ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠮᠡᠳᠡᠭᠡᠯᠡᠯ

2022-11-14 17:29:08

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

11 ᠰᠠᠷ᠎ᠠ᠎ᠶ᠋ᠢᠨ 13᠎ᠤ ᠡᠳᠦᠷ ᠬᠤᠷᠠᠯᠳᠤᠭᠤᠯᠤᠭ᠍ᠰᠠᠨ ᠬᠥᠬᠡᠬᠣᠲᠠ᠎ᠶ᠋ᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠰᠣᠨᠢᠨ ᠮᠡᠳᠡᠭᠡ ᠨᠡᠢᠲᠡᠯᠡᠬᠦ᠌ ᠬᠤᠷᠠᠯ(73 ᠳ᠋ᠤᠭᠠᠷ ᠲᠠᠯᠠᠪᠠᠶ) ᠳᠡᠭᠡᠷ᠎ᠡ᠂ ᠬᠥᠬᠡᠬᠣᠲᠠ᠎ᠶ᠋ᠢᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ ᠪᠦᠷᠢᠯᠳᠦᠬᠦᠨ ᠡᠸ᠋ ᠶᠦᠩ ᠾᠧᠦ ᠲᠠᠷᠢᠶᠠᠯᠠᠩ ᠎ᠤᠨ ᠪᠦᠳᠦᠬᠡᠭᠳᠡᠬᠦᠨ ᠎ᠤ ᠵᠠᠬ᠎ᠠ ᠳᠡᠯᠭᠡᠭᠦᠷ᠎ᠦᠨ ᠬᠠᠮᠢᠶᠠᠷᠤᠯᠲᠠ᠎ᠶ᠋ᠢᠨ ᠲᠦᠪᠱᠢᠨ᠎ᠢ ᠳᠡᠭᠡᠭ᠌ᠰᠢᠯᠡᠭᠦᠯᠬᠦ᠌᠂ ᠵᠡᠭᠡᠯᠢ ᠳᠠᠭᠠᠤ ᠳᠡᠯᠭᠡᠭᠦᠷ ᠫᠦᠰᠡ᠎ᠶ᠋ᠢᠨ ᠬᠢᠨᠠᠯᠲᠠ ᠬᠠᠮᠢᠶᠠᠷᠤᠯᠲᠠ᠎ᠶ᠋ᠢ ᠰᠠᠢᠲᠤᠷ ᠬᠢᠬᠦ᠌ ᠵᠡᠷᠭᠡ ᠲᠠᠯ᠎ᠠ᠎ᠪᠠᠷ ᠰᠤᠷᠪᠤᠯᠵᠢᠯᠠᠭ᠍ᠴᠢ᠎ᠶ᠋ᠢᠨ ᠠᠰᠠᠭᠤᠯᠲᠠ᠎ᠶ᠋ᠢ ᠬᠠᠷᠢᠭᠤᠯᠪᠠ᠃

ᠦ᠋ ᠶᠦᠩ ᠾᠧᠦ ᠬᠡᠯᠡᠬᠦ᠎ᠳᠡᠭᠡᠨ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠢ ᠱᠢᠯᠢᠳᠡᠭ᠌ᠵᠢᠭᠦᠯᠬᠦ ᠬᠣᠷᠢᠨ ᠵᠤᠷᠪᠤᠰ ᠠᠷᠭ᠎ᠠ ᠬᠡᠮᠵᠢᠶ᠎ᠡ ᠎ᠲᠡᠶ ᠬᠠᠷᠭᠤᠭᠤᠯᠵᠤ᠂ ᠣᠢᠷ᠎ᠠ᠎ᠶ᠋ᠢᠨ ᠬᠤᠭᠤᠴᠠᠭᠠᠨ᠎ᠳᠤ ᠨᠡᠨᠭ ᠣᠯᠠᠨ ᠰᠠᠭᠤᠭᠠᠯᠢ ᠠᠷᠠᠳ᠎ᠤᠨ ᠲᠣᠭᠣᠷᠢᠭ᠎ᠤᠨ ᠪᠢᠲᠡᠭᠦᠮᠵᠢᠯᠡᠯ᠎ᠢ ᠲᠠᠢᠯᠤᠬᠰᠠᠨ ᠵᠢᠡᠷ ᠬᠣᠲᠠ᠎ᠶ᠋ᠢᠨ ᠠᠷᠠᠳ ᠭᠠᠳᠠᠭᠤᠷ ᠭᠠᠷᠴᠦ ᠠᠮᠢᠳᠤᠷᠠᠯ᠎ᠤᠨ ᠴᠢᠬᠤᠯᠠ ᠬᠡᠷᠡᠭ᠌ᠴᠡᠭᠡᠨ᠎ᠦ ᠵᠦᠶ᠋ᠯ ᠵᠢᠡᠨ ᠬᠤᠳᠠᠯᠳᠤᠨ ᠠᠪᠴᠤ ᠪᠤᠢ᠂ ᠬᠥᠬᠡᠬᠣᠲᠠ᠎ᠶ᠋ᠢᠨ᠎ᠬᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠ ᠵᠠᠬ᠎ᠠ ᠳᠡᠯᠭᠡᠭᠦᠷ᠎ᠦᠨ ᠬᠠᠩᠭᠠᠯᠭ᠎ᠠ᠎ᠶ᠋ᠢ ᠪᠠᠲᠤᠯᠠᠬᠤ ᠲᠠᠯ᠎ᠠ᠎ᠪᠠᠷ ᠬᠠᠮᠢᠶ᠎ᠠ ᠪᠥᠬᠥᠶ ᠠᠵᠢᠯ᠎ᠢ ᠥᠷᠨᠢᠭᠦᠯᠪᠡ ᠭᠡᠵᠡᠢ᠃

ᠨᠢᠭᠡ᠎ᠳᠦ ᠬᠠᠩᠭᠠᠯᠭ᠎ᠠ᠎ᠶ᠋ᠢ ᠪᠠᠲᠤᠯᠠᠬᠤ ᠵᠠᠬ᠎ᠠ ᠳᠡᠯᠭᠡᠭᠦᠷ᠎ᠦᠨ ᠡᠬᠢ ᠡᠴᠡ ᠨᠢ ᠴᠢᠩᠭᠠᠷᠠᠭᠤᠯᠤᠨ ᠬᠠᠮᠢᠶᠠᠷᠴᠦ ᠪᠤᠢ᠃19 ᠡᠷᠦᠬᠡ ᠲᠠᠷᠢᠶᠠᠯᠠᠩ᠎ᠤᠨ ᠪᠦᠳᠦᠬᠡᠭᠳᠡᠬᠦᠨ᠎ᠤ ᠵᠠᠬ᠎ᠠ ᠳᠡᠯᠭᠡᠭᠦᠷ᠎ᠦᠨ ᠡᠬᠢ ᠢᠷᠡᠯᠲᠡ ᠵᠢᠨ ᠬᠠᠮᠢᠶᠠᠷᠤᠯᠲᠠ᠎ᠶ᠋ᠢ ᠴᠢᠩᠭᠠᠳᠭᠠᠵᠤ᠂ ᠵᠠᠬ᠎ᠠ ᠳᠡᠯᠭᠡᠭᠦᠷ ᠡᠷᠬᠢᠯᠡᠭ᠌ᠰᠡᠨ ᠲᠠᠯ᠎ᠠ᠎ᠶ᠋ᠢᠨ ᠬᠢᠨ᠎ᠢ ᠱᠠᠯᠠᠪᠳᠠᠭᠤᠯᠤᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠭᠣᠣᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠪᠦᠬᠦ᠌ ᠲᠠᠯ᠎ᠠ ᠎ᠪᠠᠷ ᠨᠠᠢᠳᠠᠪᠤᠷᠢᠵᠢᠭᠤᠯᠵᠤ 《ᠬᠥᠮᠦᠨ᠂ ᠪᠣᠳᠠᠰ᠂ ᠣᠷᠴᠢᠨ ᠲᠣᠭᠣᠷᠢᠨ》 ᠎ᠤ ᠰᠡᠷᠬᠡᠢᠯᠡᠯᠳᠡ ᠵᠢ ᠵᠡᠷᠬᠡᠪᠠᠷ ᠠᠳᠬᠤᠪᠠ᠃ ᠬᠠᠩᠭᠠᠯᠭ᠎ᠠ᠎ᠶ᠋ᠢ ᠪᠠᠲᠤᠯᠠᠬᠤ ᠲᠠᠷᠢᠶᠠᠯᠠᠩ᠎ᠤᠨ ᠪᠦᠳᠦᠬᠡᠭᠳᠡᠬᠦᠨ᠎ᠤ ᠵᠠᠬ᠎ᠠ ᠳᠡᠯᠭᠡᠭᠦᠷ᠎ᠦᠨ 24 ᠴᠠᠭ᠎ᠢᠶᠠᠷ ᠵᠢᠵᠢᠭᠦᠷᠯᠡᠨ ᠰᠠᠬᠢᠵᠤ ᠲᠣᠭᠣᠷᠢᠨ ᠪᠠᠢᠴᠠᠭᠠᠬᠤ ᠲᠦᠷᠢᠮ ᠎ᠢ ᠦᠷᠭᠦᠯᠵᠢᠯᠡᠨ ᠨᠠᠢᠳᠠᠪᠤᠷᠢᠵᠢᠭᠤᠯᠵᠤ᠂ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠠᠵᠢᠯᠲᠠᠨ ᠪᠣᠯᠤᠨ ᠬᠠᠷᠢᠶ᠎ᠠ ᠭᠠᠵᠠᠷ᠎ᠤᠨ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ ᠬᠠᠮᠲᠤ᠎ᠪᠠᠷ ᠭᠤᠤᠯᠳᠠᠯᠭ᠎ᠠ᠎ᠲᠠᠶ ᠬᠦᠷᠢᠶᠡᠨ᠎ᠳᠡᠬᠢ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠨᠠᠢᠳᠠᠪᠤᠷᠢᠵᠢᠭᠤᠯᠤᠭ᠍ᠰᠠᠨ ᠪᠠᠢᠳᠠᠯ᠎ᠳᠤ ᠬᠢᠨᠠᠯᠲᠠ ᠲᠠᠯᠪᠢᠨ ᠪᠠᠢᠴᠠᠭᠠᠵᠦ᠂ ᠵᠠᠬ᠎ᠠ ᠳᠡᠯᠭᠡᠭᠦᠷ᠎ᠦᠨ ᠠᠵᠢᠯᠲᠠᠨ᠂ ᠤᠷᠤᠴᠠ᠂ ᠠᠷᠠᠯᠵᠢᠶᠠᠯᠠᠬᠤ᠂ ᠲᠠᠸᠠᠷ᠎ᠢ ᠲᠤᠱᠢᠶᠠᠬᠤ ᠪᠠ ᠭᠥᠯᠢᠶᠡᠨ ᠠᠪᠬᠤ᠂ ᠠᠷᠢᠭᠤᠳᠭᠠᠬᠤ᠂ ᠣᠷᠴᠢᠨ ᠲᠣᠭᠣᠷᠢᠨ ᠵᠡᠷᠭᠡ ᠲᠠᠯ᠎ᠠ᠎ᠶ᠋ᠢᠨ ᠬᠠᠮᠢᠶᠠᠷᠤᠯᠲᠠ᠎ᠶ᠋ᠢ ᠤᠯᠠᠮ ᠱᠢᠯᠢᠳᠡᠭ᠌ᠵᠢᠭᠦᠯᠵᠦ᠍᠂ ᠬᠢᠵᠢᠭ᠎ᠦᠨ ᠳᠠᠷᠬᠠᠨ ᠳᠡᠯᠭᠡᠷᠡᠬᠦ᠌ ᠳᠠᠯᠳᠠ ᠲᠦᠭ᠌ᠰᠢᠭᠦᠷᠢ᠎ᠶ᠋ᠢ ᠬᠠᠮᠤᠭ᠎ᠤᠨ ᠶᠡᠬᠡ ᠬᠡᠮᠵᠢᠶ᠎ᠡ᠎ᠪᠡᠷ ᠪᠠᠭᠠᠰᠭᠠᠪᠡ᠃ 《ᠨᠢᠭᠡ ᠪᠣᠯᠪᠠᠰᠤᠷᠠᠩᠭᠤᠶ ᠪᠣᠯᠪᠠᠯ ᠨᠢᠭᠡ᠎ᠶ᠋ᠢ ᠴᠢᠯᠥᠭᠡᠲᠡᠶ ᠲᠠᠯᠪᠢᠬᠤ》 ᠵᠠᠷᠴᠢᠮ ᠶᠣᠰᠣᠭᠠᠷ᠂ ᠬᠠᠭᠠᠵᠤ ᠵᠣᠭ᠍ᠰᠣᠭᠠᠭᠰᠠᠨ ᠵᠠᠬ᠎ᠠ ᠳᠡᠯᠭᠡᠭᠦᠷ᠎ᠦᠨ ᠡᠵᠡᠩᠨᠡᠯᠲᠡ ᠵᠢ ᠰᠡᠷᠭᠦᠭᠡᠬᠦ᠌᠎ᠶ᠋ᠢ ᠠᠯᠢ ᠲᠦᠷᠭᠡᠨ᠎ᠢᠶᠡᠷ ᠠᠬᠢᠭᠤᠯᠵᠤ᠂ ᠵᠠᠬ᠎ᠠ ᠳᠡᠯᠭᠡᠭᠦᠷ᠎ᠦᠨ ᠲᠣᠭ᠍ᠲᠠᠭᠤᠨ ᠪᠥᠭᠡᠳ ᠡᠮᠬᠢ ᠵᠢᠷᠤᠮ᠎ᠲᠠᠶ ᠠᠵᠢᠯᠯᠠᠬᠤ᠎ᠶ᠋ᠢ ᠦᠨᠡᠨ ᠬᠦ᠌ ᠪᠠᠲᠤᠯᠠᠪᠠ᠃

ᠬᠣᠶᠠᠷ᠎ᠲᠤ 《ᠲᠠᠯᠪᠢᠬᠤ ᠬᠠᠮᠢᠶᠠᠷᠬᠤ᠎ᠶ᠋ᠢ ᠵᠣᠯᠭᠠᠭᠤᠯᠬᠤ》 ᠦᠶ᠋ᠯᠡᠴᠢᠯᠡᠭᠡᠨ᠎ᠦ ᠬᠠᠮᠢᠶᠠᠷᠤᠯᠲᠠ᠎ᠶ᠋ᠢᠨ ᠠᠷᠭ᠎ᠠ ᠬᠡᠮᠵᠢᠶ᠎ᠡ᠎ᠶ᠋ᠢ ᠤᠯᠠᠮ ᠱᠢᠯᠢᠳᠡᠭ᠌ᠵᠢᠭᠦᠯᠪᠡ᠃ ᠲᠠᠯᠪᠢᠬᠤ ᠭᠣᠭ᠍ᠴᠣᠭ᠎ᠠ᠎ᠳᠤ᠂ ᠬᠡᠷᠡᠭ᠌ᠯᠡᠭᠡᠨ᠎ᠦ ᠦᠵᠦᠭᠦᠷ᠎ᠦᠨ ᠡᠵᠡᠩᠨᠡᠯᠲᠡ᠎ᠶ᠋ᠢᠨ ᠭᠤᠤᠯ ᠴᠣᠭ᠍ᠴᠠ᠎ᠶ᠋ᠢᠨ ᠦᠶ᠋ᠯᠡᠴᠢᠯᠡᠭᠡᠨ᠎ᠦ ᠠᠵᠢᠯ᠎ᠢ ᠴᠢᠩᠭᠠᠳᠭᠠᠵᠤ᠂ 《ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠬᠤᠭᠤᠴᠠᠭᠠᠨ᠎ᠳᠤ ᠬᠤᠳᠠᠯᠳᠤᠭᠠᠨ᠎ᠤ ᠳᠡᠯᠭᠡᠭᠦᠷ ᠬᠡᠷᠬᠢᠨ ᠠᠵᠢᠯᠯᠠᠬᠤ ᠪᠣᠶ》 ᠭᠡᠬᠦ᠌ ᠵᠢᠵᠢᠭ ᠸᠢᠳᠢᠣ᠋ ᠵᠣᠬᠢᠶᠠᠨ ᠤᠬᠠᠭᠤᠯᠵᠦ᠂ 《ᠨᠢᠭᠡ ᠬᠡᠲᠦ ᠲᠡᠯᠭᠡᠭᠦᠷ ᠲᠤᠯᠤᠭᠠᠨ ᠵᠢᠵᠢᠭ ᠳᠡᠯᠭᠡᠭᠦᠷ》 ᠎ᠤᠨ ᠡᠵᠡᠩᠨᠡᠭ᠌ᠴᠢᠳ᠎ᠢ ᠵᠢᠯᠣᠭᠣᠳᠴᠤ᠌ ᠪᠠᠢᠭᠠᠳ ᠬᠠᠩᠭᠠᠯᠭ᠎ᠠ᠎ᠶ᠋ᠢ ᠪᠠᠲᠤᠯᠠᠬᠤ ᠬᠤᠳᠠᠯᠳᠤᠭᠠᠨ᠎ᠤ ᠳᠡᠯᠭᠡᠭᠦᠷ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠶᠠᠪᠤᠴᠠ᠎ᠶ᠋ᠢ ᠴᠢᠩᠭ᠎ᠠ ᠨᠠᠢᠳᠠᠪᠤᠷᠢᠵᠢᠭᠤᠯᠵᠤ᠂ ᠰᠦᠯᠵᠢᠶᠡᠨ ᠳᠡᠭᠡᠷᠡᠬᠢ ᠪᠠ ᠪᠤᠳᠠᠳᠤ ᠴᠤᠭᠴᠠᠳᠤ ᠳᠡᠯᠭᠡᠭᠦᠷ᠎ᠢ ᠨᠢᠭᠡ ᠴᠣᠭ᠍ᠴᠠᠵᠢᠭᠤᠯᠤᠨ ᠬᠠᠮᠢᠶᠠᠷᠬᠤ ᠪᠠ 《ᠥᠯᠥ᠍ ᠬᠦᠷᠦᠯᠴᠡᠬᠦ᠌ ᠬᠡᠯᠪᠡᠷᠢ》 ᠪᠠᠷ ᠲᠠᠸᠠᠷ᠎ᠢ ᠲᠤᠱᠢᠶᠠᠬᠤ ᠪᠠ ᠭᠥᠯᠢᠶᠡᠨ ᠠᠪᠬᠤ᠎ᠶ᠋ᠢ ᠪᠡᠶᠡᠯᠡᠭᠦᠯᠪᠡ᠃ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠨᠥᠬᠥᠴᠡᠯ᠎ᠢ ᠪᠦᠷᠢᠯᠳᠦᠭᠦᠯᠦᠭ᠌ᠰᠡᠨ ᠪᠥᠭᠡᠳ ᠡᠵᠡᠩᠨᠡᠯᠲᠡ᠎ᠶ᠋ᠢᠨ ᠲᠠᠯᠠᠪᠤᠷ ᠭᠠᠵᠠᠷ᠎ᠢ ᠠᠷᠢᠭᠤᠳᠬᠠᠵᠤ᠂ ᠬᠤᠭᠤᠴᠠᠭ᠎ᠠ᠎ᠨᠢ ᠥᠩᠭᠡᠷᠡᠭ᠌ᠰᠡᠨ ᠲᠠᠸᠠᠷ᠎ᠢ ᠲᠠᠯᠪᠢᠭᠤᠷ᠎ᠠᠴᠠ ᠪᠠᠭᠤᠯᠭᠠᠨ ᠱᠢᠶ᠋ᠳᠪᠦᠷᠢᠯᠡᠵᠦ᠂ ᠪᠠᠴᠢᠮ ᠪᠠᠢᠳᠠᠯ᠎ᠢ ᠠᠷᠭᠠᠴᠠᠭᠠᠨ ᠱᠢᠶ᠋ᠳᠪᠦᠷᠢᠯᠡᠬᠦ᠌ ᠪᠡᠯᠡᠳᠭᠡᠯ ᠲᠥᠰᠦᠯ ᠭᠠᠷᠭᠠᠬᠰᠠᠨ ᠵᠡᠷᠭᠡ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠶ᠎ᠡ ᠠᠪᠤᠭ᠍ᠰᠠᠨ ᠵᠡᠭᠡᠯᠢ ᠳᠠᠭᠠᠤ ᠳᠡᠯᠭᠡᠭᠦᠷ ᠫᠦᠰᠡ᠎ᠶ᠋ᠢᠨ ᠡᠵᠡᠩᠨᠡᠯᠲᠡ᠎ᠪᠡᠨ ᠰᠡᠷᠭᠦᠭᠡᠬᠦ᠌᠎ᠶ᠋ᠢ ᠵᠢᠯᠣᠭᠣᠳᠪᠡ᠃ ᠬᠠᠮᠢᠶᠠᠷᠬᠤ ᠭᠣᠭ᠍ᠴᠣᠭᠠᠨ᠎ᠳᠤ᠂ ᠡᠯ᠎ᠡ ᠲᠥᠷᠥᠯ᠎ᠦᠨ ᠵᠠᠬ᠎ᠠ ᠳᠡᠯᠭᠡᠭᠦᠷ᠎ᠦᠨ ᠭᠤᠤᠯ ᠴᠣᠭ᠍ᠴᠠ᠎ᠶ᠋ᠢᠨ ᠡᠵᠡᠩᠨᠡᠯᠲᠡ᠎ᠶ᠋ᠢᠨ ᠠᠵᠢᠯᠯᠠᠭ᠎ᠠ᠎ᠳᠤ ᠬᠢᠨᠠᠯᠲᠠ ᠲᠠᠯᠪᠢᠵᠤ ᠪᠠᠢᠴᠠᠭᠠᠬᠤ ᠪᠠ ᠲᠥᠪᠯᠡᠷᠡᠭᠦᠯᠦᠨ ᠪᠠᠢᠴᠠᠭᠠᠬᠤ᠎ᠶ᠋ᠢ ᠴᠢᠩᠭᠠᠳᠭᠠᠵᠤ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠨᠠᠢᠳᠠᠪᠤᠷᠢᠵᠢᠭᠤᠯᠤᠭ᠍ᠰᠠᠨ ᠥᠬᠡᠶ᠂ ᠬᠥᠮᠦᠨ ᠬᠠᠷ᠎ᠠ ᠬᠤᠷᠠᠨ ᠴᠤᠭ᠍ᠯᠠᠷᠠᠬᠤ ᠵᠡᠷᠭᠡ ᠬᠡᠮ ᠰᠣᠭᠣᠭ ᠢᠯᠡᠷᠡᠭ᠌ᠰᠡᠨ ᠡᠵᠡᠩᠨᠡᠯᠲᠡ᠎ᠶ᠋ᠢᠨ ᠨᠢᠭᠡᠴᠢ᠎ᠶ᠋ᠢ ᠵᠠᠷᠯᠢᠭ᠍ᠳᠠᠵᠤ ᠪᠠᠢᠭᠠᠳ ᠴᠡᠭ᠌ᠴᠡᠯᠡᠨ ᠰᠠᠢᠵᠢᠷᠠᠭᠤᠯᠪᠠ᠃ ᠲᠤᠬᠠᠢ ᠵᠢᠨ ᠡᠳᠦᠷ ᠴᠡᠭ᠌ᠴᠡᠯᠡᠨ ᠰᠠᠢᠵᠢᠷᠠᠭᠤᠯᠬᠤ᠎ᠶ᠋ᠢ ᠪᠡᠶᠡᠯᠡᠭᠦᠯᠦᠭ᠌ᠰᠡᠨ ᠦᠭᠡᠶ᠎ᠶ᠋ᠢ ᠨᠢ ᠬᠠᠭᠠᠵᠤ ᠵᠣᠭ᠍ᠰᠣᠭᠠᠪᠠ᠃

ᠭᠤᠷᠪᠠ᠎ᠳᠤ 《ᠪᠠᠷᠠᠭᠠᠨ᠎ᠤ ᠦᠨ᠎ᠡ᠎ᠶ᠋ᠢ ᠲᠣᠭ᠍ᠲᠠᠪᠤᠷᠢᠵᠢᠭᠤᠯᠬᠤ᠂ ᠠᠮᠤᠷ ᠲᠦᠪᠱᠢᠨ᠎ᠢ ᠪᠠᠲᠤᠯᠠᠬᠤ》 ᠬᠠᠮᠢᠶᠠᠷᠤᠯᠲᠠ᠎ᠶ᠋ᠢ ᠰᠢᠯᠢᠳᠡᠭᠵᠢᠬᠦᠯᠪᠡ᠃ ᠦᠨ᠎ᠡ ᠬᠠᠩᠰᠢ᠎ᠶ᠋ᠢᠨ ᠲᠠᠯ᠎ᠠ᠎ᠪᠠᠷ ᠬᠢ ᠣᠯᠠᠨ ᠲᠦᠮᠡᠨ᠎ᠦ ᠲᠤᠰᠭᠠᠭ᠍ᠰᠠᠨ ᠬᠦᠰᠡᠯ ᠱᠠᠭᠠᠷᠳᠠᠯᠭ᠎ᠠ᠎ᠳᠤ ᠱᠢᠰᠲ᠋ᠧᠮ᠎ᠲᠡᠶ ᠵᠠᠳᠠᠯᠤᠯᠲᠠ ᠬᠢᠵᠦ᠍᠂ ᠭᠤᠤᠯᠳᠠᠯᠭ᠎ᠠ᠎ᠲᠠᠶ ᠬᠠᠷᠭᠤᠭᠤᠯᠤᠨ ᠪᠠᠢᠴᠠᠭᠠᠬᠤ ᠨᠢᠭᠡᠴᠢ᠎ᠶ᠋ᠢᠨ ᠨᠠᠷᠢᠨ ᠳᠡᠮᠳᠡᠭᠯᠡᠯ ᠭᠠᠷᠭᠠᠵᠦ᠂ ᠪᠦᠬᠦᠨ᠎ᠢ ᠬᠠᠮᠤᠷᠤᠭ᠍ᠰᠠᠨ ᠮᠥᠷᠳᠡᠨ ᠪᠠᠢᠴᠠᠭᠠᠯᠲᠠ ᠬᠢᠪᠡ᠃ ᠲᠤᠭᠤᠷᠢᠭ ᠠᠯᠤᠰᠯᠠᠭ᠍ᠰᠠᠨ ᠬᠡᠷᠡᠭ᠌ᠯᠡᠭ᠌ᠴᠢᠳ᠎ᠦᠨ ᠵᠠᠭᠠᠯᠳᠤᠵᠤ ᠢᠯᠡᠴᠢᠯᠡᠨ ᠮᠡᠳᠡᠭᠦᠯᠦᠭ᠌ᠰᠡᠨ ᠰᠦᠪᠡᠭ᠌ᠴᠢ᠎ᠳᠦ ᠲᠤᠰᠭᠠᠶ ᠳᠤᠭᠤᠢᠯᠠᠩ᠎ᠢᠶᠠᠷ ᠬᠠᠷᠭᠤᠭᠤᠯᠤᠨ ᠪᠠᠢᠴᠠᠭᠠᠬᠤ ᠳᠦᠷᠢᠮ᠎ᠢ ᠬᠡᠷᠡᠭ᠌ᠵᠢᠭᠦᠯᠵᠦ᠍᠂ ᠬᠡᠷᠡᠭ᠌ᠯᠡᠭᠡ᠎ᠶ᠋ᠢᠨ ᠵᠠᠭᠠᠯᠳᠤᠯᠭ᠎ᠠ᠎ᠶ᠋ᠢ ᠱᠢᠶ᠋ᠳᠪᠦᠷᠢᠯᠡᠬᠦ᠌ ᠠᠵᠢᠯ᠎ᠢ ᠪᠡᠶᠡᠯᠡᠭᠦᠯᠬᠦ᠌᠎ᠶ᠋ᠢᠨ ᠬᠠᠮᠲᠤ᠂ ᠣᠯᠵᠤ ᠮᠡᠳᠡᠭ᠌ᠰᠡᠨ ᠢᠳᠡᠭᠡᠨ᠎ᠦ ᠠᠮᠤᠷ ᠲᠦᠪᠱᠢᠨ᠂ ᠶᠠᠰᠤ ᠴᠢᠨᠠᠷ᠎ᠤᠨ ᠠᠮᠤᠷ ᠲᠦᠪᠱᠢᠨ᠂ ᠵᠢᠩ ᠬᠡᠮᠵᠢᠶ᠎ᠡ ᠳᠤᠲᠠᠭᠤ᠂ ᠦᠨ᠎ᠡ ᠬᠠᠩᠰᠢ᠎ᠶ᠋ᠢᠨ ᠮᠡᠬᠡᠯᠡᠯ ᠵᠡᠷᠭᠡ ᠬᠠᠤᠯᠢ᠎ᠠᠴᠠ ᠵᠥᠷᠢᠴᠡᠭ᠌ᠰᠡᠨ ᠦᠢᠯᠡ ᠠᠵᠢᠯᠯᠠᠭ᠎ᠠ᠎ᠶ᠋ᠢ ᠬᠡᠷᠡᠭ ᠪᠣᠯᠭᠠᠨ ᠳᠠᠩᠰᠠᠯᠠᠵᠤ ᠪᠠᠢᠴᠠᠭᠠᠪᠠ᠃ ᠬᠠᠤᠯᠢ᠎ᠠᠴᠠ ᠵᠥᠷᠢᠴᠡᠭ᠌ᠰᠡᠨ ᠡᠯ᠎ᠡ ᠲᠥᠷᠥᠯ᠎ᠦᠨ ᠦᠢᠯᠡ ᠠᠵᠢᠯᠯᠠᠭ᠎ᠠ᠎ᠳᠤ 《ᠴᠤᠬᠤᠢᠮᠠᠭ᠍ᠴᠠ ᠴᠣᠬᠢᠯᠲᠠ ᠥᠭ᠌ᠬᠦ》 ᠵᠠᠷᠴᠢᠮ᠎ᠢ ᠪᠠᠷᠢᠮᠲᠠᠯᠠᠨ᠂ ᠪᠠᠷᠠᠭ᠎ᠠ᠎ᠶ᠋ᠢᠨ ᠦᠨ᠎ᠡ᠎ᠶ᠋ᠢ ᠰᠠᠨᠠᠭᠠᠨ ᠲᠤᠷ᠎ᠠ ᠪᠡᠷ᠎ᠢᠶᠡᠨ ᠲᠦᠷᠬᠢᠭᠦᠯᠦᠨ ᠥᠰᠭᠡᠭ᠌ᠰᠡᠨ᠂ ᠶᠠᠰᠤ ᠴᠢᠨᠠᠷ ᠨᠢ ᠬᠢᠷᠢ ᠲᠡᠩᠴᠡᠬᠦ᠌ ᠦᠭᠡᠶ ᠲᠠᠸᠠᠷ ᠪᠠ ᠬᠤᠭᠤᠴᠠᠭ᠎ᠠ ᠨᠢ ᠬᠡᠲᠦᠷᠡᠭ᠌ᠰᠡᠨ ᠢᠳᠡᠭᠡᠨ ᠪᠣᠷᠣᠯᠠᠭᠤᠯᠤᠭ᠍ᠰᠠᠨ ᠵᠡᠷᠭᠡ ᠬᠠᠤᠯᠢ᠎ᠠᠴᠠ ᠵᠥᠷᠢᠴᠡᠭ᠌ᠰᠡᠨ ᠦᠢᠯᠡ ᠠᠵᠢᠯᠯᠠᠭ᠎ᠠ᠎ᠶ᠋ᠢ ᠴᠢᠩᠭ᠎ᠠ ᠪᠥᠭᠡᠳ ᠲᠦᠷᠭᠡᠨ ᠪᠠᠢᠴᠠᠭᠠᠨ ᠱᠢᠶ᠋ᠳᠪᠦᠷᠢᠯᠡᠪᠡ᠃ ᠡᠯ᠎ᠡ ᠲᠥᠷᠥᠯ᠎ᠦᠨ ᠱᠢᠨ᠎ᠡ ᠵᠠᠭᠤᠴᠢᠯᠠᠭᠤᠷ᠎ᠢᠶᠠᠷ ᠳᠠᠮᠵᠢᠭᠤᠯᠤᠨ ᠬᠠᠤᠯᠢ ᠬᠡᠷᠡᠭ᠌ᠵᠢᠭᠦᠯᠦᠭ᠌ᠰᠡᠨ ᠮᠡᠳᠡᠭᠡ ᠵᠠᠩᠭᠢ᠎ᠶ᠋ᠢ ᠴᠠᠭ ᠲᠤᠬᠠᠶ᠎ᠳᠤᠨᠢ ᠨᠡᠢᠲᠡᠯᠡᠵᠦ᠍᠂ ᠨᠡᠢᠲᠡᠯᠢᠭ ᠬᠡᠷᠡᠭ᠎ᠦᠨ ᠵᠢᠱ᠌ᠢᠶ᠎ᠡ᠎ᠶ᠋ᠢ ᠢᠯᠡᠴᠢᠯᠡᠨ᠂ ᠬᠠᠤᠯᠢ ᠬᠡᠷᠡᠭ᠌ᠵᠢᠭᠦᠯᠬᠦ ᠪᠠ ᠬᠠᠤᠯᠢ᠎ᠠᠴᠠ ᠵᠥᠷᠢᠴᠡᠭ᠌ᠰᠡᠨ ᠮᠡᠳᠡᠭᠡ ᠵᠠᠩᠭᠢ᠎ᠶ᠋ᠢ ᠨᠡᠢᠲᠡᠯᠡᠬᠦ᠌ ᠬᠤᠤᠰ ᠵᠠᠯᠬᠠᠭᠠᠨ ᠴᠡᠭᠡᠷᠯᠡᠭᠦᠯᠬᠦ᠌ ᠦᠶ᠋ᠯᠡᠳᠦᠯ᠎ᠢ ᠭᠦᠶ᠋ᠴᠡᠳ ᠪᠠᠳᠠᠷᠠᠭᠤᠯᠪᠠ᠃

ᠢᠷᠡᠯᠳᠡ᠄ ᠳᠠᠯ᠎ᠠ ᠨᠤᠳᠤᠭ ᠪᠦᠷᠢᠨ ᠵᠠᠭᠤᠴᠢᠯᠠᠭᠤᠷ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠴᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面