ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠮᠡᠳᠡᠭᠡᠯᠡᠯ

2022-11-14 17:42:49

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

11 ᠰᠠᠷ᠎ᠠ᠎ᠶ᠋ᠢᠨ 13᠎ᠤ᠋ ᠡᠳᠦᠷ᠂ ᠬᠣᠲᠠ᠎ᠶ᠋ᠢᠨ ᠠᠷᠠᠳ ᠭᠡᠷ᠎ᠤᠨ ᠬᠦᠮᠦᠨ ᠨᠢ ᠪᠥᠭᠡᠮ ᠬᠦᠴᠢᠯ᠎ᠦ᠋ᠨ ᠦᠯᠢᠭᠡᠷ ᠠᠪᠬᠤ ᠠᠵᠢᠯᠯᠠᠭ᠎ᠠ᠎ᠳ᠋ᠤ᠌ ᠣᠷᠣᠯᠴᠠᠭᠰᠠᠨ ᠦᠭᠡᠢ ᠪᠠᠢᠳᠠᠯ᠎ᠠ ᠪᠥᠭᠡᠮ ᠬᠦᠴᠢᠯ᠎ᠦ᠋ᠨ ᠪᠠᠢᠴᠠᠭᠠᠯᠲᠠ ᠵᠢᠨ ᠳ᠋ᠦᠩ ᠢᠯᠡᠷᠡᠵᠦ ᠪᠠᠢᠬᠤ ᠠᠰᠠᠭᠤᠳᠠᠯ᠎ᠢ ᠲᠤᠰᠬᠠᠵᠠᠢ᠃

ᠲᠤᠰ ᠠᠰᠠᠭᠤᠳᠠᠯ᠎ᠳ᠋ᠤ᠌ ᠴᠢᠭᠯᠡᠭᠦᠯᠦᠨ᠂ ᠵᠢᠨᠢᠩ ᠲᠣᠭᠣᠷᠢᠭ᠎ᠤ᠋ᠨ ᠰᠢᠨ᠎ᠡ ᠲᠢᠳᠢᠮᠯᠢᠭ ᠠᠭᠤᠰᠬᠢᠨ ᠦᠷᠪᠢᠰᠦᠯ᠎ᠦ᠋ᠨ ᠬᠢᠵᠢᠭ᠎ᠤᠨ ᠪᠠᠢᠳᠠᠯ᠎ᠢ᠋ ᠰᠡᠷᠭᠡᠢᠯᠡᠨ ᠡᠵᠡᠮᠳᠡᠬᠦ ᠠᠵᠢᠯ᠎ᠤ᠋ᠨ ᠵᠢᠯᠣᠭᠣᠳᠬᠤ ᠭᠠᠵᠠᠷ ᠦᠳᠲᠡᠷ ᠲᠦᠷᠭᠡᠨ ᠪᠠᠢᠴᠠᠭᠠᠨ ᠬᠢᠨᠠᠨ ᠬᠠᠷᠭᠤᠭᠤᠯᠪᠠ᠃ ᠪᠠᠢᠴᠠᠭᠠᠭᠰᠠᠨ᠎ᠢ᠋ᠶ᠋ᠠᠷ᠂ ᠬᠤᠯᠪᠤᠭ᠎ᠠ ᠠᠪᠤᠭᠴᠢ ᠵᠢᠨ ᠳᠠᠷᠤᠭ᠎ᠠ ᠭᠧ **᠂ ᠵᠠᠩ **᠂ ᠵᠠᠩ * ᠨᠠᠷ ᠬᠤ᠌ ᠱᠠᠨ ᠵᠡᠭᠡᠯᠢ ᠭᠤᠳᠤᠮᠵᠢ᠎ᠶ᠋ᠢᠨ ᠲᠢᠶᠠᠨ ᠴᠧᠩ ᠶᠢᠨ ᠱᠢᠶᠠᠩ ᠰᠠᠭᠤᠭᠠᠯᠢ ᠲᠣᠭᠣᠷᠢᠭ᠎ᠤ᠋ᠨ ᠭᠤᠴᠢ ᠶᠢᠰᠦᠳᠦᠭᠡᠷ ᠪᠦᠭᠡᠮ ᠬᠦᠴᠢᠯ᠎ᠤᠨ ᠦᠯᠢᠭᠡᠷ ᠠᠪᠬᠤ ᠴᠡᠭ᠎ᠦ᠋ᠨ ᠠᠵᠢᠯ᠎ᠢ᠋ ᠬᠠᠷᠢᠭᠤᠴᠠᠵᠠᠢ᠃ 11 ᠰᠠᠷ᠎ᠠ᠎ᠶ᠋ᠢᠨ 12᠎ᠤ᠋ᠨ ᠡᠳᠦᠷ᠂ ᠲᠤᠰ ᠦᠯᠢᠭᠡᠷ ᠠᠪᠬᠤ ᠴᠡᠭ᠎ᠦ᠋ᠨ ᠬᠢᠨ ᠪᠥᠭᠡᠮ ᠬᠦᠴᠢᠯ᠎ᠦ᠋ᠨ ᠦᠯᠢᠭᠡᠷ ᠠᠪᠴᠤ ᠳᠠᠭᠤᠰᠤᠭᠰᠠᠨ ᠳᠠᠷᠠᠭ᠎ᠠ᠂ ᠮᠡᠳᠡᠭᠡ ᠵᠠᠩᠭᠢ᠎ᠶ᠋ᠢ ᠬᠠᠷᠢᠴᠠᠭᠤᠯᠬᠤ ᠪᠡᠷ ᠳᠠᠮᠵᠢᠨ᠂ ᠵᠠᠩ ᠣᠪᠣᠭᠲᠤ (ᠢᠯᠡᠴᠢᠯᠡᠨ ᠮᠡᠳᠡᠭᠦᠯᠦᠭᠰᠡᠨ ᠬᠥᠮᠦᠨ᠎ᠦ᠌ ᠭᠡᠷ᠎ᠤᠨ ᠬᠦᠮᠦᠨ) ᠲᠤᠰ ᠡᠳᠦᠷ᠎ᠦ᠋ᠨ ᠪᠥᠭᠡᠮ ᠬᠦᠴᠢᠯ᠎ᠦ᠋ᠨ ᠦᠯᠢᠭᠡᠷ ᠠᠪᠬᠤ᠎ᠳ᠋ᠤ᠌ ᠣᠷᠣᠯᠴᠠᠭᠰᠠᠨ ᠦᠭᠡᠢ ᠵᠢ ᠮᠡᠳᠡᠵᠡᠢ᠂ ᠭᠡᠪᠡᠴᠦ ᠭᠧ **᠂ ᠵᠠᠩ **᠂ ᠵᠠᠩ * ᠲᠣᠭᠲᠠᠭᠠᠯ ᠶᠣᠰᠣᠭᠠᠷ ᠨᠥᠬᠥᠵᠦ ᠦᠯᠢᠭᠡᠷ ᠠᠪᠤᠭᠰᠠᠨ ᠦᠭᠡᠢ᠂ ᠬᠠᠷᠢᠨ ᠮᠧᠩ ᠰᠤ᠌ ᠪᠠᠨ APP᠎ᠤᠨ《ᠰᠢᠨ᠎ᠡ᠎ᠪᠡᠷ ᠬᠦᠮᠦᠨ ᠨᠡᠮᠡᠬᠦ》 ᠴᠢᠳᠠᠮᠵᠢ᠎ᠶ᠋ᠢ ᠠᠰᠢᠭᠯᠠᠨ ᠵᠠᠩ **᠎ᠶ᠋ᠢᠨ ᠮᠡᠳᠡᠭᠡ ᠵᠠᠩᠭᠢ᠎ᠶ᠋ᠢ ᠴᠤᠭᠯᠠᠭᠤᠯᠵᠤ᠂ ᠲᠤᠰ ᠦᠯᠢᠭᠡᠷ ᠠᠪᠬᠤ ᠬᠤᠷᠤᠭᠤ ᠰᠢᠯ᠎ᠢ ᠪᠢᠲᠡᠭᠦᠮᠵᠢᠯᠡᠨ᠂ ᠪᠠᠢᠴᠠᠭᠠᠯᠭᠠᠬᠤ ᠪᠡᠷ ᠬᠦᠷᠭᠡᠭᠰᠡᠨ ᠪᠠᠢᠨ᠎ᠠ᠃

ᠲᠤᠰ ᠠᠰᠠᠭᠤᠳᠠᠯ᠎ᠤ᠋ᠨ ᠰᠢᠨᠵᠢ ᠴᠢᠨᠠᠷ ᠨᠢ ᠨᠤᠴᠢᠲᠠᠢ᠂ ᠮᠠᠨ᠎ᠤ᠋ ᠣᠷᠣᠨ᠎ᠤ᠋ ᠬᠢᠵᠢᠭ᠎ᠢ᠋ ᠰᠡᠷᠭᠡᠢᠯᠡᠨ ᠡᠵᠡᠮᠳᠡᠬᠦ ᠠᠵᠢᠯ᠎ᠳ᠋ᠤ᠌ ᠵᠣᠬᠢᠬᠤ ᠡᠰᠡᠷᠭᠦ ᠲᠠᠯ᠎ᠠ᠎ᠶ᠋ᠢᠨ ᠨᠥᠯᠥᠭᠡ ᠦᠵᠡᠭᠦᠯᠦᠭᠰᠡᠨ ᠶᠤᠮ᠃ ᠴᠡᠭ ᠎ᠤᠨ ᠳᠠᠷᠤᠭ᠎ᠠ ᠴᠸᠨ ᠣᠪᠣᠭᠲᠤ ᠠᠵᠢᠯ᠎ᠢ᠋ᠶ᠋ᠠᠨ ᠨᠠᠷᠢᠨ ᠬᠢᠨᠠᠮᠠᠭᠠᠢ ᠬᠢᠭᠰᠡᠨ ᠦᠭᠡᠢ᠂ ᠦᠯᠢᠭᠡᠷ ᠠᠪᠬᠤ ᠠᠵᠢᠯ᠎ᠢ᠋ ᠴᠢᠩᠭ᠎ᠠ ᠬᠢᠨᠠᠵᠤ ᠬᠠᠮᠢᠶᠠᠷᠤᠭᠰᠠᠨ ᠦᠭᠡᠢ᠂ ᠤᠳᠤᠷᠢᠳᠬᠤ ᠬᠠᠷᠢᠭᠤᠴᠠᠯᠭ᠎ᠠ ᠳ᠋ᠠᠭᠠᠨ ᠤᠰᠤᠯᠳᠠᠭᠰᠠᠨ ᠪᠤᠯᠬᠤᠷ ᠲᠤᠭᠤᠷᠢᠭ᠎ᠤᠨ ᠰᠠᠭᠤᠭᠠᠯᠢ ᠠᠷᠠᠳ᠎ᠤᠨ ᠪᠠᠲᠤᠯᠠᠭ᠎ᠠ ᠵᠢᠨ ᠲᠥᠪ᠎ᠡᠴᠡ ᠴᠸᠨ ᠣᠪᠣᠭᠲᠤ᠎ᠳ᠋ᠤ᠌ ᠰᠡᠷᠡᠮᠵᠢᠯᠡᠭᠦᠯᠬᠦ ᠰᠢᠢᠳᠬᠡᠯ ᠥᠭᠴᠡᠢ᠃ ᠭᠧ ** ᠂ ᠵᠠᠩ **᠂ ᠵᠠᠩ * ᠨᠠᠷ ᠠᠵᠢᠯ ᠳ᠋ᠠᠭᠠᠨ ᠬᠠᠷᠢᠭᠤᠴᠠᠯᠭ᠎ᠠ ᠦᠭᠡᠢ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠭᠰᠠᠨ ᠡᠴᠡ ᠬᠤ᠌ ᠱᠠᠨ ᠵᠡᠭᠡᠯᠢ ᠭᠤᠳᠤᠮᠵᠢ᠎ᠶ᠋ᠢᠨ ᠬᠡᠷᠡᠭ ᠡᠷᠬᠢᠯᠡᠬᠦ ᠭᠠᠵᠠᠷ ᠡᠴᠡ ᠭᠧ ** ᠂ ᠵᠠᠩ **᠎ᠶ᠋ᠢ ᠠᠵᠢᠯ᠎ᠠ᠋ᠴᠠ ᠨᠢ ᠬᠥᠭᠡᠭᠡᠬᠦ ᠰᠢᠢᠳᠬᠡᠯ ᠥᠭᠴᠦ᠂ ᠲᠣᠭᠣᠷᠢᠭ᠎ᠤ᠋ᠨ ᠠᠵᠢᠯ ᠣᠯᠭᠣᠯᠲᠠ᠎ᠶ᠋ᠢᠨ ᠦᠢᠯᠡᠴᠢᠯᠡᠭᠡᠨ᠎ᠦ᠌ ᠲᠥᠪ ᠨᠢ ᠵᠠᠩ *᠎ᠶ᠋ᠢ ᠠᠵᠢᠯ᠎ᠠ᠋ᠴᠠ ᠨᠢ ᠪᠠᠭᠤᠯᠭᠠᠬᠤ ᠰᠢᠢᠳᠬᠡᠯ ᠥᠭᠴᠡᠢ ᠃

ᠵᠢᠨᠢᠩ ᠲᠣᠭᠣᠷᠢᠭ᠎ᠤ᠋ᠨ ᠰᠢᠨ᠎ᠡ ᠲᠢᠳᠢᠮᠯᠢᠭ ᠠᠭᠤᠰᠬᠢᠨ ᠦᠷᠪᠢᠰᠦᠯ᠎ᠤᠨ

ᠬᠢᠵᠢᠭ᠎ᠦ᠋ᠨ ᠪᠠᠢᠳᠠᠯ᠎ᠢ᠋ ᠰᠡᠷᠭᠡᠢᠯᠡᠨ ᠡᠵᠡᠮᠳᠡᠬᠦ ᠵᠢᠯᠣᠭᠣᠳᠬᠤ ᠭᠠᠵᠠᠷ

2022 ᠣᠨ᠎ᠤ᠋ 11 ᠰᠠᠷ᠎ᠠ᠎ᠶ᠋ᠢᠨ 13 ᠤ᠋ ᠡᠳᠦᠷ

ᠢᠷᠡᠯᠲᠡ ᠄ ᠵᠢᠨᠢᠩ ᠲᠣᠭᠣᠷᠢᠭ᠎ᠤ᠋ᠨ ᠰᠢᠨ᠎ᠡ ᠲᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠦ᠋ᠨ ᠪᠠᠢᠳᠠᠯ᠎ᠢ᠋ ᠰᠡᠷᠭᠡᠢᠯᠡᠨ ᠡᠵᠡᠮᠳᠡᠬᠦ ᠵᠢᠯᠣᠭᠣᠳᠬᠤ ᠭᠠᠵᠠᠷ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠴᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面