2022-11-14 11:37:23
ᠣᠳᠣᠬᠠᠨ᠎ᠳᠤ ᠂ ᠬᠢᠵᠢᠭ ᠦᠨ ᠪᠠᠢᠳᠠᠯ ᠢ ᠰᠡᠷᠭᠡᠢᠯᠡᠨ ᠡᠵᠡᠮᠳᠡᠬᠦ᠌ ᠠᠵᠢᠯ ᠶᠠᠭ ᠵᠠᠩᠭᠢᠯᠠᠭ᠎ᠠ ᠶ᠋ᠢᠨ ᠬᠤᠭᠤᠴᠠᠭᠠᠨ᠎ᠳᠤ ᠣᠷᠣᠱᠢᠵᠤ ᠂ ᠬᠢᠵᠢᠭ ᠦᠨ ᠪᠠᠢᠳᠠᠯ ᠳᠠᠷᠬᠠᠨ ᠳᠡᠯᠭᠡᠷᠡᠬᠦ᠌ ᠠᠶᠤᠯ ᠲᠦᠭ᠌ᠰᠢᠭᠦᠷᠢ ᠶ᠋ᠢ ᠪᠦᠲᠦᠮᠵᠢᠲᠡᠶ ᠬᠤᠷᠢᠬᠯᠠᠬᠤ᠎ᠶ᠋ᠢᠨ ᠲᠥᠯᠥᠭᠡ ᠂ ᠪᠥᠬᠥ᠌ ᠣᠷᠣᠨ ᠤ ᠡᠯ᠎ᠡ ᠭᠠᠵᠠᠷ᠎ᠤᠨ᠎ᠬᠢᠨ ᠬᠢᠵᠢᠭ᠎ᠦᠨ ᠪᠠᠢᠳᠠᠯ᠎ᠢ ᠬᠠᠮᠢᠶᠠᠷᠤᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠬᠡᠷᠡᠭ᠌ᠵᠢᠭᠦᠯᠵᠦ᠍ ᠂ ᠣᠯᠠᠨ ᠲᠦᠮᠡᠨ᠎ᠦ ᠠᠮᠤᠷ ᠲᠦᠪᠰᠢᠨ ᠡᠷᠡᠬᠦᠯ ᠮᠡᠨᠳᠤ ᠵᠢ ᠬᠠᠮᠠᠭᠠᠯᠠᠵᠤ ᠪᠠᠢᠨ᠎ᠠ ᠂ ᠭᠡᠪᠡᠴᠦ᠍ ᠪᠠᠰᠠ ᠣᠨᠴᠠ ᠵᠠᠷᠢᠮ ᠬᠥᠮᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠲᠦᠷᠢᠮ ᠳᠤᠬᠳᠠᠭᠠᠯ ᠡᠴᠠ ᠵᠥᠷᠢᠴᠡᠭᠡᠳ᠂ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ ᠵᠢᠨ ᠬᠠᠤᠯᠢ ᠶᠣᠰᠣᠨ᠎ᠤ ᠱᠢᠶ᠋ᠳᠭᠡᠯᠢ ᠤᠯᠪᠡ᠃
ᠬᠥᠬᠡᠬᠣᠲᠠ᠎ᠶ᠋ᠢᠨ ᠬᠣᠲᠣᠩ ᠠᠷᠠᠳ᠎ᠤᠨ ᠲᠣᠭᠣᠷᠢᠭ᠎ᠤᠨ ᠭᠤᠸᠠᠩ ᠮᠢᠩ ᠶᠡᠬᠡ ᠵᠡᠭᠡᠯᠢ᠎ᠶ᠋ᠢᠨ ᠨᠢᠭᠡᠨ ᠰᠠᠭᠤᠭᠠᠯᠢ ᠠᠷᠠᠳ᠎ᠤᠨ ᠲᠣᠭᠣᠷᠢᠭ᠎ᠲᠤ ᠬᠢᠵᠢᠭ᠎ᠦᠨ ᠪᠠᠢᠳᠠᠯ᠎ᠤᠨ ᠱᠢᠯᠲᠠᠭᠠᠨ᠎ᠠᠴᠠ ᠪᠣᠯᠵᠣ ᠪᠢᠲᠡᠭᠦᠮᠵᠢᠯᠡᠨ ᠡᠵᠡᠮᠳᠡᠵᠦ ᠂ ᠲᠣᠰ ᠰᠠᠭᠤᠭᠠᠯᠢ ᠠᠷᠠᠳ᠎ᠤᠨ ᠲᠣᠭᠣᠷᠢᠭ᠎ᠤᠨ ᠯᠢ ᠣᠪᠣᠭ᠍ᠲᠤ ᠵᠠᠪᠠᠯ ᠭᠠᠳᠠᠬᠰᠢ ᠭᠠᠷᠬᠤ ᠪᠠᠷ ᠠᠭᠠᠰᠢᠯᠠᠵᠤ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯᠲᠠᠨ ᠲᠡᠭᠦᠨ᠎ᠢ ᠳᠠᠬᠢᠨ ᠳᠠᠪᠲᠠᠨ ᠢᠳᠭᠠᠬᠤ ᠳ᠋ᠤ᠂ ᠯᠢ ᠣᠪᠣᠭ᠍ᠲᠤ ᠠᠵᠢᠯ ᠢ᠋ ᠬᠠᠮᠵᠢᠯᠴᠠᠬᠤ᠎ᠦᠭᠡᠢ ᠮᠦᠷᠳᠡᠭᠡᠨ ᠠᠵᠢᠯᠲᠠᠨ᠎ᠢ ᠬᠠᠷᠢᠶᠠᠨ ᠲᠦᠯᠬᠢᠵᠡᠢ᠃ ᠬᠥᠬᠡᠬᠣᠲᠠ᠎ᠶ᠋ᠢᠨ ᠳᠣᠲᠣᠭᠠᠳᠤ᠎ᠶ᠋ᠢ ᠬᠠᠮᠠᠭᠠᠯᠠᠬᠤ ᠲᠣᠪᠴᠢᠶᠠᠨ᠎ᠤ ᠬᠣᠲᠣᠩ ᠠᠷᠠᠳ᠎ᠤᠨ ᠲᠣᠭᠣᠷᠢᠭ᠎ᠤᠨ ᠬᠤᠪᠢᠶᠠᠷᠢ ᠲᠣᠪᠴᠢᠶᠠᠨ᠎ᠤ ᠭᠠᠩ ᠲᠢᠶᠧ ᠵᠠᠮ᠎ᠤᠨ ᠲᠣᠮᠢᠯᠠᠭ᠍ᠰᠠᠨ ᠰᠠᠯᠪᠤᠷᠢ ᠬᠡᠷᠡᠭ᠎ᠦᠨ ᠮᠡᠳᠡᠭᠦᠯᠦᠯᠲᠡ᠎ᠶ᠋ᠢ ᠣᠯᠤᠭ᠍ᠰᠠᠨ᠎ᠤ ᠳᠠᠷᠠᠭ᠎ᠠ ᠳᠠᠷᠤᠢ ᠲᠦᠷᠭᠡᠨ ᠲᠤᠬᠠᠢ᠎ᠶ᠋ᠢᠨ ᠲᠠᠯᠠᠪᠤᠷ᠎ᠲᠤ ᠬᠦᠷᠴᠦ᠍᠂ 《ᠠᠮᠤᠷ᠎ᠢ ᠬᠠᠮᠠᠭᠠᠯᠠᠬᠤ ᠬᠠᠮᠢᠶᠠᠷᠤᠯᠲᠠ᠎ᠶ᠋ᠢᠨ ᠱᠢᠢᠳᠭᠡᠯ᠎ᠦᠨ ᠬᠠᠤᠯᠢ》 ᠶ᠋ᠢᠨ ᠲᠣᠭ᠍ᠲᠠᠭᠠᠯ᠎ᠢ ᠦᠨᠳᠦᠰᠦᠯᠡᠨ ᠯᠢ ᠣᠪᠣᠭ᠍ᠲᠤ᠎ᠳᠤ ᠬᠠᠤᠯᠢ ᠶᠣᠰᠣᠭᠠᠷ 8 ᠡᠳᠦᠷ᠎ᠦᠨ ᠵᠠᠰᠠᠭ ᠵᠠᠬᠢᠷᠭᠠᠨ᠎ᠤ ᠲᠦᠷ ᠬᠣᠷᠢᠬᠤ ᠱᠢᠢᠳᠭᠡᠯ ᠦᠭᠪᠡ᠃
10 ᠰᠠᠷ᠎ᠠ᠎ᠶ᠋ᠢᠨ ᠡᠬᠢ ᠪᠡᠷ᠂ ᠬᠥᠯᠥᠨ ᠪᠣᠢᠷ ᠬᠣᠲᠠ᠎ᠶ᠋ᠢᠨ ᠳᠣᠲᠣᠭᠠᠳᠤ᠎ᠶ᠋ᠢ ᠬᠠᠮᠠᠭᠠᠯᠠᠬᠤ ᠲᠣᠪᠴᠢᠶ᠎ᠠ᠎ᠶ᠋ᠢᠨ ᠵᠠᠮ ᠬᠠᠷᠢᠯᠴᠠᠭᠠᠨ᠎ᠤ ᠬᠠᠮᠢᠶᠠᠷᠤᠯᠲᠠ᠎ᠶ᠋ᠢᠨ ᠰᠠᠯᠪᠤᠷᠢ ᠠᠩᠭᠢ᠎ᠶ᠋ᠢᠨ ᠠᠷᠠᠳ᠎ᠤᠨ ᠴᠠᠭ᠍ᠳᠠᠭ᠎ᠠ ᠬᠠᠢᠯᠠᠷ ᠲᠣᠭᠣᠷᠢᠭ᠎ᠤᠨ ᠨᠢᠭᠡ ᠵᠠᠮ᠎ᠤᠨ ᠠᠭᠤᠯᠵᠠᠷ᠎ᠲᠤ ᠨᠠᠭᠠᠰᠢ ᠴᠠᠭᠠᠰᠢ ᠶᠠᠪᠤᠬᠤ ᠲᠡᠷᠭᠡ ᠬᠥᠰᠭᠡ᠎ᠶ᠋ᠢ ᠪᠠᠢᠴᠠᠭᠠᠬᠤ ᠦᠶ᠎ᠡ᠎ᠳᠦ ᠂ ᠴᠠᠭᠠᠨ ᠦᠩᠭᠡᠳᠤ ᠵᠢᠵᠢᠭ ᠮᠠᠱᠢᠨ ᠲᠡᠷᠭᠡ ᠵᠢᠨ ᠵᠢᠯᠣᠭᠣᠴᠢ ᠵᠢᠵᠢᠭᠦᠷᠯᠡᠵᠦ᠍ ᠪᠠᠢᠭ᠎ᠠ ᠠᠷᠠᠳ᠎ᠤᠨ ᠴᠠᠭ᠍ᠳᠠᠭ᠎ᠠ᠎ᠳᠤ 《ᠲᠡᠷᠭᠡ ᠨᠡᠪᠲᠡᠷᠡᠬᠦ᠌ ᠦᠨᠡᠮᠯᠡᠯ》 ᠵᠢᠡᠨ ᠭᠠᠷᠭᠠᠵᠤ ᠦᠵᠡᠭᠦᠯᠪᠡ᠃ ᠠᠷᠠᠳ᠎ᠤᠨ ᠴᠠᠭ᠍ᠳᠠᠭ᠎ᠠ ᠦᠨᠡᠮᠯᠡᠯ᠎ᠢ ᠪᠠᠢᠴᠠᠭᠠᠬᠤ ᠦᠶ᠎ᠡ᠎ᠳᠦ ᠲᠣᠰ ᠦᠨᠡᠮᠯᠡᠯ᠎ᠦᠨ ᠲᠡᠷᠭᠡ ᠬᠥᠰᠭᠡ᠎ᠶ᠋ᠢᠨ ᠮᠡᠳᠡᠭᠡ ᠵᠠᠩᠭᠢ᠎ᠶ᠋ᠢᠨ ᠬᠦᠰᠦᠨᠦᠭ᠌ᠲᠦ᠍᠎ᠵᠢᠨ ᠪᠠᠢᠭᠤᠯᠭ᠎ᠠ ᠨᠢᠭᠡᠴᠢ᠎ᠶ᠋ᠢᠨ ᠨᠡᠷ᠎ᠡ᠎ᠶ᠋ᠢ《ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ》 ᠭᠡᠵᠦ᠍ ᠲᠠᠭ᠍ᠯᠠᠨ ᠪᠢᠴᠢᠭ᠌ᠰᠡᠨ ᠢ ᠣᠯᠵᠤ ᠮᠡᠳᠡᠵᠡᠶ᠂ ᠬᠠᠷᠢᠴᠠᠭᠤᠯᠵᠤ ᠦᠵᠡᠬᠦ᠌᠎ᠪᠡᠷ ᠳᠡᠮᠵᠢᠨ ᠂ ᠳᠤᠰ ᠦᠨᠡᠮᠯᠡᠯ ᠨᠢ ᠬᠠᠭᠤᠯᠪᠤᠷᠢ ᠮᠠᠲ᠋ᠧᠷᠢᠶᠠᠯ ᠪᠤᠯᠬᠤ ᠰᠡᠵᠢᠭ᠌ ᠳᠠᠢ ᠪᠠᠢᠵᠦ ᠂ ᠤᠯᠠᠮ ᠨᠢᠭᠡ ᠠᠯᠬᠤᠮ ᠤ᠋ᠨ ᠪᠠᠢᠴᠠᠭᠠᠯᠳᠠ ᠪᠡᠷ ᠂ ᠵᠢᠯᠣᠭᠣᠴᠢ ᠡᠴᠨ ᠂ ᠭᠠᠳᠠᠭ᠍ᠰᠢ ᠭᠠᠷᠬᠤ᠎ᠳᠤ ᠲᠥᠬᠥᠮ ᠤᠨ ᠲᠤᠰᠠᠳᠠ᠂ ᠨᠠᠢᠵᠠ ᠵᠢᠨ ᠵᠢᠨᠨ ᠮᠠᠷᠳᠠᠨ ᠤᠷᠬᠢᠬᠰᠠᠨ ᠬᠤᠭᠤᠰᠤᠨ ᠦᠨᠡᠮᠯᠡᠯ ᠲᠡᠭᠡᠷ᠎ᠠ ᠥᠪᠡᠷ᠎ᠦᠨ ᠮᠠᠰᠢᠨ ᠲᠡᠷᠭᠡᠨ᠎ᠦ ᠮᠡᠳᠡᠭᠡ ᠵᠠᠩᠭᠢ ᠵᠢᠴᠢ ᠥᠪᠡᠷ᠎ᠦᠨ ᠠᠵᠢᠯᠯᠠᠵᠤ ᠪᠠᠢᠭ᠎ᠠ ᠪᠠᠢᠭᠤᠯᠭ᠎ᠠ᠎ᠪᠡᠨ 《ᠳᠣᠲᠣᠭᠠᠳᠤ ᠶ᠋ᠢ ᠬᠠᠮᠠᠭᠠᠯᠠᠬᠤ ᠪᠠᠢᠭᠤᠯᠭ᠎ᠠ》 ᠭᠡᠵᠦ᠍ ᠲᠠᠬᠯᠠᠬᠰᠠᠨ ᠬᠡᠷᠡᠭ ᠵᠢᠡᠨ ᠦᠴᠢᠭᠯᠡᠨ ᠲᠤᠰᠢᠶᠠᠪᠠ᠃ ᠣᠳᠣᠬᠠᠨ᠎ᠳᠤ ᠂ ᠲᠣᠰ ᠬᠠᠭᠤᠷᠮᠠᠭ᠍ᠯᠠᠨ ᠵᠣᠬᠢᠶᠠᠭ᠍ᠰᠠᠨ ᠲᠡᠷᠭᠡ ᠨᠡᠪᠳᠡᠷᠡᠬᠦ ᠦᠨᠡᠮᠯᠡᠯ ᠢ ᠨᠢᠭᠡᠨᠲᠡ ᠬᠠᠤᠯᠢ ᠶᠣᠰᠣᠭᠠᠷ ᠬᠣᠷᠢᠶᠠᠨ ᠠᠪᠴᠤ᠌ ᠂ ᠬᠡᠷᠡᠭ᠎ᠲᠦ ᠬᠣᠯᠪᠣᠭ᠍ᠳᠠᠭ᠍ᠰᠠᠨ ᠵᠢᠯᠣᠭᠣᠴᠢ᠎ᠶ᠋ᠢ ᠬᠣᠯᠪᠣᠭ᠍ᠳᠠᠯ ᠪᠥᠬᠥᠶ ᠰᠠᠯᠠᠭ᠎ᠠ ᠮᠥᠴᠢᠷ᠎ᠲᠦ ᠱᠢᠯᠵᠢᠭᠦᠯᠦᠨ ᠲᠤᠱᠢᠶᠠᠵᠤ ᠱᠢᠶ᠋ᠳᠪᠦᠷᠢᠯᠡᠭᠦᠯᠪᠡ᠃
ᠬᠢᠩᠭᠠᠨ ᠠᠢᠮᠠᠭ᠎ᠤᠨ ᠵᠠᠯᠠᠢᠳ ᠬᠣᠱᠢᠭᠤᠨ᠎ᠤ ᠢᠨᠳᠡᠷ ᠪᠠᠯᠭᠠᠰᠤᠨ᠎ᠤ ᠨᠢᠭᠡᠨ ᠰᠠᠭᠤᠭᠠᠯᠢ ᠠᠷᠠᠳ᠎ᠤᠨ ᠲᠣᠭᠣᠷᠢᠭ᠎ᠤᠨ ᠯᠢ ᠣᠪᠣᠭ᠍ᠲᠤ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠬᠠᠮᠢᠶᠠᠷᠤᠯᠲᠠ᠎ᠶ᠋ᠢᠨ ᠲᠣᠭ᠍ᠲᠠᠭᠠᠯ᠎ᠢ ᠥᠯᠥ᠍ ᠬᠠᠢᠬᠤᠷᠤᠨ᠂ ᠮᠠᠱᠢᠨ ᠲᠡᠷᠭᠡ ᠵᠢᠯᠣᠭᠣᠳᠭᠤ ᠦᠨᠡᠮᠯᠡᠯ ᠥᠬᠡᠶ ᠪᠠᠢᠳᠠᠯ ᠳᠤᠤᠷ᠎ᠠ᠂ ᠮᠠᠱᠢᠨ ᠲᠡᠷᠭᠡ ᠵᠢᠯᠣᠭᠣᠳᠤᠨ ᠰᠠᠭᠤᠭᠠᠯᠢ ᠠᠷᠠᠳ᠎ᠤᠨ ᠲᠣᠭᠣᠷᠢᠭ ᠡᠴᠨ ᠵᠤᠷᠢᠭᠤᠳᠠ ᠭᠠᠷᠴᠠᠢ᠃ ᠯᠢ ᠣᠪᠣᠭ᠍ᠲᠤ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠬᠠᠮᠢᠶᠠᠷᠤᠯᠲᠠ᠎ᠶ᠋ᠢᠨ ᠲᠣᠭ᠍ᠲᠠᠭᠠᠯ᠎ᠢ ᠵᠢᠷᠤᠮᠯᠡᠬᠤ ᠥᠬᠡᠶ ᠮᠦᠷᠳᠡᠭᠡᠨ ᠦᠨᠡᠮᠯᠡᠯ ᠥᠬᠡᠶ᠎ᠪᠡᠷ ᠮᠠᠰᠢᠨ ᠲᠡᠷᠭᠡ ᠵᠢᠯᠣᠭᠣᠳᠤᠬᠰᠠᠨ ᠡᠴᠨ ᠬᠢᠩᠭᠠᠨ ᠠᠢᠮᠠᠭ᠎ᠤᠨ ᠵᠠᠯᠠᠢᠳ ᠬᠣᠱᠢᠭᠤᠨ᠎ᠤ ᠳᠣᠲᠣᠭᠠᠳᠤ᠎ᠶ᠋ᠢ ᠬᠠᠮᠠᠭᠠᠯᠠᠬᠤ ᠲᠣᠪᠴᠢᠶ᠎ᠠ ᠬᠠᠤᠯᠢ ᠶᠣᠰᠣᠭᠠᠷ ᠲᠡᠭᠦᠨ᠎ᠳᠦ 20 ᠡᠳᠦᠷ ᠤ᠋ᠨ ᠵᠠᠰᠠᠭ ᠵᠠᠬᠢᠷᠭᠠᠨ᠎ᠢᠶᠠᠷ ᠲᠦᠷ ᠬᠣᠷᠢᠬᠤ ᠶ᠋ᠢᠨ ᠬᠠᠮᠲᠤ 2000 ᠲᠥᠭᠥᠷᠢᠭ ᠢᠶᠠᠷ ᠲᠣᠷᠭᠠᠬᠤ ᠱᠢᠶ᠋ᠳᠭᠡᠯ ᠥᠭ᠌ᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠴᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃