2022-11-14 19:41:56
ᠬᠥᠬᠡᠬᠣᠲᠠ᠎ᠶ᠋ᠢᠨ ᠬᠢᠵᠢᠭ᠎ᠦ᠋ᠨ ᠪᠠᠢᠳᠠᠯ᠎ᠢ᠋ ᠰᠡᠷᠭᠡᠢᠯᠡᠨ ᠡᠵᠡᠮᠳᠡᠬᠦ ᠠᠵᠢᠯ᠎ᠤ᠋ᠨ ᠰᠣᠨᠢᠨ ᠮᠡᠳᠡᠭᠡ ᠨᠡᠢᠲᠡᠯᠡᠬᠦ ᠬᠤᠷᠠᠯ ( 74 ᠳ᠋ᠦ᠍ᠭᠡᠷ ᠲᠠᠯᠠᠪᠠᠢ ) ᠳᠡᠭᠡᠷ᠎ᠡ᠂ ᠬᠥᠬᠡᠬᠣᠲᠠ᠎ᠶ᠋ᠢᠨ ᠡᠷᠡᠭᠦᠯ ᠮᠡᠨᠳᠦ ᠡᠷᠡᠭᠦᠯ ᠬᠠᠮᠠᠭᠠᠯᠠᠯ᠎ᠤ᠋ᠨ ᠵᠥᠪᠯᠡᠯ᠎ᠦ᠋ᠨ ᠬᠣᠶᠠᠳᠤᠭᠠᠷ ᠳᠡᠰ᠎ᠦ᠋ᠨ ᠪᠠᠢᠴᠠᠭᠠᠨ ᠰᠤᠳᠤᠯᠤᠭᠴᠢ ᠯᠢᠦ ᠶᠤᠸᠠᠨ ᠵᠢᠶᠦ᠋ᠨ ᠵᠠᠷᠯᠠᠨ ᠮᠡᠳᠡᠭᠳᠡᠬᠦ ᠳ᠋ᠡᠭᠡᠨ᠂ 11 ᠰᠠᠷ᠎ᠠ᠎ᠶ᠋ᠢᠨ 13 ᠤ᠋ ᠦᠳᠡ᠎ᠶ᠋ᠢᠨ ᠡᠮᠦᠨ᠎ᠡ᠂ ᠣᠯᠠᠨ ᠲᠦᠮᠡᠨ᠎ᠦ᠌ ᠢᠯᠡᠴᠢᠯᠡᠨ ᠮᠡᠳᠡᠭᠦᠯᠦᠯᠲᠡ᠎ᠶ᠋ᠢ ᠣᠯᠤᠭᠰᠠᠨᠤ᠋ ᠳᠠᠷᠠᠭ᠎ᠠ ᠬᠥᠬᠡᠬᠣᠲᠠ ᠬᠣᠯᠪᠣᠭᠳᠠᠯ ᠪᠦᠬᠦᠢ ᠰᠠᠯᠠᠭ᠎ᠠ ᠮᠥᠴᠢᠷᠢ᠋ ᠳᠠᠷᠤᠢ ᠲᠦᠷᠭᠡᠨ ᠵᠣᠬᠢᠶᠠᠨ ᠪᠠᠢᠭᠤᠯᠵᠤ ᠥᠪᠥᠷ ᠮᠣᠩᠭᠣᠯ᠎ᠤ᠋ᠨ ᠰᠠᠢ ᠰᠧ ᠭᠧᠨᠦ᠌ ᠰᠢᠨᠵᠢᠯᠡᠬᠡ ᠮᠡᠷᠭᠡᠵᠢᠯ᠎ᠦ᠋ᠨ ᠬᠢᠵᠠᠭᠠᠷᠲᠤ ᠺᠣᠮᠫᠠᠨᠢ ᠬᠡᠰᠡᠭ ᠬᠦᠮᠦᠰ᠎ᠤᠨ ᠪᠦᠭᠡᠮ ᠬᠦᠴᠢᠯ᠎ᠤᠨ ᠪᠠᠢᠴᠠᠭᠠᠯᠲᠠ ᠵᠢᠨ ᠪᠢᠯᠢᠭ ᠴᠢᠨᠠᠷᠲᠠᠢ ᠦᠷ᠎ᠡ ᠳ᠋ᠦᠩᠢ᠋ ᠠᠷᠭ᠎ᠠ ᠴᠢᠨᠠᠷᠲᠠᠢ ᠪᠣᠯᠭᠠᠨ ᠮᠡᠳᠡᠭᠦᠯᠦᠭᠰᠡᠨ ᠠᠰᠠᠭᠤᠳᠠᠯ᠎ᠢ ᠪᠠᠢᠴᠠᠭᠠᠵᠤ᠂ ᠰᠢᠨ᠎ᠡ ᠲᠢᠲᠢᠮᠯᠢᠭ ᠸᠢᠷᠦ᠋ᠰ᠎ᠤᠨ ᠪᠥᠭᠡᠮ ᠬᠦᠴᠢᠯ᠎ᠤᠨ ᠪᠠᠢᠴᠠᠭᠠᠯᠲᠠ ᠵᠢᠨ ᠠᠵᠢᠯᠯᠠᠭᠠᠨ ᠵᠢᠷᠤᠮᠵᠢᠭᠤᠨ ᠪᠤᠰᠤ᠂ ᠬᠠᠯᠳᠠᠪᠤᠷᠢᠲᠤ ᠡᠪᠡᠳᠴᠢᠨ᠎ᠢ᠋ ᠰᠡᠷᠭᠡᠢᠯᠡᠨ ᠵᠠᠰᠠᠬᠤ᠎ᠶ᠋ᠢ ᠬᠠᠷᠰᠢᠯᠠᠭᠰᠠᠨ ᠶᠠᠯ᠎ᠠ ᠳ᠋ᠤ ᠬᠤᠯᠪᠤᠭᠳᠠᠵᠤ᠂ ᠦᠢᠯᠡ ᠪᠠᠢᠳᠠᠯ ᠨᠢ ᠬᠦᠨᠳᠦ ᠨᠣᠴᠢᠲᠠᠢ ᠪᠣᠯ᠂ ᠬᠠᠤᠯᠢ ᠲᠣᠭᠲᠠᠭᠠᠯ ᠶᠣᠰᠣᠭᠠᠷ ᠪᠥᠭᠡᠮ ᠬᠦᠴᠢᠯᠢ᠋ ᠪᠠᠢᠴᠠᠭᠠᠬᠤ ᠪᠠᠢᠭᠤᠯᠤᠮᠵᠢᠳ᠋ᠤ᠌ ᠰᠢᠢᠳᠬᠡᠯ ᠥᠭᠴᠦ᠂ ᠬᠣᠯᠪᠣᠭᠳᠠᠯ ᠪᠦᠬᠦᠢ ᠬᠠᠷᠢᠭᠤᠴᠠᠯᠭ᠎ᠠ᠎ᠲᠠᠢ ᠬᠥᠮᠦᠨ᠎ᠢ᠋ ᠰᠢᠢᠳᠪᠦᠷᠢᠯᠡᠵᠦ᠂ ᠶᠠᠯ᠎ᠠ ᠬᠢᠭᠰᠡᠨ ᠰᠡᠵᠢᠭᠯᠡᠯᠲᠡᠢ ᠪᠠᠢᠪᠠᠯ ᠬᠠᠤᠯᠢ ᠴᠠᠭᠠᠵᠠ᠎ᠶ᠋ᠢᠨ ᠰᠠᠯᠠᠭ᠎ᠠ ᠮᠥᠴᠢᠷ᠎ᠲᠦ᠍ ᠰᠢᠯᠵᠢᠭᠦᠯᠦᠨ ᠲᠤᠰᠢᠶᠠᠵᠤ ᠬᠠᠤᠯᠢ ᠶᠣᠰᠣᠭᠠᠷ ᠰᠢᠢᠳᠪᠦᠷᠢᠯᠡᠭᠦᠯᠬᠦ᠎ᠶ᠋ᠢᠨ ᠬᠠᠮᠲᠤ᠂ ᠶᠠᠭᠤᠨ᠎ᠤ ᠤᠷᠢᠳ ᠨᠡᠢᠭᠡᠮᠳ᠋ᠦ᠍ ᠨᠡᠢᠲᠡᠯᠡᠨ᠎ᠡ ᠭᠡᠵᠡᠢ᠃
ᠣᠢᠷ᠎ᠠ᠎ᠶ᠋ᠢᠨ ᠬᠤᠭᠤᠴᠠᠭᠠᠨ᠎ᠳ᠋ᠤ᠌ ᠣᠯᠠᠨᠤ᠋ ᠠᠩᠬᠠᠷᠴᠤ ᠪᠠᠢᠭ᠎ᠠ ᠪᠥᠭᠡᠮ ᠬᠦᠴᠢᠯ᠎ᠤᠨ ᠪᠠᠢᠴᠠᠭᠠᠯᠲᠠ ᠵᠢᠨ ᠠᠰᠠᠭᠤᠳᠠᠯᠳ᠋ᠤ᠌ ᠴᠢᠭᠯᠡᠭᠦᠯᠦᠨ᠂ ᠪᠢᠳᠡ ᠳᠠᠷᠠᠭᠠᠬᠢ ᠠᠵᠢᠯ᠎ᠢ᠋ ᠬᠢᠵᠦ ᠪᠤᠢ᠃ ᠨᠢᠭᠡᠳ᠋ᠦ᠍᠂ 《ᠪᠥᠭᠡᠮ ᠬᠦᠴᠢᠯᠢ᠋ ᠰᠢᠯᠭᠠᠨ ᠪᠠᠢᠴᠠᠭᠠᠬᠤ ᠭᠤᠷᠪᠠᠳᠠᠬᠢ ᠡᠲᠡᠭᠡᠳ᠎ᠤᠨ ᠲᠤᠷᠰᠢᠯᠲᠠ᠎ᠶ᠋ᠢᠨ ᠲᠠᠰᠤᠭ᠎ᠤ᠋ᠨ ᠶᠠᠰᠤ ᠴᠢᠨᠠᠷ᠎ᠢ᠋ ᠡᠵᠡᠮᠳᠡᠬᠦ ᠠᠵᠢᠯ᠎ᠢ᠋ ᠤᠯᠠᠮ ᠴᠢᠨᠠᠭᠰᠢᠳᠠ ᠴᠢᠩᠭᠠᠳᠬᠠᠬᠤ ᠲᠤᠬᠠᠢ ᠮᠡᠳᠡᠭᠳᠡᠯ》᠂ 《ᠪᠥᠭᠡᠮ ᠬᠦᠴᠢᠯᠢ᠋ ᠰᠢᠯᠭᠠᠨ ᠪᠠᠢᠴᠠᠭᠠᠬᠤ ᠶᠠᠰᠤ ᠴᠢᠨᠠᠷ᠎ᠢ᠋ ᠡᠵᠡᠮᠳᠡᠬᠦ ᠲᠤᠬᠠᠢ ᠬᠡᠷᠡᠭᠵᠢᠭᠦᠯᠬᠦ ᠲᠥᠰᠦᠯ》᠂ 《ᠲᠤᠷᠰᠢᠯᠲᠠ᠎ᠶ᠋ᠢᠨ ᠲᠠᠰᠤᠭ᠎ᠤ᠋ᠨ ᠶᠠᠰᠤ ᠴᠢᠨᠠᠷ᠎ᠢ᠋ ᠡᠵᠡᠮᠳᠡᠬᠦ ᠬᠢᠨᠠᠯᠲᠠ ᠲᠠᠯᠪᠢᠭᠴᠢ᠎ᠶ᠋ᠢᠨ ᠡᠭᠦᠷᠭᠡ ᠬᠠᠷᠢᠭᠤᠴᠠᠯᠭ᠎ᠠ》 ᠵᠡᠷᠭᠡ ᠳᠦᠷᠢᠮ᠎ᠢ ᠳᠤᠭᠳᠠᠭᠠᠨ ᠳᠡᠬᠦᠯᠳᠡᠷᠵᠢᠬᠦᠯᠵᠦ᠂ ᠶᠠᠰᠤ ᠴᠢᠨᠠᠷ᠎ᠢ᠋ ᠰᠢᠯᠭᠠᠨ ᠪᠠᠢᠴᠠᠭᠠᠬᠤ ᠠᠵᠢᠯ᠎ᠤ᠋ᠨ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠬᠠᠪᠠ; ᠬᠣᠶᠠᠷ᠎ᠲᠤ᠌᠂ ᠲᠤᠰᠬᠠᠢ ᠳᠤᠭᠤᠢᠯᠠᠩ ᠪᠠᠢᠭᠤᠯᠤᠨ ᠪᠥᠬᠥ ᠬᠣᠲᠠ᠎ᠶ᠋ᠢᠨ ᠪᠥᠭᠡᠮ ᠬᠦᠴᠢᠯᠢ᠋ ᠰᠢᠯᠭᠠᠨ ᠪᠠᠢᠴᠠᠭᠠᠬᠤ ᠪᠠᠢᠭᠤᠯᠤᠮᠵᠢᠳ᠋ᠤ᠌ ᠪᠦᠬᠦ ᠲᠠᠯ᠎ᠠ᠎ᠪᠠᠷ ᠪᠠᠢᠴᠠᠭᠠᠯᠲᠠ ᠦᠨᠡᠯᠡᠯᠲᠡ ᠬᠢᠵᠦ᠂ ᠣᠯᠠᠨ ᠲᠦᠮᠡᠨ᠎ᠦ᠌ ᠵᠠᠭᠠᠯᠳᠤᠵᠤ ᠪᠠᠢᠭ᠎ᠠ ᠠᠰᠠᠭᠤᠳᠠᠯ᠎ᠢ᠋ ᠪᠥᠬᠥ ᠲᠠᠯ᠎ᠠ᠎ᠪᠠᠷ ᠭᠡᠳᠡᠷᠭᠦ ᠪᠠᠢᠴᠠᠭᠠᠵᠤ᠂ ᠳᠦᠷᠢᠮᠵᠢᠭᠰᠡᠨ ᠰᠢᠯᠭᠠᠨ ᠪᠠᠢᠴᠠᠭᠠᠬᠤ ᠪᠠᠢᠭᠤᠯᠤᠮᠵᠢ᠎ᠶ᠋ᠢ ᠨᠡᠢᠭᠡᠮ ᠨᠡᠢᠲᠡᠳ᠋ᠦ᠍ ᠨᠡᠢᠲᠡᠯᠡᠵᠦ᠂ ᠬᠠᠤᠯᠢ ᠴᠠᠭᠠᠵᠠ ᠳᠦᠷᠢᠮ ᠲᠣᠭᠲᠠᠭᠠᠯᠢ᠋ ᠵᠥᠷᠢᠴᠡᠭᠰᠡᠨ ᠰᠢᠯᠭᠠᠨ ᠪᠠᠢᠴᠠᠭᠠᠬᠤ ᠪᠠᠢᠭᠤᠯᠤᠮᠵᠢᠳ᠋ᠤ᠌ ᠬᠠᠤᠯᠢ ᠲᠣᠭᠲᠠᠭᠠᠯ ᠶᠣᠰᠣᠭᠠᠷ ᠰᠢᠢᠳᠬᠡᠯ ᠥᠭᠴᠦ᠂ ᠶᠠᠯ᠎ᠠ ᠬᠢᠭᠰᠡᠨ ᠰᠡᠵᠢᠭᠯᠡᠯᠲᠡᠢ ᠪᠠᠢᠪᠠᠯ ᠬᠠᠤᠯᠢ ᠴᠠᠭᠠᠵᠠ᠎ᠶ᠋ᠢᠨ ᠰᠠᠯᠠᠭ᠎ᠠ ᠮᠥᠴᠢᠷ᠎ᠲᠦ᠍ ᠰᠢᠯᠵᠢᠭᠦᠯᠦᠨ ᠥᠭᠴᠦ ᠬᠠᠤᠯᠢ ᠶᠣᠰᠣᠭᠠᠷ ᠰᠢᠢᠳᠪᠦᠷᠢᠯᠡᠭᠦᠯᠦᠨ᠂ ᠬᠠᠮᠢᠶ᠎ᠠ ᠪᠥᠬᠥᠢ ᠪᠠᠢᠴᠠᠭᠠᠯᠲᠠ ᠬᠢᠭᠰᠡᠨ ᠦᠷ᠎ᠡ ᠳ᠋ᠦᠩᠢ᠋ ᠴᠠᠭ ᠲᠤᠬᠠᠢ᠎ᠳ᠋ᠤᠨᠢ ᠨᠡᠢᠭᠡᠮ ᠨᠡᠢᠲᠡᠳ᠋ᠦ᠍ ᠨᠡᠢᠲᠡᠯᠡᠨ᠎ᠡ᠃
ᠢᠷᠡᠯᠲᠡ ᠄ ᠲᠠᠯ᠎ᠠ ᠨᠤᠲᠤᠭ ᠪᠦᠷᠢᠨ ᠵᠠᠭᠤᠴᠢᠯᠠᠭᠤᠷ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠴᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃