2022-11-13 10:57:46
11 ᠰᠠᠷ᠎ᠠ᠎ᠶ᠋ᠢᠨ 12 ᠤ᠋ᠨ ᠡᠳᠦᠷ᠂ ᠬᠥᠬᠡᠬᠣᠲᠠ᠎ᠶ᠋ᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠰᠣᠨᠢᠨ ᠮᠡᠳᠡᠭᠡ ᠨᠡᠢᠲᠡᠯᠡᠬᠦ᠌ ᠬᠤᠷᠠᠯ (72 ᠳ᠋ᠤᠭᠠᠷ ᠲᠠᠯᠠᠪᠠᠢ) ᠳᠡᠭᠡᠷ᠎ᠡ᠂ ᠬᠥᠬᠡᠬᠣᠲᠠ᠎ᠶ᠋ᠢᠨ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠳᠠᠷᠤᠭ᠎ᠠ ᠱᠢᠤᠢ ᠱᠸᠦ ᠵᠶ᠋ᠢ 11 ᠰᠠᠷ᠎ᠠ ᠵᠢᠨ 11 ᠤ᠋ ᠡᠳᠦᠷ ᠲᠦᠷᠦ᠍᠎ᠶ᠋ᠢᠨ ᠶᠠᠪᠤᠳᠠᠯ᠎ᠤᠨ ᠬᠣᠷᠢᠶᠠᠨ᠎ᠤ ᠬᠣᠯᠪᠣᠭᠠᠯᠠᠨ ᠰᠡᠷᠭᠡᠢᠯᠡᠵᠦ᠍ ᠬᠣᠯᠪᠣᠭᠠᠯᠠᠨ ᠡᠵᠡᠮᠳᠡᠬᠦ᠌ ᠲᠣᠭ᠍ᠲᠠᠴᠠ 《ᠬᠣᠷᠢᠨ ᠵᠦᠢᠯ ᠤ᠋ᠨ ᠠᠷᠭ᠎ᠠ ᠬᠡᠮᠵᠢᠶ᠎ᠡ》 ᠵᠢ ᠨᠡᠢᠲᠡᠯᠡᠵᠦ᠍᠂ ᠲᠤᠰᠠᠭᠠᠷᠯᠠᠵᠤ ᠱᠢᠯᠵᠢᠭᠦᠯᠦᠨ ᠵᠥᠭᠡᠭᠡᠪᠦᠷᠢᠯᠡᠬᠦ᠌᠂ ᠪᠥᠭᠡᠮ ᠬᠦᠴᠢᠯ᠎ᠦᠨ ᠪᠠᠢᠴᠠᠭᠠᠯᠲᠠ ᠬᠢᠬᠦ᠌᠂ ᠬᠥᠮᠦᠰ᠎ᠦᠨ ᠱᠢᠯᠵᠢᠯᠲᠡ᠂ ᠡᠮᠴᠢᠯᠡᠭᠡᠨ᠎ᠦ ᠦᠢᠯᠡᠴᠢᠯᠡᠭᠡ᠂ ᠸᠠᠺᠼᠢᠨ᠎ᠤ ᠲᠠᠷᠢᠯᠭ᠎ᠠ ᠬᠢᠬᠦ᠌᠂ ᠠᠵᠤ ᠠᠬᠤᠢᠯᠠᠯ ᠪᠣᠯᠤᠨ ᠰᠤᠷᠭᠠᠭᠤᠯᠢ᠎ᠶ᠋ᠢᠨ ᠬᠦᠷᠢᠶᠡᠨ᠎ᠦ ᠦᠢᠯᠡᠴᠢᠯᠡᠭᠡᠨ᠎ᠦ ᠪᠠᠲᠤᠯᠠᠭ᠎ᠠ᠂ ᠬᠤᠴᠤᠷᠭᠠᠵᠤ ᠠᠪᠤᠭᠰᠠᠨ ᠬᠥᠮᠦᠰ᠎ᠢ ᠶᠠᠪᠤᠭᠤᠯᠬᠤ ᠵᠡᠷᠭᠡ ᠲᠠᠯ᠎ᠠ᠎ᠪᠠᠷ ᠨᠡᠩ ᠣᠨᠣᠴᠠᠲᠠᠢ ᠠᠷᠭ᠎ᠠ ᠬᠡᠮᠵᠢᠶ᠎ᠡ ᠠᠪᠬᠤ ᠬᠡᠷᠡᠭ᠌ᠲᠡᠢ ᠭᠡᠵᠦ᠍ ᠱᠠᠭᠠᠷᠳᠠᠪᠠ ᠭᠡᠵᠠᠢ᠃
《ᠬᠣᠷᠢᠨ ᠵᠦᠢᠯ ᠤᠨ ᠠᠷᠭ᠎ᠠ ᠬᠡᠮᠵᠢᠶ᠎ᠡ》 ᠪᠣᠯ ᠶᠢᠰᠦᠳᠦᠭᠡᠷ ᠬᠡᠪᠯᠡᠯ᠎ᠦᠨ ᠰᠡᠷᠭᠡᠢᠯᠡᠨ ᠡᠵᠡᠮᠳᠡᠬᠦ᠌ ᠲᠥᠰᠦᠯ ᠢ᠋ ᠲᠡᠭᠦᠯᠳᠡᠷᠵᠢᠭᠦᠯᠦᠭᠰᠡᠨ ᠶᠠᠪᠤᠳᠠᠯ ᠮᠥᠨ᠂ ᠸᠢᠷᠦ᠋ᠰ᠎ᠦᠨ ᠤᠨᠳᠤᠤᠱᠢᠯ ᠪᠠ ᠬᠠᠯᠳᠠᠪᠤᠷᠢᠯᠠᠬᠤ ᠵᠢᠮ᠎ᠡ ᠶᠣᠰᠣᠨ᠎ᠳᠤ ᠰᠠᠭᠤᠷᠢᠯᠠᠭ᠍ᠰᠠᠨ ᠱᠢᠨᠵᠢᠯᠡᠬᠦ᠌ ᠤᠬᠠᠭᠠᠨᠴᠢ ᠡᠵᠡᠮᠳᠡᠯ ᠪᠠ ᠣᠢᠷ᠎ᠠ᠎ᠶ᠋ᠢᠨ ᠭᠤᠷᠪᠠᠨ ᠵᠢᠯ᠎ᠦᠨ ᠲᠤᠷᠱᠢᠬᠢ ᠡᠯ᠎ᠡ ᠭᠠᠵᠠᠷ᠎ᠤᠨ ᠰᠡᠷᠭᠡᠢᠯᠡᠨ ᠡᠵᠡᠮᠳᠡᠬᠦ᠌ ᠲᠤᠷᠱᠢᠯᠭ᠎ᠠ᠎ᠶ᠋ᠢᠨ ᠳ᠋ᠦᠩᠨᠡᠯᠲᠡ ᠮᠥᠨ᠂ ᠲᠣᠭ᠍ᠲᠠᠭᠤᠨ᠎ᠤ ᠳᠤᠮᠳᠠ ᠤᠷᠤᠭ᠍ᠰᠢᠯᠠᠨ ᠳᠠᠪᠱᠢᠬᠤ᠂ ᠪᠠᠭ᠎ᠠ ᠠᠯᠬᠤᠮ᠎ᠢᠶᠠᠷ ᠵᠤᠬᠰᠤᠯ ᠦᠭᠡᠢ ᠤᠷᠤᠬᠰᠢᠯᠠᠬᠤ᠂ ᠮᠠᠨ᠎ᠤ ᠤᠯᠤᠰ᠎ᠤᠨ ᠤᠯᠤᠰ᠎ᠤᠨ ᠪᠠᠢᠳᠠᠯ᠎ᠳᠤ ᠨᠡᠢᠴᠡᠬᠦ᠌᠂ ᠨᠠᠩ ᠱᠢᠨᠵᠢᠯᠡᠬᠦ᠌ ᠤᠬᠠᠭᠠᠨᠴᠢ ᠪᠥᠭᠡᠳ ᠣᠨᠣᠴᠠᠲᠠᠶ ᠠᠷᠭ᠎ᠠ ᠬᠡᠮᠵᠢᠶ᠎ᠡ ᠮᠥᠨ᠂ ᠬᠠᠷᠢᠨ ᠰᠤᠯᠠ ᠲᠠᠯᠪᠢᠬᠤ ᠪᠢᠰᠢ᠂ ᠨᠠᠩ ᠴᠤ᠌ 《ᠵᠦᠭᠡᠷ ᠰᠠᠭᠤᠬᠤ》 ᠭᠡᠰᠡᠨ ᠪᠢᠰᠢ ᠶᠤᠮ᠃
《ᠬᠣᠷᠢᠨ ᠵᠦᠢᠯ ᠤ᠋ᠨ ᠠᠷᠭ᠎ᠠ ᠬᠡᠮᠵᠢᠶ᠎ᠡ》 ᠵᠢ ᠥᠩᠭᠡᠷᠡᠭ᠌ᠰᠡᠨ᠎ᠦ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠶ᠎ᠡ᠎ᠲᠡᠶ ᠬᠠᠷᠢᠴᠠᠭᠤᠯᠪᠠᠯ ᠪᠠᠭ᠎ᠠ ᠪᠤᠰᠤ ᠬᠤᠪᠢᠷᠠᠯᠲᠠ ᠭᠠᠷᠴᠠᠶ᠃ ᠵᠢᠱ᠌ᠢᠶᠡᠯᠡᠪᠡᠯ᠂ ᠲᠤᠰᠠᠭᠠᠷᠯᠠᠬᠤ ᠴᠠᠭ᠎ᠤᠨ ᠲᠠᠯ᠎ᠠ᠎ᠪᠠᠷ᠂ ᠨᠢᠭ᠍ᠲᠠ ᠣᠢᠷᠠᠲᠤᠭᠴᠢ ᠵᠢ ᠬᠠᠮᠢᠶᠠᠷᠬᠤ ᠠᠷᠭ᠎ᠠ ᠬᠡᠮᠵᠢᠶ᠎ᠡ᠎ᠶ᠋ᠢ 《5 ᠡᠳᠦᠷ ᠲᠥᠪᠯᠡᠷᠡᠭᠦᠯᠦᠨ ᠲᠤᠰᠠᠭᠠᠷᠯᠠᠬᠤ + 3 ᠡᠳᠦᠷ ᠬᠡᠷᠲᠤᠨᠢ ᠲᠤᠰᠠᠭᠠᠷᠯᠠᠬᠤ》 ᠪᠣᠯᠭᠠᠨ ᠲᠣᠬᠢᠷᠠᠭᠤᠯᠪᠠ; ᠲᠦᠭ᠌ᠰᠢᠭᠦᠷᠢᠳᠤ ᠣᠷᠣᠨ᠎ᠢ ᠬᠤᠪᠢᠶᠠᠷᠢᠯᠠᠨ ᠲᠣᠭ᠍ᠲᠠᠭᠠᠬᠤ ᠲᠠᠯ᠎ᠠ᠎ᠪᠠᠷ᠂ ᠲᠦᠭ᠌ᠰᠢᠭᠦᠷᠢ᠎ᠶ᠋ᠢᠨ ᠣᠷᠣᠨ᠎ᠢ ᠭᠤᠷᠪᠠᠨ ᠲᠥᠷᠥᠯ ᠪᠠᠢᠭ᠍ᠰᠠᠨ ᠡᠴᠡ ᠥᠨᠳᠥᠷ ᠳᠤᠤᠷ᠎ᠠ ᠬᠣᠶᠠᠷ ᠲᠥᠷᠥᠯ ᠪᠣᠯᠭᠠᠨ ᠳᠣᠭᠢᠷᠠᠭᠤᠯᠪᠠ; ᠲᠠᠮ ᠤᠢᠷᠠᠳᠤᠬᠴᠢ ᠵᠢ ᠳᠠᠭᠢᠵᠤ ᠮᠠᠭᠠᠳᠯᠠᠨ ᠲᠣᠭ᠍ᠲᠠᠭᠠᠬᠤ ᠥᠬᠡᠶ᠂ ᠬᠢᠯᠢ ᠪᠡᠷ ᠣᠷᠣᠵᠤ ᠢᠷᠡᠬᠦ ᠵᠢᠰᠢᠶᠠᠨ ᠤ᠋ ᠨᠢᠰᠭᠡᠯ ᠳ᠋ᠤ ᠠᠷᠭ᠎ᠠ ᠴᠢᠨᠠᠷᠳᠠᠢ ᠠᠶᠠᠨᠴᠢᠨ ᠢᠯᠡᠷᠡᠭᠰᠡᠨ ᠪᠤᠯ ᠠᠭᠠᠷ ᠤ᠋ᠨ ᠵᠠᠮ ᠢ᠋ ᠬᠠᠭᠠᠬᠤ ᠲᠣᠭ᠍ᠲᠡᠴᠡ᠎ᠶ᠋ᠢ ᠬᠦᠴᠦᠨ ᠥᠬᠡᠶ ᠪᠣᠯᠭᠠᠵᠤ᠂ ᠳᠤᠷ᠎ᠠ᠎ᠪᠠᠷ᠎ᠢᠶᠠᠨ ᠰᠤᠷᠭᠠᠭᠤᠯᠢ ᠵᠢ ᠪᠢᠳᠡᠬᠦᠮᠵᠢᠯᠡᠵᠤ ᠬᠢᠴᠢᠶᠡᠯ ᠵᠣᠭ᠍ᠰᠣᠭᠠᠬᠤ᠂ ᠠᠵᠢᠯ ᠦᠶ᠋ᠯᠡᠳᠪᠦᠷᠢᠯᠡᠯ᠎ᠢ ᠵᠣᠭ᠍ᠰᠣᠭᠠᠬᠤ᠂ ᠳᠤᠷ᠎ᠠ᠎ᠪᠠᠷ᠎ᠢᠶᠠᠨ 《ᠵᠤᠬᠰᠤᠡᠭᠭᠤᠢ》 ᠬᠠᠮᠢᠶᠠᠷᠤᠯᠲᠠ ᠶᠠᠪᠤᠭᠤᠯᠬᠤ᠂ ᠳᠤᠷ᠎ᠠ᠎ᠪᠠᠷ᠎ᠢᠶᠠᠨ ᠪᠢᠲᠡᠭᠦᠮᠵᠢᠯᠡᠨ ᠡᠵᠡᠮᠳᠡᠭᠡᠳ ᠣᠷᠳᠣ ᠬᠤᠭᠤᠴᠠᠭ᠎ᠠ᠎ᠪᠠᠷ ᠲᠠᠢᠯᠬᠤ ᠥᠬᠡᠶ᠂ ᠡᠮᠨᠡᠭᠦᠯᠬᠦ᠌᠎ᠵᠢ ᠳᠤᠷ᠎ᠠ᠎ᠪᠠᠷ᠎ᠢᠶᠠᠨ ᠵᠣᠭ᠍ᠰᠣᠭᠠᠬᠤ᠂ ᠵᠥᠪᠱᠢᠶᠡᠷᠡᠯ ᠥᠬᠡᠶ᠎ᠪᠡᠷ ᠵᠠᠮ ᠬᠠᠷᠢᠯᠴᠠᠭ᠎ᠠ᠎ᠶ᠋ᠢ ᠲᠠᠰᠤᠯᠬᠤ ᠵᠡᠷᠭᠡ᠎ᠶ᠋ᠢ ᠴᠢᠩᠭ᠎ᠠ ᠴᠠᠭᠠᠵᠠᠯᠠᠬᠤ ᠪᠡᠷ ᠲᠤᠬᠳᠠᠵᠠᠢ᠃ ᠡᠳᠡᠭᠡᠷ ᠠᠷᠭ᠎ᠠ ᠬᠡᠮᠵᠢᠶ᠎ᠡ ᠨᠢ ᠮᠠᠰᠢ ᠴᠢᠩᠭ᠎ᠠ ᠴᠢᠭ᠌ᠯᠡᠬᠦᠯᠦᠯᠳᠤ ᠴᠢᠨᠠᠷᠲᠠᠢ ᠶᠤᠮ᠂ ᠭᠣᠣᠯᠳᠠᠯᠭ᠎ᠠ ᠨᠢ ᠱᠢᠯᠢᠳᠡᠭ᠌ᠵᠢᠭᠦᠯᠬᠦ᠌ ᠶᠠᠪᠤᠳᠠᠯ ᠪᠣᠯᠤᠨ᠎ᠠ᠂ ᠤᠳᠤ᠎ᠶ᠋ᠢᠨ ᠡᠯ᠎ᠡ ᠵᠦᠢᠯ᠎ᠦᠨ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠤᠯᠠᠮ ᠴᠢᠨᠠᠭ᠍ᠰᠢᠳᠠ ᠲᠤᠬᠢᠷᠠᠭᠤᠯᠤᠨ ᠳᠡᠭᠡᠭ᠌ᠰᠢᠯᠡᠭᠦᠯᠬᠦ᠌᠎ᠶ᠋ᠢᠨ ᠤᠯᠠᠮ᠎ᠢᠶᠠᠷ ᠬᠢᠵᠢᠭ᠎ᠦᠨ ᠪᠠᠢᠳᠠᠯ᠎ᠢ ᠨᠡᠩ ᠰᠠᠢᠲᠤᠷ ᠰᠡᠷᠭᠡᠢᠯᠡᠨ ᠡᠵᠡᠮᠳᠡᠬᠦ᠌ ᠶᠠᠪᠤᠳᠠᠯ ᠪᠣᠯᠤᠨ᠎ᠠ᠃ ᠥᠭᠡᠷ᠎ᠡ᠎ᠪᠡᠷ ᠬᠡᠯᠡᠪᠡᠯ ᠬᠢᠵᠢᠭ᠎ᠲᠡᠶ ᠲᠡᠮᠡᠴᠡᠬᠦ᠌ ᠭᠤᠤᠯ ᠣᠢᠯᠠᠭᠠᠭ᠍ᠳᠠᠬᠤᠨ᠂ ᠬᠢᠵᠢᠭ᠎ᠲᠡᠶ ᠲᠡᠮᠡᠴᠡᠬᠦ᠌ ᠠᠷᠭ᠎ᠠ ᠪᠠᠷᠢᠯ ᠬᠤᠪᠢᠷᠬᠠᠰᠠᠨ ᠥᠬᠡᠶ᠂ ᠣᠨᠣᠴᠠᠲᠠᠶ᠎ᠪᠠᠷ ᠰᠡᠷᠭᠡᠢᠯᠡᠨ ᠡᠵᠡᠮᠳᠡᠬᠦ᠌᠂ ᠡᠪᠡᠳᠴᠢᠨ ᠤ᠋ ᠵᠢᠱ᠌ᠢᠶ᠎ᠠ ᠵᠢ ᠦᠭᠡᠢ ᠪᠤᠯᠭᠠᠬᠤ ᠴᠢᠭ᠌ᠯᠡᠯᠲᠡ ᠴᠦ᠍ ᠬᠤᠪᠢᠷᠬᠠᠰᠠᠨ ᠥᠬᠡᠶ᠂ ᠴᠢᠬᠤᠯᠠ ᠪᠥᠬᠥᠶ ᠬᠢᠵᠢᠭ᠎ᠢ ᠰᠡᠷᠭᠡᠢᠯᠡᠬᠦ᠌ ᠠᠷᠭ᠎ᠠ ᠬᠡᠮᠵᠢᠶ᠎ᠡ ᠰᠤᠯᠠᠷᠠᠭ᠍ᠰᠠᠨ ᠥᠬᠡᠶ ᠶᠤᠮ᠃
ᠱᠢᠤᠢ ᠱᠸᠤ ᠵᠢᠶ᠂ ᠸᠢᠷᠦ᠋ᠰ᠎ᠦᠨ ᠤᠨᠳᠤᠤᠱᠢᠯ ᠪᠠ ᠡᠪᠦᠯ ᠬᠠᠪᠤᠷ᠎ᠤᠨ ᠤᠯᠠᠷᠢᠯ᠎ᠤᠨ ᠠᠭᠤᠷ ᠠᠮᠢᠰᠭᠤᠯ᠎ᠤᠨ ᠬᠦᠴᠤᠨ ᠵᠦᠢᠯ ᠤ᠋ᠨ ᠨᠥᠯᠥᠭᠡ᠎ᠡᠴᠡ ᠪᠣᠯᠵᠣ᠂ ᠬᠢᠵᠢᠭ᠎ᠦᠨ ᠳᠠᠷᠬᠠᠨ ᠳᠡᠯᠭᠡᠷᠡᠬᠦ᠌ ᠬᠦᠷᠢᠶ᠎ᠠ ᠴᠠᠷᠠᠭ᠎ᠠ ᠪᠠ ᠬᠡᠪᠴᠢᠶ᠎ᠡ ᠤᠯᠠᠮ ᠴᠢᠨᠠᠬᠰᠢᠳᠠ ᠥᠷᠭᠡᠳᠴᠦ᠍ ᠮᠡᠳᠡᠨ᠎ᠡ᠂ ᠰᠡᠷᠭᠡᠢᠯᠡᠨ ᠡᠵᠡᠮᠳᠡᠬᠦ᠌ ᠪᠠᠢᠳᠠᠯ ᠮᠥᠨ ᠬᠦ᠌ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠪᠠᠢᠨ᠎ᠠ᠂ ᠡᠢᠮᠦ᠍᠎ᠡᠴᠡ ᠡᠷᠬᠡᠪᠰᠢ ᠪᠠᠢᠯᠳᠤᠬᠤ ᠪᠣᠳᠣᠯᠭ᠎ᠠ᠎ᠶ᠋ᠢᠨ ᠲᠣᠭ᠍ᠲᠠᠯ ᠬᠦᠴᠦᠨ᠎ᠢᠶᠡᠨ ᠪᠠᠲᠤᠯᠠᠵᠤ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠡᠯ᠎ᠡ ᠵᠦᠶ᠋ᠯ᠎ᠦᠨ ᠠᠵᠢᠯ᠎ᠢ ᠱᠢᠨᠵᠢᠯᠡᠬᠦ᠌ ᠤᠬᠠᠭᠠᠨᠴᠢ᠎ᠪᠠᠷ ᠣᠨᠣᠴᠠᠲᠠᠶ ᠰᠠᠢᠲᠤᠷ ᠬᠢᠬᠦ᠌ ᠬᠡᠷᠡᠭ᠌ᠲᠡᠶ᠃ ᠣᠳᠣᠬᠠᠨ᠎ᠳᠤ᠂ ᠬᠥᠬᠡᠬᠣᠲᠠ᠎ᠶ᠋ᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ ᠶᠠᠭ ᠵᠠᠩᠭᠢᠯᠠᠭ᠎ᠠ᠎ᠶ᠋ᠢᠨ ᠱᠠᠲᠤᠨ᠎ᠳᠤ ᠣᠷᠣᠱᠢᠵᠤ ᠪᠠᠢᠨ᠎ᠠ᠂ ᠪᠢᠳᠡ 《ᠬᠣᠷᠢᠨ ᠵᠦᠢᠯ ᠤᠨ ᠠᠷᠭ᠎ᠠ ᠬᠡᠮᠵᠢᠶ᠎ᠡ》 ᠲᠠᠢ ᠴᠢᠩᠭ᠎ᠠ ᠪᠠᠷᠢᠮᠵᠢᠶᠠᠯᠠᠨ ᠬᠠᠷᠭᠤᠭᠤᠯᠵᠤ᠂ ᠡᠯ᠎ᠡ ᠵᠦᠢᠯ᠎ᠦᠨ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠨᠠᠷᠢᠯᠢᠬ᠍ᠵᠢᠭᠤᠯᠤᠨ᠎ᠠ᠃ ᠡᠭᠦᠨ᠎ᠦ ᠵᠡᠷᠭᠡ ᠪᠡᠷ᠂ ᠣᠯᠠᠨ ᠲᠦᠮᠡᠨ᠎ᠦ ᠲᠤᠰᠭᠠᠭ᠍ᠰᠠᠨ ᠡᠯ᠎ᠡ ᠲᠥᠷᠥᠯ᠎ᠦᠨ ᠠᠰᠠᠭᠤᠳᠠᠯ ᠪᠠ ᠬᠦᠰᠡᠯ ᠱᠠᠭᠠᠷᠳᠠᠯᠭ᠎ᠠ᠂ ᠢᠯᠠᠩᠭᠤᠶ᠎ᠠ ᠡᠮᠦᠨᠡᠬᠢ ᠬᠤᠭᠤᠴᠠᠭᠠᠨ᠎ᠤ ᠵᠠᠷᠢᠮ ᠵᠣᠬᠢᠰ ᠥᠬᠡᠶ ᠠᠷᠭ᠎ᠠ ᠬᠢᠳᠡᠯ᠎ᠢ ᠴᠠᠭ ᠲᠤᠬᠠᠶ᠎ᠳᠤᠨᠢ ᠲᠣᠬᠢᠷᠠᠭᠤᠯᠤᠨ ᠱᠢᠯᠢᠳᠡᠭ᠌ᠵᠢᠭᠦᠯᠵᠦ᠍᠂ ᠠᠰᠠᠭᠤᠳᠠᠯ᠎ᠢ ᠱᠢᠶ᠋ᠳᠪᠦᠷᠢᠯᠡᠬᠦ᠌᠎ᠶ᠋ᠢ ᠪᠥᠬᠥ᠌ ᠬᠦᠴᠦᠨ᠎ᠢᠶᠡᠷ ᠠᠬᠢᠭᠤᠯᠵᠤ᠂ ᠣᠯᠠᠨ ᠲᠦᠮᠡᠨ᠎ᠦ ᠠᠩᠬᠠᠷᠴᠤ᠌ ᠪᠠᠢᠭ᠎ᠠ ᠠᠰᠠᠭᠤᠳᠠᠯ᠎ᠳᠤ ᠬᠠᠷᠢᠭᠤᠯᠲᠠ ᠥᠭᠬᠦᠨ᠎ᠠ᠃ ᠬᠥᠬᠡᠬᠣᠲᠠ᠎ᠶ᠋ᠢᠨ ᠬᠢᠨ ᠡᠯ᠎ᠡ ᠵᠦᠢᠯ᠎ᠦᠨ ᠠᠷᠭ᠎ᠠ ᠬᠡᠮᠵᠢᠶ᠎ᠡ᠎ᠶ᠋ᠢ ᠨᠠᠢᠳᠠᠪᠤᠷᠢᠵᠢᠭᠤᠯᠤᠭ᠍ᠰᠠᠨ ᠪᠠᠢᠳᠠᠯ᠎ᠢ ᠱᠠᠯᠠᠪᠳᠠᠭᠤᠯᠤᠨ ᠪᠠᠢᠴᠠᠭᠠᠬᠤ ᠪᠥᠭᠡᠳ ᠤᠯᠠᠨ ᠲᠦᠮᠡᠨ᠎ᠦ ᠮᠠᠨ᠎ᠤ ᠠᠵᠢᠯ᠎ᠳᠤ ᠬᠢᠨᠠᠯᠲᠠ ᠲᠠᠯᠪᠢᠬᠤ᠎ᠶ᠋ᠢ ᠬᠦᠰᠡᠵᠦ᠍ ᠪᠠᠢᠨ᠎ᠠ ᠭᠡᠵᠤ ᠬᠡᠯᠡᠪᠡ᠃

ᠬᠢᠵᠢᠭ ᠤ᠋ᠨ ᠪᠠᠢᠳᠠᠯ ᠢ᠋ ᠰᠡᠷᠭᠡᠢᠯᠡᠨ ᠡᠵᠡᠮᠳᠡᠬᠦ ᠬᠤᠭᠤᠴᠠᠭᠠᠨ ᠳ᠋ᠤ᠂ ᠬᠦᠬᠡᠬᠤᠳᠠ ᠵᠢᠨ ᠰᠢᠨ᠎ᠠ ᠬᠤᠳᠠ ᠲᠤᠭᠤᠷᠢᠭ ᠤ᠋ᠨ ᠵᠦᠩᠱᠠᠨ ᠵᠡᠭᠦᠨ ᠵᠠᠮ ᠤ᠋ᠨ ᠵᠡᠭᠡᠯᠢ ᠭᠤᠳᠤᠮᠵᠢ ᠵᠢᠨ ᠬᠢᠨ ᠬᠢᠵᠢᠭ ᠢ᠋ ᠰᠡᠷᠭᠡᠢᠯᠡᠬᠦ ᠠᠵᠢᠯᠳᠠᠳ ᠢ᠋ ᠵᠤᠬᠢᠶᠠᠨ ᠪᠠᠢᠭᠤᠯᠵᠤ ᠲᠤᠭᠳᠠᠭᠰᠠᠨ ᠬᠤᠭᠤᠴᠠᠭ᠎ᠠ ᠲᠠᠢ ᠪᠡᠷ ᠰᠠᠭᠤᠭᠠᠯᠢ ᠠᠷᠠᠳ ᠤ᠋ᠨ ᠲᠤᠭᠤᠷᠢᠭ᠂ ᠴᠠᠬᠢᠯᠭᠠᠨ ᠱᠠᠳᠤ ᠵᠡᠷᠭᠡ ᠵᠢ ᠠᠷᠢᠭᠤᠳᠬᠠᠵᠤ᠂ ᠰᠠᠭᠤᠭᠠᠯᠢ ᠠᠷᠠᠳ ᠲᠤ᠌ ᠠᠮᠤᠷ ᠲᠦᠪᠰᠢᠨ ᠡᠷᠡᠭᠦᠯ ᠮᠡᠨᠳᠦ ᠠᠮᠢᠳᠤᠷᠠᠯ ᠤ᠋ᠨ ᠤᠷᠴᠢᠨ ᠲᠤᠭᠤᠷᠢᠨ ᠢ᠋ ᠪᠤᠢ ᠪᠤᠯᠭᠠᠨ ᠦᠭᠴᠤ ᠪᠠᠢᠨ᠎ᠠ᠃ ᠵᠢᠷᠤᠭ ᠪᠤᠯ ᠲᠦᠷᠦᠭᠦᠬᠡᠨ᠂ ᠬᠦᠬᠡᠬᠤᠳᠠ ᠵᠢᠨ ᠰᠢᠨ᠎ᠠ ᠬᠤᠳᠠ ᠲᠤᠭᠤᠷᠢᠭ ᠤ᠋ᠨ ᠵᠦᠩᠱᠠᠨ ᠵᠡᠭᠦᠨ ᠵᠠᠮ ᠤ᠋ᠨ ᠵᠡᠭᠡᠯᠢ ᠭᠤᠳᠤᠮᠵᠢ ᠵᠢᠨ ᠶᠢᠩ ᠪᠢᠨ ᠡᠮᠦᠨ᠎ᠠ ᠵᠠᠮ ᠤ᠋ᠨ ᠨᠡᠢᠭᠡᠮ ᠲᠤᠭᠤᠷᠢᠭ ᠤ᠋ᠨ ᠬᠢᠵᠢᠭ ᠢ᠋ ᠰᠡᠷᠭᠡᠢᠯᠡᠬᠦ ᠠᠵᠢᠯᠳᠠᠳ ᠠᠷᠢᠭᠤᠳᠬᠠᠵᠤ ᠪᠠᠢᠭ᠎ᠠ ᠨᠢ᠃
ᠰᠤᠷᠪᠤᠯᠵᠢᠯᠠᠭᠴᠢ ᠮᠦᠩᠬᠡᠴᠢᠯᠠᠭᠤ ᠴᠢᠮᠡᠭᠡᠯᠡᠭᠴᠢ ᠰᠠᠷᠠᠭᠤᠯ ᠰᠡᠭᠦᠳᠡᠷᠯᠡᠪᠡ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃