ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠮᠡᠳᠡᠭᠡᠯᠡᠯ

2022-11-15 14:25:38

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠰᠤᠷᠪᠤᠯᠵᠢᠯᠠᠭ᠍ᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠦ ᠪᠠᠲᠤᠯᠠᠭ᠎ᠠ᠎ᠶ᠋ᠢᠨ ᠲᠣᠪᠴᠢᠶ᠎ᠠ᠎ᠠᠴᠠ ᠣᠢᠯᠠᠭᠠᠭ᠍ᠰᠠᠨ᠎ᠢᠶᠠᠷ᠂ 11 ᠰᠠᠷ᠎ᠠ᠎ᠶ᠋ᠢᠨ 13 ᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠦ ᠪᠠᠲᠤᠯᠠᠭ᠎ᠠ᠎ᠶ᠋ᠢᠨ ᠲᠣᠪᠴᠢᠶ᠎ᠠ ᠬᠢᠵᠢᠭ᠎ᠦᠨ ᠪᠠᠢᠳᠠᠯ᠎ᠤᠨ ᠬᠤᠭᠤᠴᠠᠭᠠᠨ᠎ᠳᠠᠬᠢ ᠠᠷᠠᠳ᠎ᠲᠤ ᠲᠥᠬᠥᠮ ᠦᠵᠡᠭᠦᠯᠬᠦ᠌ ᠦᠶ᠋ᠯᠡᠴᠢᠯᠡᠭᠡᠨ᠎ᠦ ᠱᠢᠨ᠎ᠡ ᠠᠷᠭ᠎ᠠ ᠬᠡᠮᠵᠢᠶ᠎ᠡ᠎ᠶ᠋ᠢ ᠨᠡᠢᠲᠡᠯᠡᠵᠦ᠍᠂ ᠳᠠᠭᠠᠳᠭᠠᠯ᠎ᠳᠤ ᠣᠷᠣᠯᠴᠠᠭ᠍ᠰᠠᠨ ᠣᠯᠠᠨ ᠲᠦᠮᠡᠨ᠎ᠦ ᠡᠮ ᠡᠮᠨᠡᠯᠭᠡ᠎ᠶ᠋ᠢᠨ ᠵᠠᠷᠤᠳᠠᠯ ᠎ᠤᠨ ᠲᠠᠩᠰᠠ ᠲᠠᠢᠯᠬᠤ ᠬᠦᠴᠢᠷ ᠠᠰᠠᠭᠤᠳᠠᠯ᠎ᠢ ᠦᠨᠡᠨ ᠬᠦ᠌ ᠱᠢᠶ᠋ᠳᠪᠦᠷᠢᠯᠡᠪᠡ᠃

ᠣᠢᠯᠠᠭᠠᠭ᠍ᠰᠠᠨ᠎ᠢᠶᠠᠷ᠂ ᠳᠠᠭᠠᠳᠭᠠᠯ᠎ᠳᠤ ᠣᠷᠣᠯᠴᠠᠭ᠍ᠰᠠᠨ ᠣᠯᠠᠨ ᠲᠦᠮᠡᠨ᠎ᠦ ᠡᠪᠡᠳᠴᠢᠨ ᠦᠵᠡᠭᠦᠯᠵᠦ᠍ ᠡᠮ ᠬᠤᠳᠠᠯᠳᠤᠨ ᠠᠪᠬᠤ᠎ᠳᠤ ᠵᠠᠷᠤᠴᠠᠭᠤᠯᠤᠭ᠍ᠰᠠᠨ ᠡᠮ ᠡᠮᠨᠡᠯᠭᠡ᠎ᠶ᠋ᠢᠨ ᠵᠠᠷᠤᠳᠠᠯ᠎ᠢ ᠲᠦᠷ ᠴᠠᠭ ᠲᠡᠷᠡ ᠳᠤᠤᠷ᠎ᠠ ᠨᠢ ᠲᠡᠰᠦᠯᠦᠨ ᠪᠤᠳᠤᠵᠦ᠍ ᠲᠡᠢᠯᠬᠦ᠌ ᠦᠭᠡᠢ ᠪᠣᠯ ᠤᠷᠢᠳ᠎ᠢᠶᠠᠷ ᠥᠪᠡᠷ᠎ᠤᠨ ᠰᠦᠶ᠋ᠳᠭᠡᠯ᠎ᠢᠶᠡᠷ ᠲᠡᠰᠦᠯᠦᠨ ᠪᠤᠳᠤᠵᠤ᠂ ᠲᠠᠷᠠᠭᠠᠴᠢ ᠎ᠪᠠᠷ ᠨᠥᠬᠥᠵᠦ᠍ ᠲᠠᠩᠰᠠ ᠳᠡᠢᠯᠵᠦ᠍ ᠪᠣᠯᠤᠨ᠎ᠠ᠃ ᠡᠭᠦᠳᠡᠨ ᠡᠮᠨᠡᠯᠭᠡ᠎ᠶ᠋ᠢᠨ ᠣᠨᠴᠠᠭᠠᠢ ᠤᠵᠢᠭ ᠡᠪᠡᠳᠴᠢᠨ ᠪᠠ ᠡᠭᠦᠳᠡᠨ ᠡᠮᠨᠡᠯᠭᠡ᠎ᠶ᠋ᠢᠨ ᠣᠨᠴᠠᠭᠠᠢ ᠡᠮ ᠬᠡᠷᠡᠭ᠌ᠯᠡᠬᠦ᠌ ᠬᠠᠷᠠᠭᠠᠯᠵᠠᠯ᠎ᠢ ᠴᠠᠭ ᠲᠤᠬᠠᠢ᠎ᠳᠤᠨᠢ ᠮᠡᠳᠡᠭᠦᠯᠵᠦ᠍ ᠲᠡᠢᠯᠬᠦ᠌ ᠦᠭᠡᠢ ᠪᠤᠯ ᠲᠤᠰ ᠭᠠᠵᠠᠷ ᠪᠤᠶᠤ ᠣᠨᠳᠣᠣ ᠭᠠᠵᠠᠷ᠎ᠤᠨ ᠲᠣᠭ᠍ᠲᠠᠭᠠᠭ᠍ᠰᠠᠨ ᠴᠡᠭ ᠎ᠦᠨ ᠡᠮ ᠡᠮᠨᠡᠯᠭᠡ᠎ᠶ᠋ᠢᠨ ᠪᠠᠢᠭᠤᠯᠤᠮᠵᠢ᠎ᠳᠤ ᠡᠮᠨᠡᠭᠦᠯᠵᠦ᠍ ᠡᠮ ᠬᠤᠳᠠᠯᠳᠤᠨ ᠠᠪᠬᠤ᠎ᠳᠠᠭᠠᠨ ᠤᠷᠢᠳ᠎ᠢᠶᠠᠷ ᠥᠪᠡᠷ ᠎ᠤᠨ ᠰᠦᠢᠳᠭᠡᠯ ᠎ᠢᠶᠠᠷ ᠲᠠᠰᠤᠯᠤᠨ ᠪᠤᠳᠤᠵᠤ᠂ 6 ᠰᠠᠷ᠎ᠠ᠎ᠶ᠋ᠢᠨ ᠳᠣᠲᠣᠷ᠎ᠠ ᠨᠥᠬᠥᠪᠥᠷᠢᠯᠡᠨ ᠮᠡᠳᠡᠭᠦᠯᠵᠦ᠍ ᠪᠣᠯᠤᠨ᠎ᠠ᠃ ᠡᠭᠦᠳᠡᠨ ᠡᠮᠨᠡᠯᠭᠡ᠎ᠶ᠋ᠢᠨ ᠣᠨᠴᠠᠭᠠᠢ ᠤᠵᠢᠭ ᠡᠪᠡᠳᠴᠢᠨ ᠪᠠ ᠡᠭᠦᠳᠡᠨ ᠡᠮᠨᠡᠯᠭᠡ᠎ᠶ᠋ᠢᠨ ᠣᠨᠴᠠᠭᠠᠢ ᠡᠮ ᠬᠡᠷᠡᠭ᠌ᠯᠡᠬᠦ᠌ ᠬᠠᠷᠠᠭᠠᠯᠵᠠᠯ ᠭᠥᠷᠳᠡᠵᠦ᠍ ᠪᠠᠢᠪᠠᠯ᠂ ᠣᠨᠴᠠᠭᠠᠢ ᠱᠢᠯᠲᠠᠭᠠᠨ᠎ᠠᠴᠠ ᠪᠣᠯᠵᠣ ᠤᠤᠯ᠎ᠤᠨ ᠲᠣᠭ᠍ᠲᠠᠭᠠᠭ᠍ᠰᠠᠨ ᠴᠡᠭ᠎ᠤᠨ ᠡᠮ ᠡᠮᠨᠡᠯᠭᠡ᠎ᠶ᠋ᠢᠨ ᠪᠠᠢᠭᠤᠯᠤᠮᠵᠢ᠎ᠳᠤ ᠡᠮᠨᠡᠭᠦᠯᠵᠦ᠍ ᠡᠮ ᠬᠤᠳᠠᠯᠳᠤᠨ ᠠᠪᠴᠤ᠌ ᠳᠡᠢᠯᠬᠦ᠌ ᠥᠬᠡᠶ ᠪᠤᠯ ᠤᠷᠢᠳ ᠎ᠢᠶᠡᠷ ᠥᠪᠡᠷ ᠎ᠤᠨ ᠰᠦᠶ᠋ᠳᠭᠡᠯ᠎ᠢᠶᠡᠷ ᠳ᠋ᠦᠩᠨᠡᠨ ᠪᠤᠳᠤᠵᠤ᠂ ᠲᠠᠷᠠᠭᠠᠴᠢ ᠎ᠪᠠᠷ ᠨᠥᠬᠥᠵᠦ᠍ ᠲᠠᠩᠰᠠ ᠳᠡᠢᠯᠵᠦ᠍ ᠪᠣᠯᠤᠨ᠎ᠠ᠃ ᠤᠨᠳᠤᠤ ᠭᠠᠵᠠᠷ᠎ᠲᠤ ᠡᠮᠨᠡᠭᠦᠯᠬᠦ᠌ ᠳᠠᠩᠰᠠᠯᠠᠭᠤᠯᠤᠯᠲᠠ ᠬᠢᠯᠭᠡᠭ᠌ᠰᠡᠨ ᠥᠬᠡᠶ ᠪᠥᠭᠡᠳ ᠨᠢᠭᠡᠨᠲᠡ ᠥᠪᠡᠷ᠎ᠦᠨ ᠰᠦᠶ᠋ᠳᠭᠡᠯ᠎ᠢᠶᠠᠷ ᠲᠡᠰᠦᠯᠦᠨ ᠪᠤᠳᠤᠭ᠍ᠰᠠᠨ ᠪᠠᠢᠪᠠᠯ᠂ ᠲᠠᠷᠠᠭᠠᠴᠢ ᠎ᠪᠠᠷ ᠨᠥᠬᠥᠨ ᠳᠠᠩᠰᠠᠯᠠᠭᠤᠯᠵᠤ ᠳᠠᠬᠢᠨ ᠲᠠᠩᠰᠠ ᠳᠡᠢᠯᠵᠦ᠍ ᠪᠣᠯᠤᠨ᠎ᠠ᠃

ᠢᠷᠡᠯᠳᠡ᠄ ᠲᠠᠯ᠎ᠠ ᠨᠣᠳᠣᠭ ᠪᠦᠷᠢᠨ ᠵᠠᠭᠤᠴᠢᠯᠠᠭᠤᠷ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面