ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠮᠡᠳᠡᠭᠡᠯᠡᠯ

2022-11-14 11:34:24

ᠵᠣᠬᠢᠶᠠᠭ᠍ᠴᠢ᠄ ᠡᠦ ᠯᠢ ᠱᠢᠨ ᠂ ᠴᠢᠩ ᠬᠤᠸᠠᠠ ᠣᠩᠱᠢᠭ᠍ᠰᠠᠨ ᠣᠳᠠᠭ᠎ᠠ᠄ 3

ᠲᠦᠷ ᠬᠣᠷᠢᠬᠳᠠᠵᠤ ᠪᠠᠢᠭ᠎ᠠ ᠬᠦᠮᠦᠰ ᠤ᠋ᠨ ᠬᠠᠤᠯᠢ ᠶᠣᠰᠣᠨ ᠎ᠤ ᠡᠷᠬᠡ ᠠᠱᠢᠭ ᠪᠠ ᠪᠡᠶ᠎ᠡ ᠮᠠᠬᠠᠪᠣᠳ ᠎ᠤᠨ ᠡᠷᠡᠭᠦᠯ ᠮᠡᠨᠳᠦ᠍ ᠎ᠶ᠋ᠢ ᠦᠨᠡᠨ ᠬᠦ᠌ ᠪᠠᠲᠤᠯᠠᠬᠤ ᠎ᠶ᠋ᠢᠨ ᠲᠥᠯᠥᠭᠡ᠂ ᠬᠣᠷᠴᠢᠨ ᠵᠡᠭᠦᠨ ᠭᠠᠷᠤᠨ ᠳᠤᠮᠳᠠᠳᠤ ᠬᠣᠱᠢᠭᠤᠨ ᠎ᠤ ᠳᠣᠲᠣᠭᠠᠳᠤ ᠎ᠶ᠋ᠢ ᠬᠠᠮᠠᠭᠠᠯᠠᠬᠤ ᠲᠣᠪᠴᠢᠶ᠎ᠠ ᠎ᠶ᠋ᠢᠨ ᠲᠦᠷ ᠬᠣᠷᠢᠬᠤ ᠭᠠᠵᠠᠷ ᠬᠥᠮᠦᠨᠴᠢᠯᠡᠭ᠌ᠰᠡᠨ ᠬᠠᠮᠢᠶᠠᠷᠤᠯᠲᠠ ᠎ᠶ᠋ᠢ ᠪᠠᠷᠢᠮᠲᠠᠯᠠᠵᠤ᠂ ᠠᠵᠢᠯ ᠎ᠤᠨ ᠰᠡᠳᠭᠢᠴᠡ ᠪᠠ ᠠᠵᠢᠯ ᠤ᠋ᠨ ᠠᠷᠭ᠎ᠠ ᠬᠡᠮᠵᠢᠶ᠎ᠠ ᠎ᠶ᠋ᠢ ᠢᠳᠡᠪᠬᠢᠳᠡᠢ ᠰᠦᠪᠡᠭ᠌ᠴᠢᠯᠡᠵᠦ᠍᠂ ᠣᠯᠠᠨ ᠵᠦᠶ᠋ᠯ ᠎ᠦᠨ ᠠᠷᠭ᠎ᠠ ᠬᠡᠮᠵᠢᠶ᠎ᠡ ᠠᠪᠴᠤ᠌᠂ ᠪᠠᠴᠢᠮ ᠡᠪᠡᠳᠴᠢᠨ᠎ᠳᠦ ᠨᠡᠷᠪᠡᠭ᠌ᠳᠡᠭ᠌ᠰᠡᠨ ᠲᠦᠷ ᠬᠣᠷᠢᠬᠳᠠᠵᠤ ᠪᠠᠢᠭ᠎ᠠ ᠬᠦᠮᠦᠰ ᠢ᠋ ᠭᠠᠳᠠᠨ᠎ᠠ ᠡᠮᠨᠡᠭᠦᠯᠬᠦ᠌ 《ᠰᠠᠭᠠᠳ ᠥᠬᠡᠶ ᠵᠠᠮ》 ᠢ᠋ ᠨᠡᠪᠳᠡᠷᠡᠬᠦᠯᠪᠡ᠃

ᠲᠦᠷ ᠬᠣᠷᠢᠬᠤ ᠭᠠᠵᠠᠷ ᠎ᠤᠨ ᠬᠢᠨ ᠠᠮᠤᠷ ᠲᠦᠪᠱᠢᠨ ᠎ᠦ ᠬᠣᠷᠢᠭ᠎ᠠ ᠱᠤᠭᠤᠮ ᠎ᠤᠨ ᠰᠡᠳᠭᠢᠬᠦᠢ ᠎ᠶ᠋ᠢ ᠪᠠᠲᠤ ᠪᠤᠢ ᠪᠣᠯᠭᠠᠵᠤ᠂ ᠠᠮᠤᠷ ᠲᠦᠪᠱᠢᠨ ᠎ᠦ ᠤᠬᠠᠮᠰᠠᠷ ᠎ᠢᠶᠠᠨ ᠳᠡᠭᠡᠭ᠌ᠰᠢᠯᠡᠭᠦᠯᠪᠡ᠃ ᠡᠳᠦᠷ ᠪᠦᠷᠢ ᠲᠦᠷ ᠬᠣᠷᠢᠭ᠍ᠳᠠᠵᠤ ᠪᠠᠢᠭ᠎ᠠ ᠬᠥᠮᠦᠰ ᠎ᠲᠦ ᠪᠡᠶ᠎ᠡ ᠎ᠶ᠋ᠢᠨ ᠪᠠᠢᠴᠠᠭᠠᠯᠲᠠ ᠬᠢᠵᠦ᠍ ᠂ ᠲᠦᠷ ᠬᠣᠷᠢᠭ᠍ᠳᠠᠵᠤ ᠪᠠᠢᠭ᠎ᠠ ᠬᠥᠮᠦᠰ ᠎ᠦᠨ ᠡᠷᠡᠭᠦᠯ ᠴᠢᠭᠢᠷᠠᠭ ᠎ᠤᠨ ᠪᠠᠢᠳᠠᠯ ᠎ᠢ ᠴᠠᠭ ᠲᠤᠬᠠᠶ᠎ᠳᠤᠨᠢ ᠡᠵᠡᠮᠱᠢᠨ᠂ ᠡᠷᠲᠡᠬᠡᠨ ᠣᠯᠵᠤ ᠮᠡᠳᠡᠨ ᠂ ᠡᠷᠲᠡᠬᠡᠨ ᠠᠪᠤᠷᠠᠵᠤ ᠵᠠᠰᠠᠬᠤ ᠎ᠶ᠋ᠢ ᠦᠨᠡᠨ ᠬᠦ᠌ ᠪᠠᠲᠤᠯᠠᠵᠠᠢ᠃ ᠡᠭᠦᠨ ᠎ᠦ ᠬᠠᠮᠲᠤ ᠂ ᠪᠠᠢᠩᠭᠤ ᠎ᠶ᠋ᠢᠨ ᠴᠢᠨᠠᠷᠲᠠᠶ ᠠᠮᠤᠷ ᠲᠦᠪᠱᠢᠨ ᠎ᠦ ᠪᠠᠢᠴᠠᠭᠠᠯᠲᠠ ᠎ᠶ᠋ᠢ ᠥᠷᠨᠢᠭᠦᠯᠵᠦ᠍ ᠂ ᠡᠯ᠎ᠡ ᠵᠦᠶ᠋ᠯ ᠎ᠦᠨ ᠠᠮᠤᠷ ᠲᠦᠪᠱᠢᠨ ᠎ᠦ ᠬᠠᠮᠢᠶᠠᠷᠤᠨ ᠡᠵᠡᠮᠳᠡᠬᠦ᠌ ᠲᠦᠷᠢᠮ ᠎ᠢ ᠪᠣᠳᠠᠲᠠᠶ᠎ᠳᠤ ᠨᠠᠢᠳᠠᠪᠤᠷᠢᠵᠢᠭᠤᠯᠪᠠ᠃

ᠭᠠᠳᠠᠨ᠎ᠠ ᠡᠮᠨᠡᠭᠦᠯᠬᠦ᠌ ᠠᠮᠤᠷ ᠲᠦᠪᠱᠢᠨ ᠎ᠦ ᠰᠡᠷᠭᠡᠢᠯᠡᠯᠲᠡ ᠎ᠶ᠋ᠢᠨ ᠠᠷᠭ᠎ᠠ ᠬᠡᠮᠵᠢᠶ᠎ᠡ ᠎ᠶ᠋ᠢ ᠴᠢᠩᠭᠠᠳᠭᠠᠵᠤ᠂ ᠡᠮᠨᠡᠭᠦᠯᠬᠦ᠌ ᠶᠠᠪᠤᠴᠠ᠎ᠶ᠋ᠢᠨ ᠬᠠᠤᠯᠢ ᠶᠣᠰᠣᠨ᠎ᠤ᠂ ᠠᠮᠤᠷ ᠲᠦᠪᠱᠢᠨ᠎ᠪᠠᠢᠬᠤ ᠵᠢ ᠪᠠᠲᠤᠯᠠᠪᠠ᠃ ᠬᠠᠤᠯᠢ ᠶᠣᠰᠣᠭᠠᠷ ᠴᠢᠩᠭ᠎ᠠ ᠬᠠᠮᠢᠶᠠᠷᠴᠤ᠌᠂ ᠬᠠᠤᠯᠢ ᠶᠣᠰᠣᠭᠠᠷ ᠠᠷᠭ᠎ᠠ ᠪᠣᠳᠣᠯᠭ᠎ᠠ ᠬᠡᠷᠡᠭ᠌ᠵᠢᠭᠦᠯᠵᠦ᠍᠂ ᠲᠦᠷ ᠬᠣᠷᠢᠭ᠍ᠳᠠᠵᠦ ᠪᠠᠢᠭ᠎ᠠ ᠬᠥᠮᠦᠰ᠎ᠠᠴᠠ ᠭᠠᠳᠠᠨ᠎ᠠ ᠡᠮᠨᠡᠭᠦᠯᠬᠦ᠌ ᠬᠤᠭᠤᠴᠠᠭᠠᠨ᠎ᠳᠠᠬᠢ 《ᠭᠤᠷᠪᠠᠨ ᠡᠷᠬᠡᠪᠰᠢ》 ᠂ 《ᠭᠤᠷᠪᠠᠨ ᠲᠡᠮᠦᠷ ᠮᠡᠲᠦ ᠰᠠᠬᠢᠯᠭ᠎ᠠ ᠪᠠᠲᠤ᠂ 《ᠭᠤᠷᠪᠠ᠎ᠶ᠋ᠢ ᠴᠢᠩᠭ᠎ᠠ ᠴᠠᠭᠠᠵᠠᠯᠠᠬᠤ》 ᠲᠣᠭ᠍ᠲᠠᠭᠠᠯ ᠎ᠢ ᠪᠥᠬᠥ᠌ ᠲᠠᠯ᠎ᠠ᠎ᠪᠠᠷ ᠲᠤᠭᠤᠰᠢᠯᠠᠭᠤᠯᠤᠨ ᠨᠠᠢᠳᠠᠪᠤᠷᠢᠵᠢᠭᠤᠯᠪᠠ᠃ ᠬᠣᠷᠢᠭᠤᠯ᠎ᠠᠴᠠ ᠭᠠᠷᠴᠤ᠌ ᠡᠮᠨᠡᠭᠦᠯᠬᠦ᠌ ᠬᠠᠮᠢᠶᠠᠷᠤᠯᠲᠠ ᠎ᠶ᠋ᠢᠨ ᠡᠯ᠎ᠡ ᠵᠦᠶ᠋ᠯ ᠎ᠦᠨ ᠲᠣᠭ᠍ᠲᠠᠭᠠᠯ ᠎ᠢ ᠨᠠᠷᠢᠯᠢᠬ᠍ᠵᠢᠭᠤᠯᠵᠤ᠂ ᠪᠥᠬᠥ᠌ ᠶᠠᠪᠤᠴᠠ ᠎ᠶ᠋ᠢ ᠠᠮᠤᠷ ᠲᠦᠪᠱᠢᠨ ᠪᠠᠢᠯᠭᠠᠵᠤ ᠂ ᠲᠦᠷ ᠬᠣᠷᠢᠭ᠍ᠳᠠᠵᠦ ᠪᠠᠢᠭ᠎ᠠ ᠬᠥᠮᠦᠰ ᠎ᠦᠨ ᠭᠠᠳᠠᠨ᠎ᠠ ᠭᠠᠷᠴᠤ᠌ ᠡᠮᠨᠡᠭᠦᠯᠬᠦ᠌᠎ᠶ᠋ᠢ ᠪᠠᠲᠤᠯᠠᠬᠤ ᠠᠵᠢᠯ ᠎ᠢ ᠪᠥᠬᠥ᠌ ᠬᠦᠴᠦᠨ᠎ᠢᠶᠡᠷ᠎ᠢᠶᠡᠨ ᠰᠠᠢᠲᠤᠷ ᠬᠢᠵᠦ᠍ ᠂ ᠲᠦᠷ ᠬᠣᠷᠢᠭ᠍ᠳᠠᠵᠦ ᠪᠠᠢᠭ᠎ᠠ ᠬᠥᠮᠦᠰ᠎ᠦᠨ ᠠᠮᠤᠷ ᠲᠦᠪᠱᠢᠨ ᠪᠠ ᠬᠠᠤᠯᠢ ᠬᠡᠷᠡᠭ᠌ᠵᠢᠭᠦᠯᠬᠦ᠌ ᠶᠠᠪᠤᠴᠠ᠎ᠳᠠᠬᠢ ᠵᠢᠷᠤᠮᠵᠢᠬᠰᠠᠨ ᠪᠠᠢᠬᠤ ᠵᠢ ᠦᠨᠡᠨ ᠬᠦ᠌ ᠪᠠᠲᠤᠯᠠᠪᠠ᠃

8 ᠰᠠᠷ᠎ᠠ᠎ᠶ᠋ᠢᠨ ᠡᠬᠢ ᠡᠴᠨ ᠂ ᠲᠦᠷ ᠬᠤᠷᠢᠬᠤ ᠭᠠᠵᠠᠷ᠎ᠨᠢ ᠭᠠᠳᠠᠨ᠎ᠠ ᠡᠮᠨᠡᠭᠦᠯᠬᠦ᠌ 《ᠰᠠᠭᠠᠳ ᠥᠬᠡᠶ ᠵᠠᠮ》 ᠵᠢᠡᠷ ᠳᠡᠮᠵᠢᠨ᠂ ᠤᠷᠢᠳ ᠬᠣᠵᠢᠳ 3 ᠲᠦᠷ ᠬᠣᠷᠢᠬᠳᠠᠵᠤ ᠪᠠᠢᠭ᠎ᠠ ᠬᠦᠮᠦᠨ ᠢ᠋ ᠡᠮᠨᠡᠭᠦᠯᠦᠨ ᠵᠠᠰᠠᠭᠤᠯᠵᠤ ᠂ ᠲᠦᠷ ᠬᠣᠷᠢᠬᠳᠠᠵᠤ ᠪᠠᠢᠭ᠎ᠠ ᠬᠥᠮᠦᠰ ᠎ᠢ ᠴᠠᠭ ᠲᠤᠬᠠᠶ᠎ᠳᠤᠨᠢ ᠡᠮᠨᠡᠨ ᠠᠪᠤᠷᠠᠵᠦ ᠂ ᠲᠦᠷ ᠬᠣᠷᠢᠭ᠍ᠳᠠᠵᠤ ᠪᠠᠢᠭ᠎ᠠ ᠬᠥᠮᠦᠰ ᠵᠢᠴᠢ ᠬᠡᠷ ᠪᠦᠯᠢ᠎ᠶ᠋ᠢᠨ᠎ᠬᠢᠨ ᠎ᠦ ᠰᠠᠢᠨ ᠦᠨᠡᠯᠡᠯᠲᠡ᠎ᠶ᠋ᠢ ᠤᠯᠪᠠ


  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠴᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面