠳᠡᠬᠦ᠌ ᠡᠳ᠋ ᠪᠣᠳᠠᠰ᠎ᠤᠨ ᠨᠠᠷᠢᠨ ᠲᠠᠩᠰᠠ᠂ ᠠᠷᠢᠭᠤᠳᠭᠠᠨ ᠠᠷᠢᠯᠭᠠᠭ᠍ᠰᠠᠨ ᠲᠡᠮᠳᠡᠭ᠌ᠯᠡᠯ᠂ ᠣᠷᠣᠵᠤ ᠭᠠᠷᠤᠭ᠍ᠰᠠᠨ ᠲᠡᠮᠳᠡᠭ᠌ᠯᠡᠯ᠂ ᠡᠷᠡᠭᠦᠯ ᠮᠡᠨᠳᠦ᠍᠎ᠶ᠋ᠢᠨ ᠬᠢᠨᠠᠨ ᠬᠡᠮᠵᠢᠯᠲᠡ᠎ᠶ᠋ᠢᠨ ᠲᠡᠮᠳᠡᠭ᠌ᠯᠡᠯ᠎ᠢ ᠪᠦᠷᠢᠨᠱᠢᠭᠦᠯᠵᠦ᠍᠂ ᠦᠶ᠋ᠯᠡᠳᠪᠦᠷᠢ᠎ᠳᠦ ᠣᠷᠣᠬᠤ ᠵᠠᠮ ᠱᠤᠭᠤᠮ᠎ᠤᠨ ᠬᠠᠮᠢᠶᠠᠷᠤᠯᠲᠠ᠂ ᠴᠢᠳᠠᠮᠵᠢᠳᠤ ᠣᠷᠣᠨ᠎ᠤ ᠲᠤᠤᠷᠵᠢᠭ᠍ᠰᠠᠨ ᠬᠤᠪᠢᠶᠠᠷᠢᠯᠠᠯ᠂ ᠦᠶ᠋ᠯᠡᠳᠪᠦᠷᠢᠯᠡᠯ᠎ᠦᠨ ᠪᠥᠬᠥ᠌ ᠶᠠᠪᠤᠴᠠ᠎ᠶ᠋ᠢᠨ ᠬᠢᠨᠠᠯᠲᠠ ᠬᠠᠮᠢᠶᠠᠷᠤᠯᠲᠠ᠎ᠡᠴᠡ ᠭᠠᠷᠳᠠᠵᠤ᠂ ᠪᠥᠬᠥ᠌ ᠭᠣᠭ᠍ᠴᠣᠭ᠎ᠠ᠂ ᠪᠥᠬᠥ᠌ ᠶᠠᠪᠤᠴᠠ᠎ᠶ᠋ᠢᠨ ᠰᠡᠷᠭᠡᠢᠯᠡᠨ ᠡᠵᠡᠮᠳᠡᠬᠦ᠌ ᠠᠰᠠᠭᠤᠳᠠᠯ᠎ᠤᠨ ᠡᠬᠡ ᠲᠠᠩᠰᠠ᠎ᠶ᠋ᠢ ᠪᠠᠢᠭᠤᠯᠵᠤ᠂ ᠬᠠᠷᠢᠭᠤᠴᠠᠯᠭᠠᠲᠠᠨ᠂ ᠴᠡᠭ᠌ᠴᠡᠯᠡᠨ ᠰᠠᠢᠵᠢᠷᠠᠭᠤᠯᠬᠤ ᠠᠷᠭ᠎ᠠ ᠬᠡᠮᠵᠢᠶ᠎ᠡ ᠪᠣᠯᠤᠨ ᠴᠡᠭ᠌ᠴᠡᠯᠡᠨ ᠰᠠᠢᠵᠢᠷᠠᠭᠤᠯᠤᠭ᠍ᠰᠠᠨ ᠦᠷ᠎ᠡ ᠳ᠋ᠦᠩ᠎ᠢ ᠲᠣᠳᠣᠷᠬᠠᠢᠯᠠᠨ᠎ᠠ᠃

ᠭᠤᠷᠪᠠ᠎ᠳᠤ᠂ ᠠᠵᠢᠯ᠎ᠤᠨ ᠪᠠᠢᠷᠢ᠎ᠳᠠᠭᠠᠨ ᠪᠤᠴᠠᠭ᠍ᠰᠠᠳ᠎ᠢ ᠬᠢᠨᠠᠨ ᠪᠠᠢᠴᠠᠭᠠᠬᠤ᠎ᠶ᠋ᠢ ᠴᠢᠨᠭᠭᠠᠳᠬᠠᠨ᠎ᠠ᠃ ᠬᠥᠬᠡᠬᠣᠲᠠ ᠡᠴᠡ ᠲᠣᠭ᠍ᠲᠠᠭᠠᠭ᠍ᠰᠠᠨ 《ᠠᠵᠤ ᠦᠶ᠋ᠯᠡᠳᠪᠦᠷᠢ᠎ᠶ᠋ᠢᠨ ᠠᠵᠤ ᠠᠬᠤᠢᠯᠠᠯ᠎ᠤᠨ ᠠᠵᠢᠯᠲᠠᠨ ᠠᠵᠢᠯᠴᠢᠨ᠎ᠤ ᠠᠵᠢᠯ᠎ᠤᠨ ᠪᠠᠢᠷᠢ᠎ᠳᠠᠭᠠᠨ ᠪᠤᠴᠠᠵᠤ ᠠᠵᠢᠯ᠎ᠢᠶᠠᠨ ᠰᠡᠷᠭᠦᠭᠡᠬᠦ᠌ ᠲᠠᠷᠠᠭᠠᠯᠠᠯ》 ᠎ᠤ᠋ᠨ ᠶᠣᠰᠣᠭᠠᠷ᠂ ᠨᠥᠬᠥᠴᠡᠯ᠎ᠳᠦ ᠨᠡᠢᠴᠡᠬᠦ᠌ ᠠᠵᠢᠯ᠎ᠤᠨ ᠪᠠᠢᠷᠢ᠎ᠳᠠᠭᠠᠨ ᠪᠤᠴᠠᠬᠤ ᠬᠥᠮᠦᠰ᠎ᠦᠨ ᠮᠡᠳᠡᠭᠡ ᠵᠠᠩᠭᠢ᠎ᠶ᠋ᠢ ᠴᠢᠩᠭ᠎ᠠ ᠬᠢᠨᠠᠨ ᠬᠠᠷᠭᠤᠭᠤᠯᠤᠭ᠍ᠰᠠᠨ ᠰᠠᠭᠤᠷᠢᠨ ᠳᠡᠭᠡᠷ᠎ᠡ᠂ ᠬᠣᠲᠠ ᠱᠢᠶᠠᠨ ᠬᠣᠶᠠᠷ ᠱᠠᠲᠤᠨ᠎ᠤ ᠲᠤᠰᠭᠠᠶ ᠠᠩᠭᠢ᠎ᠶ᠋ᠢᠨ ᠬᠢᠨᠠᠨ ᠬᠠᠷᠭᠤᠭᠤᠯᠤᠭ᠍ᠰᠠᠨ ᠰᠠᠨᠠᠯ ᠪᠠ ᠰᠠᠭᠤᠭ᠎ᠠ ᠭᠠᠵᠠᠷ᠎ᠤᠨ ᠨᠡᠢᠭᠡᠮ ᠲᠣᠭᠣᠷᠢᠭ᠎ᠤᠨ ᠰᠤᠳᠤᠯᠤᠨ ᠮᠠᠭᠠᠳᠯᠠᠭ᠍ᠰᠠᠨ ᠰᠠᠨᠠᠯ᠎ᠢ ᠶᠡᠷᠦᠩᠬᠡᠢᠯᠡᠨ᠂ ᠠᠵᠢᠯᠴᠢᠨ᠎ᠤ ᠦᠶ᠋ᠯᠡᠳᠪᠦᠷᠢ᠎ᠳᠡᠭᠡᠨ ᠪᠤᠴᠠᠬᠤ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠵᠦ᠍᠂ ᠠᠵᠤ ᠠᠬᠤᠢᠯᠠᠯ᠎ᠤᠨ ᠠᠵᠢᠯᠲᠠᠨ ᠠᠵᠢᠯᠴᠢᠨ᠎ᠤ ᠠᠵᠢᠯ᠎ᠤᠨ ᠪᠠᠢᠷᠢ᠎ᠳᠠᠭᠠᠨ ᠪᠤᠴᠠᠵᠤ ᠠᠵᠢᠯ ᠎ᠢᠶᠠᠨ ᠰᠡᠷᠭᠦᠭᠡᠬᠦ᠌ ᠎ᠶ᠋ᠢ ᠢᠳᠡᠪᠬᠢᠲᠡᠶ ᠪᠥᠭᠡᠳ ᠡᠮᠬᠢ ᠵᠢᠷᠤᠮ᠎ᠲᠠᠶ᠎ᠪᠠᠷ ᠬᠠᠪᠰᠤᠷᠴᠤ᠌᠂ ᠠᠵᠤ ᠠᠬᠤᠢᠯᠠᠯ᠎ᠤᠨ ᠪᠢᠲᠡᠭᠦᠮᠵᠢᠯᠡᠭ᠌ᠰᠡᠨ ᠬᠠᠮᠢᠶᠠᠷᠤᠯᠲᠠ᠎ᠶ᠋ᠢᠨ ᠡᠯ᠎ᠡ ᠵᠦᠶ᠋ᠯ᠎ᠦᠨ ᠠᠷᠭ᠎ᠠ ᠬᠡᠮᠵᠢᠶ᠎ᠡ᠎ᠶ᠋ᠢ ᠨᠠᠢᠳᠠᠪᠤᠷᠢᠵᠢᠭᠤᠯᠬᠤ᠎ᠳᠤ ᠬᠢᠨᠠᠯᠲᠠ ᠲᠠᠯᠪᠢᠨ᠎ᠠ᠃

ᠳᠥᠷᠪᠡ᠎ᠳᠦ᠂ ᠵᠠᠩᠭᠢᠯᠠᠭ᠎ᠠ᠎ᠶ᠋ᠢᠨ ᠠᠵᠢᠯ᠎ᠤᠨ ᠪᠠᠢᠷᠢ᠎ᠶ᠋ᠢᠨ ᠲᠣᠭ᠍ᠲᠠᠭᠤᠨ ᠪᠠᠢᠬᠤ᠎ᠶ᠋ᠢ ᠪᠠᠲᠤᠯᠠᠨ᠎ᠠ᠃ ᠠᠵᠤ ᠠᠬᠤᠢᠯᠠᠯ᠎ᠤᠨ ᠵᠠᠩᠭᠢᠯᠠᠭ᠎ᠠ᠎ᠶ᠋ᠢᠨ ᠠᠵᠢᠯ᠎ᠤᠨ ᠪᠠᠢᠷᠢ᠂ ᠵᠠᠩᠭᠢᠯᠠᠭ᠎ᠠ᠎ᠶ᠋ᠢᠨ ᠠᠵᠢᠯ᠎ᠤᠨ ᠳᠠᠷᠠᠭᠠᠯᠠᠯ᠎ᠳᠤ ᠠᠩᠬᠠᠷᠤᠯ᠎ᠢᠶᠠᠨ ᠲᠥᠪᠯᠡᠷᠡᠭᠦᠯᠦᠨ ᠠᠵᠢᠯ᠎ᠤᠨ ᠪᠠᠢᠷᠢ ᠵᠢᠨ ᠡᠭᠡᠯᠵᠢ ᠠᠵᠢᠯ᠎ᠤᠨ ᠪᠠᠢᠷᠢ ᠵᠢᠨ ᠪᠡᠯᠡᠳᠭᠡᠯ᠎ᠤᠨ ᠪᠠᠲᠤᠯᠠᠭ᠎ᠠ᠎ᠬᠢᠬᠦ ᠶ᠋ᠢ ᠵᠢᠯᠣᠭᠣᠳᠴᠤ᠌᠂ ᠨᠠᠭᠠᠳᠤ ᠵᠠᠬ᠎ᠠ᠎ᠳᠠᠭᠠᠨ 2 ᠡᠭᠡᠯᠵᠢ ᠵᠢᠨ ᠳᠤᠭᠤᠢᠯᠠᠩ ᠳᠣᠭᠢᠷᠠᠭᠤᠯᠵᠤ᠂ ᠪᠠᠴᠢᠮ ᠪᠠᠢᠳᠠᠯ᠎ᠢ ᠠᠷᠭᠠᠴᠠᠭᠠᠬᠤ 1 ᠰᠠᠯᠠᠭ᠎ᠠ ᠡᠩᠨᠡᠭᠡ ᠎ᠶ᠋ᠢ ᠨᠥᠭᠡᠴᠡᠯᠡᠵᠦ᠍᠂ ᠠᠵᠢᠯᠲᠠᠨ ᠠᠵᠢᠯᠴᠢᠨ᠎ᠤ ᠳᠠᠭᠠᠭᠠᠴᠠ᠎ᠡᠴᠡ ᠬᠡᠲᠦᠷᠡᠳᠠᠯ᠎ᠠ ᠠᠵᠢᠯᠯᠠᠬᠤ᠂ ᠡᠷᠴᠢᠮ ᠶᠡᠬᠡᠲᠡᠶ ᠠᠵᠢᠯᠯᠠᠬᠤ᠎ᠶ᠋ᠢ ᠴᠢᠩᠭ᠎ᠠ ᠴᠠᠭᠠᠵᠠᠯᠠᠨ᠎ᠠ᠃ ᠠᠵᠤ ᠠᠬᠤᠢᠯᠠᠯ᠎ᠢ ᠵᠢᠯᠣᠭᠣᠳᠴᠤ᠌ ᠪᠠᠢᠭᠠᠳ ᠦᠶ᠋ᠯᠡᠳᠪᠦᠷᠢ᠎ᠶ᠋ᠢᠨ ᠲᠣᠭᠣᠷᠢᠭ᠎ᠤᠨ ᠪᠣᠳᠠᠲᠤ ᠪᠠᠢᠳᠠᠯ᠎ᠲᠠᠶ ᠤᠶᠠᠯᠳᠤᠭᠤᠯᠤᠨ᠂ ᠪᠥᠬᠥ᠌ ᠲᠠᠯ᠎ᠠ᠎ᠪᠠᠷ ᠪᠢᠲᠡᠭᠦᠮᠵᠢᠯᠡᠬᠦ᠌ ᠪᠠ 《ᠬᠣᠶᠠᠷ ᠴᠡᠭ ᠨᠢᠭᠡ ᠱᠤᠭᠤᠮ》 ᠎ᠤ᠋ᠨ ᠪᠢᠲᠡᠭᠦᠮᠵᠢᠯᠡᠭ᠌ᠰᠡᠨ ᠬᠠᠮᠢᠶᠠᠷᠤᠯᠲᠠ᠎ᠶ᠋ᠢᠨ ᠵᠠᠭ᠍ᠪᠤᠷ᠎ᠢ ᠲᠠᠰᠤᠷᠠᠯᠲᠠ ᠥᠬᠡᠶ ᠱᠢᠯᠢᠳᠡᠭ᠌ᠵᠢᠭᠦᠯᠦᠨ ᠲᠡᠭᠦᠯᠳᠡᠷᠵᠢᠭᠦᠯᠦᠨ᠎ᠡ᠃ 《ᠬᠡᠨ ᠠᠵᠢᠯᠴᠢᠨ ᠬᠡᠷᠡᠭ᠌ᠯᠡᠭ᠌ᠰᠡᠨ ᠪᠣᠯ ᠲᠡᠷᠡ ᠬᠠᠷᠢᠭᠤᠴᠠᠬᠤ᠂ ᠬᠡᠨ ᠬᠥᠮᠦᠨ ᠲᠣᠮᠢᠯᠠᠭ᠍ᠰᠠᠨ ᠪᠣᠯ ᠲᠡᠷᠡ ᠬᠠᠷᠢᠭᠤᠴᠠᠬᠤ》 ᠵᠠᠷᠴᠢᠮ ᠶᠣᠰᠣᠭᠠᠷ᠂ ᠭᠤᠷᠪᠠᠳᠠᠬᠢ ᠡᠲᠡᠭᠡᠳ᠎ᠲᠡᠶ ᠬᠠᠮᠲᠤ ᠪᠠᠷ ᠭᠠᠳᠠᠭ᠍ᠰᠢ ᠳᠠᠭᠠᠭᠠᠴᠢᠯᠠᠭᠰᠠᠨ ᠬᠦᠮᠦᠰ᠎ᠢ ᠬᠠᠮᠢᠶᠠᠷᠴᠤ᠌᠂ ᠦᠶ᠋ᠯᠡᠳᠪᠦᠷᠢ᠎ᠳᠦ ᠤᠷᠤᠭ᠍ᠰᠠᠨ᠎ᠤ ᠳᠠᠷᠠᠭ᠎ᠠ ᠠᠵᠤ ᠠᠬᠤᠢᠯᠠᠯ᠎ᠤᠨ ᠪᠢᠲᠡᠭᠦᠮᠵᠢᠯᠡᠭᠰᠡᠨ ᠬᠠᠮᠢᠶᠠᠷᠤᠯᠲᠠ ᠎ᠶ᠋ᠢᠨ ᠬᠡᠪᠴᠢᠶᠡᠨ ᠎ᠳᠦ ᠨᠢᠭᠡᠳᠦᠯᠲᠡᠶ ᠣᠷᠣᠭᠤᠯᠤᠨ᠎ᠠ᠃

ᠲᠠᠪᠤ᠎ᠳᠤ᠂ ᠠᠵᠤ ᠠᠬᠤᠢᠯᠠᠯ᠎ᠤᠨ ᠬᠦᠴᠢᠷᠳᠡᠯ᠎ᠢ᠎ᠨᠢ ᠢᠳᠡᠪᠬᠢᠲᠡᠢ ᠱᠢᠢᠳᠪᠦᠷᠢᠯᠡᠵᠦ᠍ ᠥᠭ᠌ᠭᠦᠨ᠎ᠡ᠃ ᠥᠪᠡᠷᠲᠡᠭᠡᠨ ᠵᠠᠰᠠᠬᠤ ᠣᠷᠣᠨ ᠪᠠ ᠬᠥᠬᠡᠬᠣᠲᠠ᠎ᠶ᠋ᠢᠨ ᠭᠤᠤᠯᠳᠠᠯᠭ᠎ᠠ᠎ᠲᠠᠶ ᠡᠳ᠋ ᠪᠣᠳᠠᠰ᠎ᠤᠨ ᠲᠡᠭᠡᠭᠡᠪᠦᠷᠢ᠎ᠶ᠋ᠢᠨ ᠲᠡᠷᠭᠡ ᠬᠥᠰᠭᠡ᠎ᠶ᠋ᠢᠨ ᠨᠡᠪᠲᠡᠷᠡᠬᠦ᠌ ᠦᠨᠡᠮᠯᠡᠯ᠎ᠢ ᠭᠤᠶᠤᠴᠢᠯᠠᠨ ᠠᠪᠬᠤ ᠪᠠ ᠲᠠᠷᠬᠠᠭᠠᠬᠤ ᠠᠵᠢᠯ᠎ᠢ ᠴᠢᠩᠭ᠎ᠠ ᠪᠥᠭᠡᠳ ᠥᠨᠳᠥᠷ ᠪᠦᠲᠦᠮᠵᠢᠲᠡᠶ ᠰᠠᠢᠲᠤᠷ ᠬᠢᠵᠦ᠍᠂ ᠠᠵᠤ ᠠᠬᠤᠢᠯᠠᠯ᠎ᠤᠨ ᠲᠡᠭᠡᠭᠡᠪᠦᠷᠢ ᠬᠠᠷᠱᠢᠯᠠᠭ᠍ᠳᠠᠵᠤ ᠪᠠᠢᠭ᠎ᠠ ᠠᠰᠠᠭᠤᠳᠠᠯ᠎ᠢ ᠢᠳᠡᠪᠬᠢᠲᠡᠶ ᠵᠣᠬᠢᠴᠠᠭᠤᠯᠤᠨ ᠱᠢᠶ᠋ᠳᠪᠦᠷᠢᠯᠡᠵᠦ᠍᠂ ᠪᠥᠬᠥ᠌ ᠬᠣᠲᠠ᠎ᠶ᠋ᠢᠨ ᠠᠵᠤ ᠦᠶ᠋ᠯᠡᠳᠪᠦᠷᠢ᠎ᠶ᠋ᠢᠨ ᠠᠵᠤ ᠠᠬᠤᠢᠯᠠᠯ᠎ᠤᠨ ᠡᠨᠧᠷᠭᠢ᠎ᠶ᠋ᠢᠨ ᠡᠳ᠋ ᠪᠣᠳᠠᠰ᠂ ᠦᠶ᠋ᠯᠡᠳᠪᠦᠷᠢᠯᠡᠯ᠎ᠦᠨ ᠡᠳ᠋ ᠪᠣᠳᠠᠰ᠎ᠤᠨ ᠲᠡᠭᠡᠭᠡᠪᠦᠷᠢ᠎ᠶ᠋ᠢᠨ ᠰᠠᠭᠠᠳ ᠥᠬᠡᠶ ᠨᠡᠪᠲᠡᠷᠡᠬᠦ᠌᠎ᠶ᠋ᠢ ᠦᠨᠡᠨ ᠬᠦ᠌ ᠪᠠᠲᠤᠯᠠᠨ᠎ᠠ᠃ ᠥᠪᠡᠷᠲᠡᠭᠡᠨ ᠵᠠᠰᠠᠬᠤ ᠣᠷᠣᠨ ᠡᠴᠡ ᠨᠡᠢᠲᠡᠯᠡᠭ᠌ᠰᠡᠨ ᠭᠤᠤᠯᠳᠠᠯᠭ᠎ᠠ᠎ᠲᠠᠶ ᠠᠵᠤ ᠦᠶ᠋ᠯᠡᠰ᠎ᠦᠨ ᠬᠡᠯᠬᠢᠶ᠎ᠡ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ 《ᠴᠠᠭᠠᠨ ᠲᠠᠩᠰᠠ》 ᠵᠢ ᠬᠢᠨᠠᠨ ᠬᠡᠮᠵᠢᠨ ᠲᠣᠬᠢᠷᠠᠭᠤᠯᠵᠤ᠂ 《ᠴᠠᠭᠠᠨ ᠲᠠᠩᠰᠠ》 ᠵᠢᠨ ᠠᠵᠤ ᠠᠬᠤᠢᠯᠠᠯ᠎ᠤᠨ ᠦᠶ᠋ᠯᠡᠳᠪᠦᠷᠢᠯᠡᠯ᠎ᠢᠶᠡᠨ ᠥᠯᠥ᠍ ᠪᠠᠭᠠᠰᠬᠠᠬᠤ ᠦᠯᠦ ᠵᠤᠭᠰᠤᠭᠠᠬᠤ᠎ᠶ᠋ᠢ ᠪᠥᠬᠥ᠌ ᠬᠦᠴᠦᠨ᠎ᠢᠶᠡᠷ ᠪᠠᠲᠤᠯᠠᠨ᠎ᠠ᠃ ᠬᠢᠵᠢᠭ᠎ᠦᠨ ᠪᠠᠢᠳᠠᠯ᠎ᠡᠴᠡ ᠪᠤᠯᠵᠤ ᠦᠢᠯᠡᠳᠪᠦᠷᠢᠯᠡᠯ᠎ᠢᠶᠡᠨ ᠵᠣᠭ᠍ᠰᠣᠭ᠍ᠰᠠᠨ ᠠᠵᠤ ᠠᠬᠤᠢᠯᠠᠯ᠎ᠤᠨ ᠪᠣᠳᠠᠲᠠᠢ ᠬᠦᠴᠢᠷᠳᠡᠯ ᠪᠣᠯᠤᠨ ᠭᠣᠣᠯ ᠪᠣᠯᠬᠤ ᠬᠦᠰᠡᠯ ᠱᠠᠭᠠᠷᠳᠠᠯᠭ᠎ᠠ᠎ᠶ᠋ᠢ ᠪᠠᠢᠴᠠᠭᠠᠨ ᠣᠢᠯᠠᠭᠠᠵᠤ᠂ ᠥᠪᠡᠷᠲᠡᠭᠡᠨ ᠵᠠᠰᠠᠬᠤ ᠣᠷᠣᠨ ᠪᠣᠯᠤᠨ ᠬᠥᠬᠡᠬᠣᠲᠠ᠎ᠶ᠋ᠢᠨ ᠠᠵᠤ ᠠᠬᠤᠢᠯᠠᠯ᠎ᠳᠤ ᠠᠱᠢᠭ ᠬᠦᠷᠲᠡᠭᠡᠵᠤ ᠬᠦᠴᠢᠷᠳᠡᠯ᠎ᠢ ᠨᠢ ᠱᠢᠢᠳᠪᠦᠷᠢᠯᠡᠬᠦ᠌ ᠬᠠᠮᠤᠭ᠎ᠤᠨ ᠱᠢᠨ᠎ᠡ ᠲᠦᠷᠦ᠍᠎ᠶ᠋ᠢᠨ ᠪᠤᠳᠤᠯᠭ᠎ᠠ᠎ᠶ᠋ᠢ ᠨᠠᠢᠳᠠᠪᠤᠷᠢᠵᠢᠭᠤᠯᠵᠤ᠂ ᠠᠵᠤ ᠠᠬᠤᠢᠯᠠᠯ᠎ᠤᠨ ᠠᠵᠢᠯ᠎ᠢᠶᠠᠨ ᠰᠡᠷᠭᠦᠭᠡᠵᠦ᠍ ᠦᠢᠯᠡᠳᠪᠦᠷᠢᠯᠡᠯ᠎ᠢᠶᠡᠨ ᠰᠡᠷᠭᠦᠭᠡᠬᠦ᠌᠎ᠳᠦ ᠱᠢᠨᠵᠢᠯᠡᠬᠦ᠌ ᠤᠬᠠᠭᠠᠨᠴᠢ ᠡᠮᠬᠢ ᠵᠢᠷᠤᠮ᠎ᠲᠠᠶ᠎ᠪᠠᠷ ᠬᠦᠴᠦᠨ ᠨᠡᠮᠡᠷᠢᠯᠡᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠠᠨᠠᠷ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面