2022-11-15 20:26:51
ᠡᠯ᠎ᠡ ᠲᠠᠯ᠎ᠠ᠎ᠶᠢᠨ ᠬᠢᠨ᠎ᠤ ᠴᠢᠷᠮᠠᠢᠯᠭ᠎ᠠ᠎ᠪᠠᠷ ᠬᠥᠬᠡᠬᠣᠲᠠ᠎ᠶᠢᠨ ᠬᠢᠵᠢᠭ᠌᠎ᠦᠨ ᠪᠠᠢᠳᠠᠯ᠎ᠤᠨ ᠲᠦᠷᠬᠡᠨ ᠳᠡᠯᠭᠡᠷᠡᠬᠦ ᠬᠠᠨᠳᠤᠰᠢ ᠬᠣᠷᠢᠭ᠍ᠯᠠᠭᠳᠠᠪᠠ᠃ ᠭᠡᠪᠡᠴᠦ ᠣᠳᠣᠬᠠᠨ᠎ᠳᠤ ᠬᠢᠵᠢᠭ᠌᠎ᠦᠨ ᠬᠠᠯᠳᠠᠪᠤᠷᠢᠯᠠᠯ ᠪᠠᠭᠤᠷᠠᠬᠤ ᠦᠬᠡᠢ ᠪᠠᠢᠵᠦ᠂ ᠨᠡᠢᠭᠡᠮ᠎ᠦᠨ ᠲᠠᠯ᠎ᠠ᠎ᠳᠤ ᠳᠠᠷᠬᠠᠨ ᠳᠡᠯᠭᠡᠷᠡᠬᠦ ᠠᠶᠤᠯ ᠲᠦᠭᠰᠢᠭᠦᠷᠢ ᠪᠠᠰᠠ ᠣᠷᠣᠰᠢᠵᠤ ᠪᠠᠢᠨ᠎ᠠ᠃ ᠡᠢᠮᠦ ᠪᠠᠢᠳᠠᠯ᠎ᠢ ᠪᠤᠢ ᠪᠣᠯᠭᠠᠭᠰᠠᠨ ᠰᠢᠯᠲᠠᠭᠠᠨ ᠨᠢ ᠶᠠᠭᠤ ᠪᠤᠢ? ᠬᠥᠬᠡᠬᠣᠲᠠ᠎ᠶᠢᠨ ᠬᠢᠵᠢᠭ᠌᠎ᠤᠨ ᠪᠠᠢᠳᠠᠯ᠎ᠢ ᠬᠡᠵᠢᠶ᠎ᠡ ᠨᠡᠢᠭᠡᠮ᠎ᠦᠨ ᠲᠠᠯ᠎ᠠ᠎ᠳᠦ ᠦᠬᠡᠢ ᠪᠤᠯᠭᠠᠵᠦ ᠳᠡᠢᠯᠬᠦ ᠪᠤᠢ? 11 ᠰᠠᠷ᠎ᠠ᠎ᠶᠢᠨ 13 ᠤ ᠣᠷᠣᠢ᠂ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ᠎ᠦᠨ ᠡᠷᠬᠢᠯᠡᠭᠴᠢ ᠰᠢᠦᠢ ᠬᠣᠩ ᡁᠢᠡᠨᠡ ᠳᠤᠬᠠᠢ ᠰᠤᠷᠪᠤᠯᠵᠢᠯᠠᠭ᠎ᠠ ᠬᠦᠯᠢᠶᠡᠯ᠎ᠠ᠃
ᠰᠢᠦᠢ ᠬᠣᠩ ᡁᠢ ᠬᠡᠯᠡᠬᠦ ᠳᠡᠭᠡᠨ᠂ ᠣᠳᠣᠬᠠᠨ᠎ᠳᠤ ᠬᠥᠬᠡᠬᠣᠲᠠ᠎ᠶᠢᠨ ᠣᠯᠠᠩᠬᠢ ᠬᠠᠯᠳᠠᠪᠤᠷᠢᠯᠠᠭᠳᠠᠭᠴᠢ ᠨᠢ ᠴᠥᠮ ᠲᠤᠰᠠᠭᠠᠷᠯᠠᠬᠤ ᠴᠡᠭ ᠪᠠ ᠠᠶᠤᠯ ᠲᠦᠭᠰᠢᠭᠦᠷᠢ ᠶᠡᠬᠡᠲᠡᠢ ᠬᠠᠮᠢᠶᠠᠷᠤᠨ ᠡᠵᠡᠮᠳᠡᠬᠦ ᠣᠷᠣᠨ᠎ᠡᠴᠡ ᠭᠠᠷᠤᠭᠰᠠᠨ ᠪᠣᠯᠪᠠᠴᠤ ᠠᠶᠤᠯ ᠲᠦᠭᠰᠢᠭᠦᠷᠢ ᠪᠠᠭᠠᠲᠠᠢ ᠨᠡᠢᠬᠡᠮ ᠲᠣᠭᠣᠷᠢᠭ᠋᠎ᠡᠴᠡ ᠮᠥᠨ ᠬᠦ᠌ ᠡᠳᠦᠷ ᠪᠦᠷᠢ ᠬᠡᠳᠦᠨ ᠠᠷᠪᠠ ᠪᠡᠷ ᠭᠠᠷᠴᠦ ᠪᠠᠢᠨ᠎ᠠ᠂ ᠡᠨᠡ ᠨᠢ ᠨᠡᠢᠭᠡᠮ ᠲᠣᠭᠣᠷᠢᠭ᠋᠎ᠤᠨ ᠬᠠᠯᠳᠠᠪᠤᠷᠢᠯᠠᠯ᠎ᠢ ᠲᠠᠰᠤᠯᠤᠭᠠᠳᠤᠢ ᠪᠠᠢᠬᠤ᠎ᠶᠢ ᠬᠠᠷᠠᠭᠤᠯᠵᠤ ᠪᠠᠢᠨ᠎ᠠ᠃ ᠡᠢᠮᠦᠷᠬᠦᠦ ᠪᠠᠢᠳᠠᠯ᠎ᠢ ᠪᠤᠢ ᠪᠣᠯᠭᠠᠭᠰᠠᠨ ᠨᠢ ᠭᠣᠣᠯᠳᠠᠭᠤ ᠬᠡᠳᠦᠨ ᠲᠠᠯ᠎ᠠ᠎ᠶᠢᠨ ᠰᠢᠯᠲᠠᠭᠠᠨ᠎ᠲᠠᠢ᠄ ᠨᠢᠭ᠍ᠲᠠ ᠦᠢᠷᠠᠳᠤᠭᠴᠢ ᠵᠢ ᠴᠠᠭ ᠲᠤᠬᠠᠢ ᠳ᠋ᠤᠨᠢ ᠰᠢᠯᠵᠢᠭᠦᠯᠦᠨ ᠬᠦᠷᠭᠡᠵᠦ ᠳᠡᠶ᠋ᠢᠯᠬᠦ ᠦᠭᠡᠢ᠂ ᠠᠷᠭ᠎ᠠ ᠴᠢᠨᠠᠷᠲᠠᠢ ᠬᠠᠯᠳᠠᠪᠤᠷᠢᠯᠠᠭ᠍ᠳᠠᠭᠴᠢ ᠵᠢ ᠴᠠᠭ ᠲᠤᠬᠠᠢ ᠳ᠋ᠤᠨᠢ ᠲᠣᠭᠲᠠᠭᠰᠠᠨ ᠡᠮᠨᠡᠯᠭᠡ᠎ᠶᠢᠨ ᠬᠣᠷᠢᠶ᠎ᠠ ᠪᠤᠶᠤ ᠴᠢᠩᠭᠡᠯᠢᠭ ᠡᠮᠨᠡᠯᠭᠡ᠎ᠶᠢᠨ ᠬᠣᠷᠢᠶ᠎ᠠ᠎ᠳᠤ ᠬᠦᠷᠬᠡᠵᠦ ᠠᠪᠤᠷᠠᠨ ᠵᠠᠰᠠᠵᠤ ᠳᠡᠶ᠋ᠢᠯᠬᠦ ᠦᠭᠡᠢ᠂ ᠨᠡᠢᠭᠡᠮ ᠲᠣᠭᠣᠷᠢᠭ᠋᠎ᠤᠨ ᠬᠠᠮᠢᠶᠠᠷᠤᠯᠲᠠ ᠡᠵᠡᠮᠳᠡᠯ᠎ᠳᠦ ᠪᠠᠰᠠ ᠬᠦᠷᠦᠯᠴᠡᠬᠦ ᠦᠭᠡᠢ ᠳᠠᠯ᠎ᠠ ᠪᠠᠢᠬᠤ ᠵᠡᠷᠭᠡ ᠠᠰᠠᠭᠤᠳᠠᠯ ᠣᠷᠣᠰᠢᠵᠤ ᠪᠠᠢᠭ᠎ᠠ ᠡᠴᠡ ᠪᠤᠯᠵᠠᠢ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ᠎ᠤ ᠬᠢᠵᠢᠭ᠌᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠵᠢᠯᠤᠭᠣᠳᠬᠤ ᠭᠠᠵᠠᠷ ᠬᠥᠬᠡᠬᠣᠲᠠ᠎ᠳᠤ ᠭᠦᠨᠵᠡᠭᠡᠢᠷᠡᠨ ᠬᠠᠮᠳᠤᠷᠠᠨ ᠠᠵᠢᠯᠯᠠᠵᠤ᠂ ᠵᠢᠯᠤᠭᠣᠳᠬᠤ ᠰᠢᠰᠲᠧᠮ᠎ᠢ ᠰᠢᠯᠤᠭᠤᠳᠬᠠᠨ ᠴᠢᠩᠭᠠᠳᠬᠠᠵᠤ᠂ ᠮᠤᠵᠢ᠎ᠶᠢᠨ ᠱᠠᠲᠤᠨ᠎ᠤ ᠤᠳᠤᠷᠢᠳᠤᠯᠭ᠎ᠠ ᠲᠦᠷᠦᠭᠦᠯᠡᠨ ᠡᠯ᠎ᠡ ᠠᠵᠢᠯᠯᠠᠬᠤ ᠳᠤᠭᠤᠢᠯᠠᠩ᠎ᠢ ᠳᠠᠭᠠᠭᠤᠯᠤᠨ ᠨᠢᠭᠡᠳᠦᠭᠡᠷ ᠹᠷᠣᠨᠲ᠎ᠲᠤ ᠭᠦᠨᠵᠡᠭᠡᠢᠷᠡᠨ ᠵᠢᠯᠣᠭᠣᠳᠤᠨ ᠲᠣᠬᠢᠷᠠᠭᠤᠯᠵᠤ᠂ ᠵᠢᠯᠣᠭᠣᠳᠤᠭ᠍ᠴᠢ ᠮᠦᠷᠳᠡᠭᠡᠨ ᠪᠠᠢᠯᠳᠤᠭ᠍ᠴᠢ ᠪᠣᠯᠵᠤ᠂ ᠰᠡᠷᠭᠡᠢᠯᠡᠨ ᠡᠵᠡᠮᠳᠡᠬᠦ ᠪᠠᠢᠳᠠᠯ᠎ᠢ ᠲᠦᠷᠭᠡᠬᠡᠨ ᠬᠤᠪᠢᠷᠠᠭᠤᠯᠬᠤ᠎ᠪᠠᠷ ᠴᠢᠷᠮᠠᠢᠪᠠ᠃
《ᠨᠡᠢᠭᠡᠮ᠎ᠦᠨ ᠲᠠᠯ᠎ᠠ᠎ᠳᠤ ᠪᠠᠰᠠ ᠠᠷᠭ᠎ᠠ ᠴᠢᠨᠠᠷᠲᠠᠢ ᠬᠠᠯᠳᠠᠪᠤᠷᠢᠯᠠᠭᠳᠠᠭᠴᠢ ᠪᠠᠢᠬᠤ ᠠᠰᠠᠭᠤᠳᠠᠯ᠎ᠳᠤ ᠴᠢᠭᠯᠡᠭᠦᠯᠦᠨ᠂ ᠬᠢᠵᠢᠭ᠌᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠵᠢᠯᠤᠭᠣᠳᠬᠤ ᠭᠠᠵᠠᠷ ᠲᠤᠰᠬᠠᠢᠯᠠᠨ 〈ᠭᠤᠷᠪᠠᠨ ᠲᠦᠷᠭᠡᠨ ᠨᠢᠭᠡ ᠴᠢᠩᠭ᠎ᠠ〉 ᠶᠢ ᠳᠤᠷᠠᠳᠴᠤ᠂ ᠲᠦᠷᠭᠡᠨ ᠪᠠᠢᠴᠠᠭᠠᠬᠤ᠂ ᠲᠦᠷᠭᠡᠨ ᠰᠢᠯᠵᠢᠭᠦᠯᠬᠦ᠂ ᠲᠦᠷᠭᠡᠨ ᠲᠤᠰᠠᠭᠠᠷᠯᠠᠬᠤ᠂ ᠴᠢᠩᠭ᠎ᠠ ᠬᠠᠮᠢᠶᠠᠷᠬᠤ᠎ᠳᠤ ᠬᠦᠴᠦ ᠪᠡᠨ ᠲᠥᠪᠯᠡᠷᠡᠭᠦᠯᠵᠦ᠂ ᠳᠣᠣᠷ᠎ᠠ᠎ᠠᠴᠠ ᠳᠡᠭᠡᠭᠰᠢ᠎ᠪᠡᠨ ᠠᠵᠢᠯ᠎ᠤᠨ ᠬᠠᠷᠢᠭᠤᠴᠠᠯᠭ᠎ᠠ᠎ᠪᠠᠨ ᠰᠠᠬᠢᠬᠤ᠂ ᠠᠵᠢᠯ᠎ᠤᠨ ᠬᠠᠷᠢᠭᠤᠴᠠᠯᠭ᠎ᠠ᠎ᠪᠠᠨ ᠡᠭᠦᠷᠭᠡᠯᠡᠵᠦ᠂ ᠬᠠᠷᠢᠭᠤᠴᠠᠯᠭ᠎ᠠ᠎ᠶᠢ ᠪᠣᠳᠠᠲᠠᠢᠵᠢᠭᠤᠯᠤᠨ᠂ ᠠᠷᠭ᠎ᠠ ᠬᠡᠮᠵᠢᠶ᠎ᠡ᠎ᠶᠢ ᠨᠠᠢᠳᠠᠪᠤᠷᠢᠵᠢᠭᠤᠯᠵᠤ᠂ ᠨᠡᠢᠭᠡᠮ᠎ᠦᠨ ᠲᠠᠯ᠎ᠠ ᠡᠴᠡ ᠠᠷᠢᠯᠭᠠᠬᠤ ᠵᠢ ᠲᠦᠷᠭᠡᠨ ᠪᠡᠶᠡᠯᠡᠭᠦᠯᠬᠦ ᠵᠢ ᠱᠠᠭᠠᠷᠳᠠᠵᠠᠢ》 ᠭᠡᠵᠦ ᠰᠢᠦᠢ ᠬᠣᠩ ᡁᠢ ᠬᠡᠯᠡᠪᠡ᠃
ᠲᠡᠷᠡ ᠲᠠᠨᠢᠯᠴᠠᠭᠤᠯᠬᠤ ᠳᠠᠭᠠᠨ᠂ ᠵᠢᠯᠤᠭᠣᠳᠬᠤ ᠭᠠᠵᠠᠷ᠎ᠤᠨ ᠪᠠᠢᠷᠢᠯᠠᠭᠤᠯᠤᠯᠲᠠ ᠶᠣᠰᠣᠭᠠᠷ᠂ ᠪᠥᠭᠡᠮ ᠬᠦᠴᠢᠯ᠎ᠦᠨ ᠪᠠᠢᠴᠠᠭᠠᠯᠲᠠ᠎ᠶᠢ 24 ᠴᠠᠭ᠎ᠤᠨ ᠲᠤᠳᠤᠷ᠎ᠠ ᠪᠡᠶᠡᠯᠡᠭᠦᠯᠵᠦ᠂ ᠨᠢᠭ᠍ᠲᠠ ᠦᠢᠷᠠᠳᠤᠭᠴᠢ ᠵᠢ ᠲᠤᠬᠠᠢ ᠵᠢᠨ ᠡᠳᠦᠷᠲᠤᠨᠢ ᠰᠢᠯᠵᠢᠭᠦᠯᠵᠤ᠂ ᠠᠷᠭ᠎ᠠ ᠴᠢᠨᠠᠷᠲᠠᠢ ᠬᠠᠯᠳᠠᠪᠤᠷᠢᠯᠠᠭᠳᠠᠭᠴᠢ ᠵᠢ ᠲᠤᠬᠠᠢ᠎ᠶᠢᠨ ᠡᠳᠦᠷ ᠲᠦ᠍ᠨᠢ ᠲᠣᠭᠲᠠᠭᠰᠠᠨ ᠡᠮᠨᠡᠯᠭᠡ᠎ᠶᠢᠨ ᠬᠣᠷᠢᠶ᠎ᠠ ᠪᠤᠶᠤ ᠴᠢᠩᠭᠡᠯᠢᠭ ᠡᠮᠨᠡᠯᠭᠡ᠎ᠶᠢᠨ ᠬᠣᠷᠢᠶ᠎ᠠ᠎ᠳᠤ ᠰᠢᠯᠵᠢᠭᠦᠯᠦᠨ ᠬᠦᠷᠭᠡᠬᠦ ᠬᠡᠷᠡᠭᠲᠡᠢ᠃ ᠡᠭᠦᠨ᠎ᠦ ᠬᠠᠮᠲᠤ᠂ ᠰᠢᠨ᠎ᠡ᠎ᠪᠡᠷ ᠨᠡᠢᠲᠡᠯᠡᠭᠰᠡᠨ ᠬᠣᠷᠢᠨ ᠵᠤᠷᠪᠤᠰ ᠠᠷᠭ᠎ᠠ ᠬᠡᠮᠵᠢᠶ᠎ᠠ ᠵᠢᠨ ᠱᠠᠭᠠᠷᠳᠠᠯᠭ᠎ᠠ ᠶᠣᠰᠣᠭᠠᠷ᠂ ᠦᠨᠳᠦᠷ ᠲᠦᠭᠰᠢᠭᠦᠷᠢᠳᠠᠢ ᠭᠠᠵᠠᠷ ᠣᠷᠣᠨ᠎ᠢ ᠳᠠᠬᠢᠨ ᠡᠮᠬᠢᠯᠡᠨ ᠬᠤᠪᠢᠶᠠᠷᠢᠯᠠᠵᠤ᠂ ᠭᠣᠣᠯᠳᠠᠭᠤ ᠠᠰᠠᠷ᠎ᠢᠶᠠᠷ ᠨᠢᠭᠡᠴᠢ ᠪᠣᠯᠭᠠᠨ᠂ ᠭᠡᠷ᠎ᠡᠴᠡ᠎ᠪᠡᠨ ᠭᠠᠷᠬᠤ ᠦᠭᠡᠢ᠂ ᠭᠡᠷ ᠲᠦ᠍ᠨᠢ ᠬᠦᠷᠴᠦ ᠦᠢᠯᠡᠴᠢᠯᠡᠬᠦ᠎ᠶᠢ ᠴᠢᠩᠭ᠎ᠠ ᠨᠠᠢᠳᠠᠪᠤᠷᠢᠵᠢᠭᠤᠯᠵᠤ᠂ ᠬᠠᠮᠤᠭ᠎ᠤᠨ ᠣᠬᠣᠷ ᠬᠤᠭᠤᠴᠠᠭᠠᠨ᠎ᠳᠤ ᠨᠡᠢᠭᠡᠮ᠎ᠦᠨ ᠲᠠᠯ᠎ᠠ᠎ᠳᠦ ᠦᠬᠡᠢ ᠪᠤᠯᠭᠠᠬᠤ ᠬᠠᠷᠠᠯᠲᠠ ᠵᠢ ᠪᠡᠶᠡᠯᠡᠭᠦᠯᠬᠦ ᠪᠡᠷ ᠴᠢᠷᠮᠠᠢᠨ᠎ᠠ᠃
ᠬᠥᠬᠡᠬᠣᠲᠠ᠎ᠶᠢᠨ ᠨᠡᠢᠭᠡᠮ᠎ᠦᠨ ᠲᠠᠯ᠎ᠠ᠎ᠶᠢᠨ ᠠᠷᠭ᠎ᠠ ᠴᠢᠨᠠᠷᠲᠠᠢ ᠬᠠᠯᠳᠠᠪᠤᠷᠢᠯᠠᠭᠳᠠᠭᠴᠢ ᠵᠢᠨ ᠲᠣᠭ᠎ᠠ ᠲᠠᠰᠤᠷᠠᠯᠲᠠ ᠦᠭᠡᠢ ᠪᠠᠭᠠᠰᠬᠤ᠎ᠶᠢ ᠳᠠᠭᠠᠯᠳᠤᠨ᠂ ᠬᠡᠲᠦ ᠳᠡᠯᠭᠡᠭᠦᠷ᠂ ᠬᠤᠳᠠᠯᠳᠤᠭᠠᠨ᠎ᠤ ᠳᠡᠯᠭᠡᠭᠦᠷ ᠠᠯᠬᠤᠮ ᠠᠯᠬᠤᠮ ᠵᠢᠡᠷ ᠨᠡᠬᠡᠭᠡᠭᠳᠡᠵᠦ᠂ ᠲᠤᠤᠷ᠎ᠠ ᠲᠦᠭᠰᠢᠭᠦᠷᠢᠳᠠᠢ ᠰᠠᠭᠤᠭᠠᠯᠢ ᠲᠣᠭᠣᠷᠢᠭ᠋᠎ᠤᠨ ᠲᠣᠭ᠎ᠠ ᠤᠯᠠᠮ ᠵᠢᠡᠷ ᠨᠡᠮᠡᠭᠳᠡᠵᠦ᠂ ᠬᠣᠲᠠ᠎ᠶᠢᠨ ᠠᠷᠠᠳ᠎ᠤᠨ ᠦᠢᠯᠡᠳᠪᠦᠷᠢᠯᠡᠯ ᠠᠮᠢᠳᠤᠷᠠᠯ ᠶᠠᠭ ᠰᠡᠷᠭᠦᠵᠦ ᠪᠠᠢᠨ᠎ᠠ᠃ 《ᠭᠡᠪᠡᠴᠦ ᠣᠯᠠᠨ᠎ᠢᠶᠠᠷ᠎ᠢᠶᠠᠨ ᠠᠮᠠᠪᠴᠢ᠎ᠪᠠᠨ ᠰᠠᠢᠲᠤᠷ ᠵᠡᠭᠦᠵᠦ᠂ ᠭᠠᠷ᠎ᠢᠶᠠᠨ ᠦᠷᠭᠦᠯᠵᠢ ᠤᠬᠢᠶᠠᠵᠤ᠂ ᠴᠤᠭᠯᠠᠷᠠᠬᠤ ᠦᠭᠡᠢ ᠪᠠᠢᠬᠤ ᠵᠢ ᠡᠷᠬᠡᠪᠰᠢ ᠠᠩᠬᠠᠷᠬᠤ ᠬᠡᠷᠡᠭᠲᠡᠢ》 ᠭᠡᠵᠦ ᠰᠢᠦᠢ ᠬᠣᠩ ᡁᠢ ᠰᠠᠨᠠᠭᠤᠯᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃