ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠮᠡᠳᠡᠭᠡᠯᠡᠯ

2022-11-13 15:16:47

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

《ᠠᠵᠢᠯᠴᠢᠳ ᠨᠢᠭᠡᠨᠲᠡ ᠠᠮᠤᠷ ᠲᠦᠪᠱᠢᠨ᠎ᠢᠶᠡᠷ ᠬᠡᠷ᠎ᠲᠡᠬᠡᠨ ᠬᠦᠷᠴᠠᠢ᠂ ᠲᠡᠳᠡ ᠴᠥᠮ ᠡᠨᠡ ᠤᠳᠠᠭ᠎ᠠ᠎ᠶ᠋ᠢᠨ ᠲᠤᠳᠤᠨᠤᠰᠤᠭ ᠦᠢᠯᠡᠴᠢᠯᠡᠬᠡ ᠎ᠳᠦ ᠲᠠᠯᠠᠷᠬᠠᠵᠤ ᠪᠠᠢᠬᠤ᠎ᠪᠠᠨ ᠢᠯᠡᠳᠭᠡᠵᠦ᠍ ᠪᠠᠢᠨ᠎ᠠ》᠃ 11 ᠰᠠᠷ᠎ᠠ᠎ᠶ᠋ᠢᠨ 10 ᠎ᠤ ᠡᠳᠦᠷ᠂ ᠬᠥᠬᠡᠬᠣᠲᠠ᠎ᠶ᠋ᠢᠨ ᠨᠢᠭᠡᠨ ᠪᠥᠲᠥᠭᠡᠨ ᠪᠠᠢᠭᠤᠯᠵᠤ ᠪᠠᠢᠭ᠎ᠠ ᠪᠠᠷᠢᠯᠭ᠎ᠠ᠎ᠶ᠋ᠢᠨ ᠲᠥᠷᠥᠯ ᠵᠦᠶ᠋ᠯ᠎ᠦᠨ ᠪᠠᠷᠢᠯᠭ᠎ᠠ᠎ᠶ᠋ᠢᠨ ᠠᠩᠭᠢ᠎ᠶ᠋ᠢᠨ ᠳᠠᠭᠠᠭᠤᠯᠤᠭ᠍ᠴᠢ᠂ ᠬᠥᠬᠡᠬᠣᠲᠠ᠎ᠶ᠋ᠢᠨ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠲᠣᠪᠴᠢᠶ᠎ᠠ᠎ᠶ᠋ᠢᠨ ᠠᠵᠢᠯᠲᠠᠨ ᠎ᠳᠤ ᠡᠢᠨ ᠬᠦ᠌ ᠴᠠᠬᠢᠮ ᠮᠡᠳᠡᠭᠡ ᠢᠷᠡᠭᠦᠯᠪᠡ᠃

ᠲᠣᠰ ᠡᠭᠡᠯᠵᠢ ᠎ᠶ᠋ᠢᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ ᠭᠠᠷᠤᠭ᠍ᠰᠠᠨ ᠎ᠤ ᠳᠠᠷᠠᠭ᠎ᠠ᠂ 11 ᠰᠠᠷ᠎ᠠ᠎ᠶ᠋ᠢᠨ 10 ᠎ᠤ ᠡᠳᠦᠷ ᠪᠣᠯᠲᠠᠯ᠎ᠠ᠂ ᠬᠥᠬᠡᠬᠣᠲᠠ᠎ᠶ᠋ᠢᠨ ᠪᠠᠢᠭᠤᠯᠵᠤ ᠪᠠᠢᠭ᠎ᠠ ᠡᠯ᠎ᠡ ᠪᠠᠷᠢᠯᠭ᠎ᠠ᠎ᠶ᠋ᠢᠨ ᠲᠥᠷᠥᠯ ᠵᠦᠶ᠋ᠯ ᠡᠴᠡ ᠪᠤᠯᠵᠤ ᠰᠠᠭᠠᠲᠠᠵᠤ ᠦᠯᠡᠳᠡᠭᠰᠡᠨ 9700 ᠭᠠᠷᠤᠶ ᠬᠥᠯᠥᠰᠥᠨ ᠲᠠᠷᠢᠶᠠᠴᠢᠨ ᠥᠪᠡᠷ᠎ᠢᠶᠡᠨ ᠲᠡᠷᠭᠡ ᠵᠢᠯᠣᠭᠣᠳᠭᠤ᠂ ᠨᠡᠢᠲᠡ᠎ᠶ᠋ᠢᠨ ᠮᠠᠱᠢᠨ ᠲᠡᠷᠭᠡᠨ᠎ᠳᠦ ᠰᠠᠭᠤᠬᠤ ᠵᠢᠴᠢ ᠨᠢᠰᠭᠡᠯ ᠳᠠᠭᠠᠭᠠᠴᠢᠯᠠᠬᠤ ᠵᠡᠷᠭᠡ ᠠᠷᠭ᠎ᠠ ᠬᠡᠯᠪᠡᠷᠢ ᠎ᠪᠡᠷ ᠡᠮᠬᠢ ᠵᠢᠷᠤᠮ᠎ᠲᠠᠶ᠎ᠪᠠᠷ ᠨᠤᠲᠤᠭ ᠎ᠲᠠᠭᠠᠨ ᠪᠤᠴᠠᠪᠠ᠃ ᠣᠳᠣᠬᠠᠨ᠎ᠳᠤ 5000 ᠭᠠᠷᠤᠢ ᠲᠦᠮᠡᠨ ᠲᠥᠭᠥᠷᠢᠭ᠎ᠦᠨ ᠠᠵᠢᠯ ᠬᠢᠭᠰᠡᠨ ᠴᠠᠯᠢᠩ᠎ᠢ ᠨᠢ ᠴᠦᠮ ᠥᠭ᠌ᠴᠦ᠂ ᠬᠥᠯᠥᠰᠥᠨ ᠲᠠᠷᠢᠶᠠᠴᠢᠨ᠎ᠤ ᠰᠡᠳᠭᠢᠯ ᠠᠮᠤᠷ ᠨᠤᠲᠤᠭ᠎ᠲᠠᠭᠠᠨ ᠪᠤᠴᠠᠬᠤ᠎ᠶ᠋ᠢ ᠪᠠᠳᠤᠯᠠᠵᠠᠢ᠃

ᠣᠢᠯᠠᠭᠠᠭ᠍ᠰᠠᠨ᠎ᠢᠶᠠᠷ᠂ ᠲᠣᠰ ᠡᠭᠡᠯᠵᠢ᠎ᠶ᠋ᠢᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ ᠭᠠᠷᠤᠭ᠍ᠰᠠᠨ᠎ᠤ ᠳᠠᠷᠠᠭ᠎ᠠ᠂ ᠬᠥᠬᠡᠬᠣᠲᠠ᠎ᠶ᠋ᠢᠨ ᠪᠠᠢᠭᠤᠯᠵᠤ ᠪᠠᠢᠭ᠎ᠠ 260 ᠭᠠᠷᠤᠶ ᠪᠠᠷᠢᠯᠭ᠎ᠠ ᠵᠢᠨ ᠲᠥᠷᠥᠯ ᠵᠦᠶ᠋ᠯ᠎ᠤᠨ ᠠᠵᠢᠯ ᠰᠠᠭᠠᠳᠠᠵᠦ᠍᠂ ᠬᠥᠯᠥᠰᠥᠨ ᠲᠠᠷᠢᠶᠠᠴᠢᠨ᠎ᠢ ᠦᠯᠡᠳᠡᠭᠡᠵᠦ᠍ ᠠᠪᠤᠬ᠍ᠰᠠᠨ ᠠᠰᠠᠭᠤᠳᠠᠯ ᠭᠠᠷᠴᠠᠢ᠃ ᠬᠥᠬᠡᠬᠣᠲᠠ ᠵᠢᠨ ᠬᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠬᠤᠭᠤᠴᠠᠭᠠᠨ᠎ᠳᠤ ᠦᠯᠡᠳᠡᠭᠡᠵᠦ᠍ ᠠᠪᠤᠬ᠍ᠰᠠᠨ ᠬᠥᠮᠦᠰ᠎ᠦᠨ ᠪᠤᠴᠠᠬᠤ᠂ ᠭᠠᠳᠠᠭ᠍ᠰᠢ ᠭᠠᠷᠴᠤ᠌ ᠰᠤᠷᠤᠯᠴᠠᠬᠤ᠂ ᠭᠠᠳᠠᠭ᠍ᠰᠢ ᠭᠠᠷᠴᠤ᠌ ᠱᠢᠯᠭᠠᠭᠤᠯᠬᠤ ᠬᠥᠮᠦᠰ᠎ᠦᠨ ᠬᠥᠬᠡᠬᠣᠲᠠ᠎ᠠᠴᠠ ᠭᠠᠷᠬᠤ ᠰᠠᠭᠠᠳ ᠦᠭᠡᠢ ᠨᠡᠪᠲᠡᠷᠡᠬᠦ᠌ ᠵᠠᠮ᠎ᠢ ᠨᠡᠪᠲᠡᠷᠡᠭᠦᠯᠵᠦ᠍᠂ ᠦᠯᠡᠳᠡᠭᠡᠵᠦ᠍ ᠠᠪᠤᠬ᠍ᠰᠠᠨ ᠬᠥᠮᠦᠰ᠎ᠦᠨ ᠠᠮᠤᠷ ᠲᠦᠪᠱᠢᠨ᠎ᠢᠶᠡᠷ ᠨᠤᠲᠤᠭ᠎ᠲᠠᠭᠠᠨ ᠪᠤᠴᠠᠬᠤ᠎ᠳᠤ ᠪᠠᠲᠤᠯᠠᠭ᠎ᠠ ᠬᠠᠩᠭᠠᠪᠠ᠃ ᠡᠭᠦᠨ᠎ᠦ ᠬᠠᠮᠲᠤ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠬᠤᠭᠤᠴᠠᠭᠠᠨ᠎ᠳᠤ ᠬᠥᠯᠥᠰᠥᠨ ᠠᠵᠢᠯ ᠬᠢᠵᠦ᠍ ᠪᠠᠢᠭ᠎ᠠ ᠬᠥᠮᠦᠰ᠎ᠦᠨ ᠪᠤᠴᠠᠬᠤ ᠡᠴᠠ ᠡᠮᠦᠨ᠎ᠡ ᠴᠠᠯᠢᠩ ᠵᠢᠠᠨ ᠤᠯᠬᠤ᠎ᠶ᠋ᠢ ᠪᠠᠲᠤᠯᠠᠬᠤ᠎ᠶ᠋ᠢᠨ ᠲᠥᠯᠥᠭᠡ᠂ ᠬᠥᠬᠡᠬᠣᠲᠠ᠎ᠶ᠋ᠢᠨ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠬᠦᠴᠦᠲᠡᠶ ᠠᠷᠭ᠎ᠠ ᠬᠡᠮᠵᠢᠶ᠎ᠡ ᠠᠪᠴᠤ᠌᠂ ᠪᠠᠢᠭᠤᠯᠵᠤ ᠪᠠᠢᠭ᠎ᠠ ᠪᠠᠷᠢᠯᠭ᠎ᠠ᠎ᠶ᠋ᠢᠨ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ᠎ᠶ᠋ᠢᠨ ᠨᠢᠭᠡᠴᠢ ᠪᠣᠯᠤᠨ ᠶᠡᠷᠦᠩᠬᠡᠶ ᠳᠠᠭᠠᠭᠠᠴᠢᠯᠠᠭ᠍ᠰᠠᠨ ᠨᠢᠭᠡᠴᠢ᠎ᠶ᠋ᠢ ᠱᠠᠯᠠᠪᠳᠠᠭᠤᠯᠤᠨ ᠱᠠᠭᠠᠷᠳᠠᠵᠤ ᠴᠠᠯᠢᠩ ᠥᠭ᠌ᠬᠦ ᠬᠠᠷᠢᠭᠤᠴᠠᠯᠭ᠎ᠠ ᠎ᠶ᠋ᠢ ᠦᠨᠡᠨ ᠬᠦ᠌ ᠭᠦᠶ᠋ᠴᠡᠳᠭᠡᠭᠦᠯᠵᠦ᠍᠂ ᠬᠢᠵᠢᠭ᠎ᠦᠨ ᠪᠠᠢᠳᠠᠯ ᠪᠤᠶᠤ ᠪᠤᠰᠤᠳ ᠱᠢᠯᠲᠠᠭᠠᠨ᠎ᠢᠶᠠᠷ ᠬᠥᠯᠥᠰᠥᠨ ᠲᠠᠷᠢᠶᠠᠴᠢᠨ ᠎ᠤ ᠴᠠᠯᠢᠩ ᠎ᠢ ᠥᠷᠢᠲᠦᠬᠦ᠌᠂ ᠥᠭ᠌ᠬᠦ ᠎ᠶ᠋ᠢ ᠲᠡᠪᠴᠢᠬᠦ᠌ ᠎ᠶ᠋ᠢ ᠡᠷᠡᠰ ᠬᠣᠷᠢᠭ᠍ᠯᠠᠪᠠ᠃

ᠡᠨᠡ ᠵᠢᠯ᠎ᠡᠴᠡ ᠨᠠᠭᠠᠰᠢ᠂ ᠬᠥᠬᠡᠬᠣᠲᠠ᠎ᠳᠤ ᠢᠷᠡᠵᠦ᠍ ᠠᠵᠢᠯ ᠬᠥᠳᠡᠯᠮᠦᠷᠢ ᠬᠢᠵᠦ᠍ ᠪᠠᠢᠭ᠎ᠠ ᠬᠥᠮᠦᠰ᠎ᠦᠨ ᠴᠠᠯᠢᠩ ᠬᠥᠯᠥᠰᠥ᠍ ᠵᠡᠷᠭᠡ᠎ᠶ᠋ᠢ ᠪᠥᠬᠥ᠌ ᠬᠦᠴᠦᠨ᠎ᠢᠶᠡᠷ᠎ᠢᠶᠡᠨ ᠪᠠᠲᠤᠯᠠᠬᠤ᠎ᠶ᠋ᠢᠨ ᠲᠥᠯᠥᠭᠡ᠂ ᠬᠥᠬᠡᠬᠣᠲᠠ᠎ᠶ᠋ᠢᠨ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠶᠡᠷᠦᠩᠬᠡᠢᠯᠡᠭ᠌ᠰᠡᠨ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠬᠦ᠌ ᠰᠠᠯᠠᠭ᠎ᠠ ᠮᠥᠴᠢᠷ ᠬᠥᠯᠥᠰᠥᠨ ᠲᠠᠷᠢᠶᠠᠴᠢᠨ᠎ᠤ ᠴᠠᠯᠢᠩ᠎ᠢ ᠥᠭ᠌ᠬᠦ᠎ᠶ᠋ᠢ ᠪᠠᠲᠤᠯᠠᠬᠤ ᠲᠤᠰᠭᠠᠶ ᠲᠦᠷᠦᠯ᠎ᠦᠨ ᠬᠠᠤᠯᠢ ᠬᠡᠷᠡᠭ᠌ᠵᠢᠭᠦᠯᠦᠯᠲᠡ᠎ᠶ᠋ᠢᠨ ᠪᠠᠢᠴᠠᠭᠠᠯᠲᠠ᠎ᠶ᠋ᠢ 3 ᠤᠳᠠᠭ᠎ᠠ ᠵᠣᠬᠢᠶᠠᠨ ᠪᠠᠢᠭᠤᠯᠤᠨ ᠥᠷᠨᠢᠭᠦᠯᠵᠦ᠍᠂ ᠪᠠᠢᠴᠠᠭᠠᠬᠤ ᠶᠠᠪᠤᠴᠠ᠎ᠳᠤ ᠣᠯᠵᠤ ᠮᠡᠳᠡᠭ᠌ᠰᠡᠨ ᠴᠠᠯᠢᠩ ᠥᠷᠢᠲᠦᠬᠦ᠌ ᠠᠰᠠᠭᠤᠳᠠᠯ᠎ᠢ ᠲᠤᠬᠠᠶ᠎ᠶ᠋ᠢᠨ ᠲᠠᠯᠠᠪᠤᠷ᠎ᠲᠤ ᠬᠡᠷᠡᠭ ᠪᠣᠯᠭᠠᠨ ᠳᠡᠩᠰᠡᠯᠡᠵᠦ᠍᠂ ᠲᠤᠬᠠᠶ᠎ᠶ᠋ᠢᠨ ᠲᠠᠯᠠᠪᠤᠷ᠎ᠲᠤ ᠪᠠᠢᠴᠠᠭᠠᠵᠤ᠂ ᠲᠤᠬᠠᠶ᠎ᠶ᠋ᠢᠨ ᠲᠠᠯᠠᠪᠤᠷ᠎ᠲᠤ ᠬᠠᠤᠯᠢ ᠴᠠᠭᠠᠵᠠ᠎ᠶ᠋ᠢᠨ ᠪᠢᠴᠢᠭ ᠪᠠᠭᠤᠯᠭᠠᠵᠤ ᠲᠦᠷᠭᠡᠨ ᠱᠢᠶ᠋ᠳᠪᠦᠷᠢᠯᠡᠪᠡ᠃ ᠢᠯᠠᠩᠭᠤᠶ᠎ᠠ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠬᠤᠭᠤᠴᠠᠭᠠᠨ᠎ᠳᠤ ᠰᠦᠯᠵᠢᠶᠡᠨ ᠳᠡᠭᠡᠷ᠎ᠡ ᠴᠠᠯᠢᠩ ᠥᠷᠢᠲᠦᠬᠦ᠌ ᠠᠰᠠᠭᠤᠳᠠᠯ᠎ᠢ ᠪᠠᠢᠴᠠᠭᠠᠨ ᠱᠢᠶ᠋ᠳᠪᠦᠷᠢᠯᠡᠬᠦ᠌ ᠲᠤᠰᠭᠠᠶ ᠠᠩᠭᠢ ᠪᠠᠢᠭᠤᠯᠵᠤ᠂ 《ᠨᠢᠭᠡ ᠲᠠᠯ᠎ᠠ᠎ᠪᠠᠷ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌᠎ᠶ᠋ᠢ ᠠᠳᠭᠤᠵᠤ᠂ ᠨᠥᠭᠥᠭᠡ ᠲᠠᠯ᠎ᠠ᠎ᠪᠠᠷ ᠴᠠᠯᠢᠩ ᠥᠷᠢᠲᠦᠬᠦ᠌ ᠠᠰᠠᠭᠤᠳᠠᠯ᠎ᠢ ᠪᠠᠢᠴᠠᠭᠠᠨ ᠱᠢᠶ᠋ᠳᠪᠦᠷᠢᠯᠡᠬᠦ᠌᠎ᠶ᠋ᠢ ᠠᠳᠭᠤᠬᠤ》 ᠶ᠋ᠢ ᠪᠠᠷᠢᠮᠲᠠᠯᠠᠵᠤ᠂ ᠬᠥᠳᠡᠯᠮᠦᠷᠢᠴᠢᠳ᠎ᠦᠨ ᠪᠠᠴᠢᠮ ᠶᠠᠪᠤᠳᠠᠯ᠂ ᠬᠦᠴᠢᠷ ᠶᠠᠪᠤᠳᠠᠯ᠂ ᠰᠠᠨᠠᠭᠠᠱᠢᠷᠠᠯ ᠵᠣᠪᠠᠨᠢᠯ᠎ᠢ ᠴᠢᠷᠮᠠᠢᠨ ᠰᠠᠢᠲᠤᠷ ᠱᠢᠶ᠋ᠳᠪᠦᠷᠢᠯᠡᠪᠡ᠃ ᠣᠳᠣᠬᠠᠨ ᠪᠣᠯᠲᠠᠯ᠎ᠠ᠂ ᠬᠥᠬᠡᠬᠣᠲᠠ᠎ᠶ᠋ᠢᠨ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠰᠠᠯᠠᠭ᠎ᠠ ᠮᠥᠴᠢᠷ ᠬᠥᠳᠡᠯᠮᠦᠷᠢᠴᠢᠳ᠎ᠲᠦ ᠨᠡᠢᠲᠡ 8900 ᠭᠠᠷᠤᠶ ᠲᠦᠮᠡᠨ ᠲᠥᠭᠥᠷᠢᠭ᠎ᠦᠨ ᠴᠠᠯᠢᠩ᠎ᠢ ᠨᠢ ᠠᠪᠴᠤ᠌ ᠥᠭ᠌ᠴᠡᠶ᠃

( ᠢᠷᠡᠯᠳᠡ᠄ ᠲᠠᠯ᠎ᠠ ᠨᠣᠳᠣᠭ ᠪᠦᠷᠢᠨ ᠵᠠᠭᠤᠴᠢᠯᠠᠭᠤᠷ )

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠠᠨᠠᠷ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面