ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠮᠡᠳᠡᠭᠡᠯᠡᠯ

2022-11-14 16:45:33

ᠵᠣᠬᠢᠶᠠᠭ᠍ᠴᠢ᠄ ᠵᠧᠩ ᠱᠢᠤᠸᠠᠢ ᠯᠢᠶᠠᠩ ᠂ ᠸᠠᠩ ᠶᠠ ᠵᠢᠩ ᠣᠩᠱᠢᠭ᠍ᠰᠠᠨ ᠣᠳᠠᠭ᠎ᠠ᠄ 3

ᠰᠤᠷᠪᠤᠯᠵᠢᠯᠠᠭ᠍ᠴᠢ 11 ᠰᠠᠷ᠎ᠠ᠎ᠶ᠋ᠢᠨ 10 ᠎ᠤ ᠡᠳᠦᠷ ᠬᠤᠷᠠᠯᠳᠤᠭ᠍ᠰᠠᠨ ᠬᠥᠬᠡᠬᠣᠲᠠ ᠎ᠶ᠋ᠢᠨ ᠬᠢᠵᠢᠭ ᠎ᠦᠨ ᠪᠠᠢᠳᠠᠯ ᠎ᠢ ᠰᠡᠷᠭᠡᠢᠯᠡᠨ ᠡᠵᠡᠮᠳᠡᠬᠦ᠌ ᠠᠵᠢᠯ ᠎ᠤᠨ ᠰᠣᠨᠢᠨ ᠮᠡᠳᠡᠭᠡ ᠨᠡᠢᠲᠡᠯᠡᠬᠦ᠌ ᠬᠤᠷᠠᠯ (71 ᠳ᠋ᠤᠭᠡᠷ ᠲᠠᠯᠠᠪᠠᠢ) ᠡᠴᠡ ᠣᠢᠯᠠᠭᠠᠭ᠍ᠰᠠᠨ᠎ᠢᠶᠠᠷ᠂ ᠬᠥᠬᠡᠬᠣᠲᠠ 《ᠠᠵᠤ ᠠᠬᠤᠢ ᠨᠡᠢᠭᠡᠮ ᠎ᠦᠨ ᠬᠥᠭ᠌ᠵᠢᠯᠲᠡ ᠎ᠶ᠋ᠢᠨ ᠡᠮᠬᠢ ᠳᠢᠭ᠌ᠯᠢᠮ ᠎ᠢ ᠲᠣᠭ᠍ᠲᠠᠪᠤᠷᠢᠵᠢᠭᠤᠯᠵᠤ ᠱᠢᠨ᠎ᠡ ᠲᠢᠲᠢᠮᠯᠢᠭ ᠠᠭᠤᠰᠭᠢᠨ ᠦᠷᠪᠢᠰᠦᠯ ᠎ᠦᠨ ᠬᠢᠵᠢᠭ ᠎ᠦᠨ ᠪᠠᠢᠳᠠᠯ ᠎ᠤᠨ ᠨᠥᠯᠥᠭᠡ ᠎ᠶ᠋ᠢ ᠪᠦᠲᠦᠮᠵᠢᠲᠡᠢ ᠠᠷᠭᠠᠴᠠᠭᠠᠬᠤ ᠪᠠᠲᠤᠯᠠᠭ᠎ᠠ ᠎ᠶ᠋ᠢᠨ ᠠᠷᠭ᠎ᠠ ᠬᠡᠮᠵᠢᠶ᠎ᠡ》 ᠵᠢ ᠲᠣᠭ᠍ᠲᠠᠭᠠᠨ ᠨᠡᠢᠲᠡᠯᠡᠪᠡ᠂ ᠡᠭᠦᠨ ᠎ᠳᠤ ᠲᠠᠪᠤᠨ ᠶᠡᠬᠡ ᠲᠠᠯ᠎ᠠ ᠵᠢᠨ 26 ᠠᠭᠤᠯᠭ᠎ᠠ ᠎ᠶᠢ ᠪᠠᠭᠲᠠᠭᠠᠵᠠᠢ᠃

ᠲᠠᠪᠤᠨ ᠶᠡᠬᠡ ᠲᠠᠯ᠎ᠠ ᠳ᠋ᠤ᠄ ᠨᠢᠭᠡ ᠎ᠳᠦ᠂ ᠬᠣᠲᠠ ᠬᠥᠳᠡᠭᠡ ᠎ᠶ᠋ᠢᠨ ᠬᠦᠴᠢᠷᠳᠡᠯᠲᠡᠶ ᠣᠯᠠᠨ ᠲᠦᠮᠡᠨ ᠎ᠢ ᠬᠠᠪᠰᠤᠷᠤᠨ ᠲᠡᠳᠬᠦᠵᠦ᠍ ᠠᠪᠤᠷᠠᠨ ᠲᠤᠰᠠᠯᠠᠬᠤ ᠡᠷᠴᠢᠮ ᠎ᠢᠶᠡᠨ ᠴᠢᠩᠭᠠᠷᠠᠭᠤᠯᠵᠤ᠂ ᠬᠢᠵᠢᠭ ᠎ᠦᠨ ᠪᠠᠢᠳᠠᠯ ᠎ᠤᠨ ᠬᠤᠭᠤᠴᠠᠭᠠᠨ ᠎ᠳᠠᠬᠢ ᠬᠦᠴᠢᠷᠳᠡᠯᠲᠡᠶ ᠣᠯᠠᠨ ᠲᠦᠮᠡᠨ ᠎ᠦ ᠦᠨᠳᠦᠰᠦᠨ ᠠᠮᠢᠳᠤᠷᠠᠯ ᠎ᠢ ᠲᠣᠬᠢᠲᠠᠶ ᠪᠠᠲᠤᠯᠠᠨ᠎ᠠ ; ᠬᠣᠶᠠᠷ ᠎ᠲᠤ ᠂ ᠭᠠᠢᠯᠢ ᠎ᠶᠢ ᠪᠠᠭᠠᠰᠬᠠᠵᠤ ᠰᠦᠢᠳᠭᠡᠯ ᠎ᠢ ᠪᠠᠭᠤᠷᠠᠭᠤᠯᠬᠤ᠂ ᠠᠵᠤ ᠠᠬᠤᠢᠯᠠᠯ ᠎ᠢ ᠲᠤᠰᠠᠯᠠᠵᠤ ᠠᠵᠢᠯ ᠎ᠤᠨ ᠪᠠᠢᠷᠢ ᠎ᠶ᠋ᠢ ᠲᠣᠭ᠍ᠲᠠᠪᠤᠷᠢᠵᠢᠭᠤᠯᠬᠤ ᠵᠡᠷᠭᠡ ᠲᠦᠷᠦ᠍ ᠎ᠶ᠋ᠢᠨ ᠪᠤᠳᠤᠯᠭ᠎ᠠ ᠎ᠶ᠋ᠢ ᠰᠠᠢᠲᠤᠷ ᠨᠠᠢᠳᠠᠪᠤᠷᠢᠵᠢᠭᠤᠯᠵᠤ᠂ ᠳᠤᠮᠳᠠ ᠪᠠᠭ᠎ᠠ ᠵᠢᠵᠢᠭ ᠠᠵᠤ ᠠᠬᠤᠢᠯᠠᠯ ᠪᠠ ᠬᠤᠪᠢ ᠎ᠶ᠋ᠢᠨ ᠦᠢᠯᠡᠳᠪᠦᠷᠢ ᠬᠤᠳᠠᠯᠳᠤᠭᠠᠨ ᠎ᠤ ᠡᠷᠦᠬᠡ ᠎ᠶ᠋ᠢᠨ ᠢᠲᠡᠭᠡᠯ ᠵᠣᠷᠢᠭ ᠎ᠢᠶᠠᠨ ᠬᠥᠪᠴᠢᠯᠡᠬᠦ᠌ ᠎ᠶ᠋ᠢ ᠳᠡᠮᠵᠢᠵᠦ᠍᠂ ᠦᠢᠯᠡᠳᠪᠦᠷᠢᠯᠡᠯ ᠡᠵᠡᠩᠨᠡᠯᠲᠡ ᠎ᠶᠢ ᠨᠢ ᠡᠮᠬᠢ ᠵᠢᠷᠤᠮ᠎ᠲᠠᠶ᠎ᠪᠠᠷ ᠰᠡᠷᠭᠦᠭᠡᠨ᠎ᠡ; ᠭᠤᠷᠪᠠ ᠎ᠳᠤ ᠨᠠᠷᠢᠯᠢᠭ ᠣᠨᠣᠴᠠᠲᠠᠶ ᠦᠶ᠋ᠯᠡᠴᠢᠯᠡᠭᠡ᠂ ᠬᠠᠯᠠᠭᠤᠨ ᠳᠤᠯᠠᠭᠠᠨ ᠪᠠᠲᠤᠯᠠᠭ᠎ᠠ ᠬᠠᠩᠭᠠᠵᠤ᠂ ᠠᠵᠤ ᠦᠶ᠋ᠯᠡᠳᠪᠦᠷᠢ ᠠᠵᠤ ᠠᠬᠤᠢᠯᠠᠯ ᠎ᠤᠨ ᠠᠵᠢᠯ ᠦᠶ᠋ᠯᠡᠳᠪᠦᠷᠢᠯᠡᠯ ᠎ᠢᠶᠡᠨ ᠰᠡᠷᠭᠦᠭᠡᠬᠦ᠌ ᠠᠬᠢᠴᠠ ᠎ᠶᠢ ᠲᠦᠷᠭᠡᠳᠭᠡᠬᠦ᠌ ᠎ᠳᠦ ᠬᠦᠴᠦᠨ ᠨᠡᠮᠡᠷᠢᠯᠡᠨ᠎ᠡ; ᠳᠥᠷᠪᠡ ᠎ᠳᠦ᠂ ᠠᠵᠢᠯ ᠎ᠤᠨ ᠪᠠᠢᠷᠢ ᠎ᠶ᠋ᠢ ᠲᠣᠭ᠍ᠲᠠᠪᠤᠷᠢᠵᠢᠭᠤᠯᠤᠨ ᠠᠵᠢᠯ ᠣᠯᠭᠣᠯᠳᠠ᠎ᠶ᠋ᠢ ᠬᠠᠪᠰᠤᠷᠤᠨ ᠲᠡᠳᠬᠦᠬᠦ᠌ ᠪᠠᠲᠤᠯᠠᠭ᠎ᠠ ᠎ᠶ᠋ᠢ ᠴᠢᠩᠭᠠᠳᠬᠠᠨ᠎ᠠ; ᠲᠠᠪᠤ ᠎ᠳᠤ᠂ ᠬᠡᠷᠡᠭ᠌ᠯᠡᠭᠡ ᠎ᠶ᠋ᠢ ᠬᠠᠪᠰᠤᠷᠤᠨ ᠲᠡᠳᠬᠦᠵᠦ᠍ ᠬᠥᠲᠥᠯᠥᠨ ᠳᠠᠭᠠᠭᠤᠯᠬᠤ ᠠᠵᠢᠯ ᠎ᠢ ᠰᠠᠢᠲᠤᠷ ᠬᠢᠵᠦ᠍᠂ ᠬᠢᠵᠢᠭ ᠎ᠦᠨ ᠪᠠᠢᠳᠠᠯ ᠎ᠢ ᠰᠡᠷᠭᠡᠢᠯᠡᠨ ᠡᠵᠡᠮᠳᠡᠬᠦ᠌ ᠪᠠ ᠠᠵᠤ ᠠᠬᠤᠶ ᠨᠡᠢᠭᠡᠮ ᠎ᠦᠨ ᠬᠥᠭ᠌ᠵᠢᠯᠲᠡ ᠎ᠶ᠋ᠢᠨ ᠡᠯ᠎ᠡ ᠵᠦᠶ᠋ᠯ ᠎ᠦᠨ ᠠᠵᠢᠯ ᠎ᠢ ᠨᠢᠭᠡᠳᠦᠯᠲᠡᠶ ᠲᠥᠯᠥᠪᠵᠢᠭᠦᠯᠦᠨ ᠰᠠᠢᠲᠤᠷ ᠬᠢᠬᠦ᠌ ᠵᠡᠷᠭᠡ ᠠᠭᠤᠯᠭ᠎ᠠ ᠵᠢ ᠪᠠᠭᠲᠠᠭᠠᠭᠰᠠᠨ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠠᠨᠠᠷ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面