2022-11-15 16:53:05
11 ᠰᠠᠷ᠎ᠠ᠎ᠶ᠋ᠢᠨ 14 ᠤ᠋ ᠡᠳᠦᠷ᠂ ᠰᠤᠷᠪᠤᠯᠵᠢᠯᠠᠭ᠍ᠴᠢ ᠬᠥᠬᠡᠬᠣᠲᠠ᠎ᠶ᠋ᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠰᠣᠨᠢᠨ ᠮᠡᠳᠡᠭᠡ ᠨᠡᠢᠲᠡᠯᠡᠬᠦ᠌ ᠬᠤᠷᠠᠯ (74 ᠳ᠋ᠤᠭᠡᠷ ᠲᠠᠯᠠᠪᠠᠶ) ᠡᠴᠡ ᠣᠢᠯᠠᠭᠠᠭ᠍ᠰᠠᠨ᠎ᠢᠶᠠᠷ᠂ ᠬᠥᠬᠡᠬᠣᠲᠠ ᠨᠢᠬᠳᠠ ᠤᠢᠷᠠᠳᠤᠬᠰᠡᠳ ᠢ᠋ ᠲᠤᠰᠠᠭᠠᠷᠯᠠᠨ ᠬᠠᠮᠢᠶᠠᠷᠤᠨ ᠡᠵᠡᠮᠳᠡᠬᠦ ᠳ᠋ᠤ ᠴᠢᠭᠯᠡᠬᠦᠯᠤᠨ᠂ ᠰᠡᠷᠭᠡᠢᠯᠡᠨ ᠡᠵᠡᠮᠳᠡᠬᠦ᠌ ᠠᠵᠢᠯ᠎ᠢ᠋ ᠰᠢᠯᠢᠳᠡᠭᠵᠢᠬᠦᠯᠬᠦ ᠬᠣᠷᠢᠨ ᠵᠤᠢᠯ ᠤ᠋ᠨ ᠠᠷᠭ᠎ᠠ ᠬᠡᠮᠵᠢᠶ᠎ᠡ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ ᠠᠵᠢᠯ᠎ᠤᠨ ᠠᠷᠭ᠎ᠠ ᠬᠡᠮᠵᠢᠶ᠎ᠡ᠂ ᠨᠡᠢᠭᠡᠮ ᠲᠣᠭᠣᠷᠢᠭ᠎ᠤᠨ ᠡᠪᠡᠳᠴᠢᠨ ᠤ᠋ ᠵᠢᠱ᠌ᠢᠶ᠎ᠠ ᠵᠢ ᠦᠭᠡᠢ ᠪᠤᠯᠭᠠᠬᠤ ᠪᠤᠭᠤᠮᠳᠠ ᠰᠢᠪᠳᠤᠯᠬᠤ ᠠᠵᠢᠯᠯᠠᠭ᠎ᠠ᠎ᠶ᠋ᠢᠨ ᠲᠤᠰᠠᠭᠠᠷᠯᠠᠨ ᠬᠠᠮᠢᠶᠠᠷᠤᠨ ᠡᠵᠡᠮᠳᠡᠬᠦ᠌ ᠬᠡᠷᠡᠭ᠌ᠵᠢᠭᠦᠯᠬᠦ᠌ ᠲᠥᠰᠦᠯ᠂ ᠲᠤᠰᠠᠭᠠᠷᠯᠠᠬᠤ ᠲᠠᠯᠠᠪᠤᠷ ᠤ᠋ᠨ ᠠᠷᠭ᠎ᠠ ᠴᠢᠨᠠᠷ ᠢᠯᠡᠷᠡᠭᠰᠡᠨ ᠱᠢᠯᠵᠢᠭᠦᠯᠦᠨ ᠵᠥᠭᠡᠭᠡᠪᠦᠷᠢᠯᠡᠭᠡᠳᠦᠶ ᠬᠥᠮᠦᠰ ᠪᠠ ᠲᠤᠰᠠᠭᠠᠷᠯᠠᠯ ᠡᠴᠡ ᠲᠠᠢᠯᠠᠪᠡᠯ ᠵᠤᠬᠢᠬᠤ ᠵᠢ ᠨᠢ ᠲᠠᠢᠯᠠᠭᠠᠳᠤᠢ ᠬᠥᠮᠦᠰ ᠢ᠋ ᠲᠦᠷᠭᠡᠨ ᠱᠢᠯᠵᠢᠭᠦᠯᠦᠨ ᠵᠥᠭᠡᠭᠡᠪᠦᠷᠢᠯᠡᠬᠦ᠌ ᠲᠥᠰᠦᠯ ᠢ᠋ ᠲᠤᠬᠳᠠᠭᠠᠵᠤ᠂ ᠭᠤᠤᠯᠳᠠᠭᠤ 《ᠲᠤᠰᠠᠭᠠᠷᠯᠠᠬᠤ ᠲᠠᠯᠠᠪᠤᠷ᠎ᠤᠨ ᠳᠣᠲᠣᠭᠠᠳᠤ᠎ᠶ᠋ᠢᠨ ᠬᠠᠮᠢᠶᠠᠷᠤᠯᠲᠠ᠂ ᠨᠢᠭ᠍ᠲᠠ ᠤᠢᠷᠠᠳᠤᠬᠰᠡᠳ ᠢ᠋ ᠲᠤᠰᠠᠭᠠᠷᠯᠠᠯ ᠡᠴᠡ ᠲᠠᠢᠯᠠᠬᠤ᠂ ᠠᠷᠭ᠎ᠠ ᠴᠢᠨᠠᠷ ᠢᠯᠡᠷᠡᠭᠰᠡᠨ ᠬᠥᠮᠦᠰ ᠢ᠋ ᠵᠥᠭᠡᠭᠡᠪᠤᠷᠢᠯᠡᠬᠦ᠂ ᠬᠢᠯᠢ᠎ᠪᠡᠷ ᠣᠷᠣᠵᠤ ᠢᠷᠡᠭ᠌ᠰᠡᠨ ᠬᠥᠮᠦᠰ᠎ᠢ ᠱᠢᠯᠵᠢᠭᠦᠯᠦᠨ ᠵᠥᠭᠡᠭᠡᠪᠦᠷᠢᠯᠡᠬᠦ᠌ ᠵᠢᠴᠢ ᠬᠢᠨᠠᠯᠲᠠ ᠲᠠᠯᠪᠢᠵᠤ ᠰᠠᠬᠢᠯᠭ᠎ᠠ ᠪᠠᠲᠤ ᠬᠡᠷᠡᠭ᠌ᠵᠢᠭᠦᠯᠬᠦ᠌》 ᠵᠡᠷᠭᠡ 5 ᠲᠠᠯ᠎ᠠ᠎ᠪᠠᠷ ᠬᠠᠷᠢᠭᠤᠴᠠᠯᠭ᠎ᠠ᠎ᠶ᠋ᠢ ᠱᠠᠲᠤ ᠱᠠᠲᠤ᠎ᠪᠠᠷ ᠪᠣᠳᠠᠲᠠᠢᠵᠢᠭᠤᠯᠵᠤ᠂ ᠬᠠᠮᠢᠶᠠᠷᠤᠯᠲᠠ᠎ᠶ᠋ᠢᠨ ᠦᠶ᠋ᠯᠡᠴᠢᠯᠡᠭᠡᠨ᠎ᠦ ᠲᠦᠪᠱᠢᠨ᠎ᠢ ᠳᠡᠭᠡᠭ᠌ᠰᠢᠯᠡᠭᠦᠯᠦᠨ᠎ᠡ᠃
ᠲᠤᠰᠠᠭᠠᠷᠯᠠᠬᠤ ᠲᠠᠯᠠᠪᠤᠷ᠎ᠤᠨ ᠳᠣᠲᠣᠭᠠᠳᠤ᠎ᠶ᠋ᠢᠨ ᠬᠠᠮᠢᠶᠠᠷᠤᠯᠲᠠ᠎ᠶ᠋ᠢᠨ ᠲᠠᠯ᠎ᠠ᠎ᠪᠠᠷ᠂ ᠣᠯᠠᠨ ᠲᠦᠮᠡᠨ᠎ᠦ ᠠᠩᠬᠠᠷᠴᠤ᠌ ᠪᠠᠢᠭ᠎ᠠ ᠣᠷᠴᠢᠨ ᠲᠣᠭᠣᠷᠢᠨ᠎ᠤ ᠡᠷᠡᠭᠦᠯ ᠬᠠᠮᠠᠭᠠᠯᠠᠯ᠂ ᠠᠷᠢᠭᠤᠳᠭᠠᠨ ᠡᠪᠡᠳᠴᠢᠨ ᠤ᠋ ᠸᠢᠷᠦ᠋ᠰ ᠢ᠋ ᠠᠷᠢᠯᠭᠠᠬᠤ᠂ ᠠᠮᠢᠳᠤᠷᠠᠯ᠎ᠤᠨ ᠪᠠᠲᠤᠯᠠᠭ᠎ᠠ᠎ᠶ᠋ᠢᠨ ᠪᠠᠢᠳᠠᠯ᠎ᠳᠤ ᠴᠢᠭ᠌ᠯᠡᠭᠦᠯᠦᠭᠰᠡᠨ ᠲᠤᠰᠠᠭᠠᠷᠯᠠᠬᠤ ᠲᠠᠯᠠᠪᠤᠷ ᠤ᠋ᠨ ᠵᠢᠷᠤᠮᠵᠢᠭ᠍ᠰᠠᠨ ᠬᠠᠮᠢᠶᠠᠷᠤᠯᠲᠠ᠎ᠶ᠋ᠢᠨ ᠲᠥᠰᠦᠯ᠂ ᠲᠤᠰᠠᠭᠠᠷᠯᠠᠬᠤ ᠲᠠᠯᠠᠪᠤᠷ ᠤᠨ ᠠᠵᠢᠯᠲᠠᠨ᠎ᠤ ᠠᠵᠢᠯ᠎ᠤᠨ ᠪᠠᠢᠷᠢ᠎ᠶ᠋ᠢᠨ ᠡᠭᠦᠷᠭᠡ ᠬᠠᠷᠢᠭᠤᠴᠠᠯᠭ᠎ᠠ᠎ᠶ᠋ᠢᠨ ᠵᠢᠷᠤᠮᠵᠢᠯ᠂ ᠲᠥᠪᠯᠡᠷᠡᠭᠦᠯᠦᠨ ᠲᠤᠰᠠᠭᠠᠷᠯᠠᠬᠤ ᠲᠠᠯᠠᠪᠤᠷ ᠤᠨ ᠬᠠᠮᠢᠶᠠᠷᠤᠯᠲᠠ᠎ᠶ᠋ᠢ ᠳᠡᠭᠡᠭ᠌ᠰᠢᠯᠡᠭᠦᠯᠬᠦ᠌ ᠠᠵᠢᠯᠯᠠᠭᠠᠨ᠎ᠤ ᠲᠥᠰᠦᠯ ᠪᠠ ᠲᠤᠰᠠᠭᠠᠷᠯᠠᠬᠤ ᠲᠠᠯᠠᠪᠤᠷ ᠤᠨ ᠠᠮᠤᠷ ᠲᠦᠪᠱᠢᠨ᠎ᠦ ᠬᠠᠮᠢᠶᠠᠷᠤᠯᠲᠠ ᠡᠵᠡᠮᠳᠡᠯ ᠵᠡᠷᠭᠡ ᠠᠵᠢᠯ᠎ᠤᠨ ᠲᠦᠷᠢᠮ ᠪᠠ ᠵᠢᠷᠤᠮᠵᠢᠯ᠎ᠢ ᠲᠣᠭ᠍ᠲᠠᠭᠠᠵᠤ᠂ ᠳᠣᠲᠣᠭᠠᠳᠤ᠎ᠶ᠋ᠢᠨ ᠬᠠᠮᠢᠶᠠᠷᠤᠯᠲᠠ᠂ ᠠᠵᠢᠯᠲᠠᠨ᠎ᠤ ᠪᠣᠯᠪᠠᠰᠤᠷᠠᠯ᠂ ᠡᠷᠡᠭᠦᠯ ᠬᠠᠮᠠᠭᠠᠯᠠᠯ᠎ᠤᠨ ᠬᠢᠨᠠᠯᠲᠠ ᠪᠠ ᠠᠵᠢᠯ᠎ᠤᠨ ᠨᠠᠢᠳᠠᠪᠤᠷᠢᠵᠢᠭᠤᠯᠤᠯᠲᠠ ᠵᠡᠷᠭᠡ ᠭᠣᠭ᠍ᠴᠣᠭ᠎ᠠ᠎ᠶ᠋ᠢ ᠴᠢᠩᠭᠠᠳᠭᠠᠵᠤ᠂ ᠬᠡᠷ ᠪᠠᠢᠱᠢᠩ᠎ᠤᠨ ᠠᠷᠢᠭᠤᠨ ᠴᠡᠪᠡᠷ ᠲᠡᠷᠢ ᠲᠡᠭ᠌ᠰᠢ᠂ ᠴᠠᠭ ᠲᠤᠬᠠᠶ᠎ᠳᠤᠨᠢ ᠠᠷᠢᠭᠤᠳᠭᠠᠨ ᠴᠡᠪᠡᠷᠯᠡᠬᠦ᠌᠂ ᠢᠳᠡᠭᠡᠨ ᠤᠮᠳᠠᠭᠠᠨ᠎ᠤ ᠶᠠᠰᠤ ᠴᠢᠨᠠᠷ᠎ᠢ ᠪᠠᠲᠤᠯᠠᠨ ᠲᠣᠭ᠎ᠠ ᠬᠡᠮᠵᠢᠶ᠎ᠡ᠎ᠶ᠋ᠢ ᠪᠠᠲᠤᠯᠠᠨ ᠬᠠᠩᠭᠠᠬᠤ᠎ᠶ᠋ᠢ ᠦᠨᠡᠨ ᠬᠦ᠌ ᠪᠠᠲᠤᠯᠠᠵᠤ᠂ ᠬᠠᠮᠤᠭ᠎ᠤᠨ ᠶᠡᠬᠡ ᠴᠢᠷᠮᠠᠢᠯᠭ᠎ᠠ᠎ᠪᠠᠷ ᠣᠯᠠᠨ ᠲᠦᠮᠡᠨ᠎ᠦ ᠬᠡᠷᠡᠭ᠌ᠴᠡᠭᠡ ᠱᠠᠭᠠᠷᠳᠠᠯᠭ᠎ᠠ᠎ᠶ᠋ᠢ ᠬᠠᠩᠭᠠᠵᠤ᠂ ᠰᠣᠯᠪᠢᠴᠠᠨ ᠬᠠᠯᠳᠠᠪᠤᠷᠢᠯᠠᠬᠤ ᠪᠠ ᠬᠢᠵᠢᠭ ᠭᠠᠳᠠᠬᠰᠢ ᠬᠠᠯᠳᠠᠪᠤᠷᠢᠯᠠᠬᠤ᠎ᠶ᠋ᠢ ᠡᠷᠡᠰ ᠬᠣᠷᠢᠭ᠍ᠯᠠᠨᠡ᠃
ᠨᠢᠭ᠍ᠲᠠ ᠤᠢᠷᠠᠳᠤᠬᠰᠡᠳ ᠢ᠋ ᠲᠤᠰᠠᠭᠠᠷᠯᠠᠯ ᠡᠴᠡ ᠲᠠᠢᠯᠬᠤ ᠲᠠᠯ᠎ᠠ ᠪᠠᠷ᠂ 《5 ᠡᠳᠦᠷ ᠲᠥᠪᠯᠡᠷᠡᠭᠦᠯᠦᠨ ᠲᠤᠰᠠᠭᠠᠷᠯᠠᠬᠤ + 3 ᠡᠳᠦᠷ ᠬᠡᠷ᠎ᠲᠦᠨᠢ ᠲᠤᠰᠠᠭᠠᠷᠯᠠᠬᠤ》 ᠠᠷᠭ᠎ᠠ ᠬᠡᠮᠵᠢᠶ᠎ᠡ᠎ᠶ᠋ᠢ ᠴᠢᠩᠭ᠎ᠠ ᠬᠡᠷᠡᠭ᠌ᠵᠢᠭᠦᠯᠵᠦ᠍᠂ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ᠎ᠤ ᠠᠵᠢᠭ᠍ᠯᠠᠯᠲᠠ ᠬᠢᠬᠦ᠌ 1᠂ 2᠂ 3᠂ 5᠎ᠳ᠋ᠤᠭᠠᠷ ᠡᠳᠦᠷ᠎ᠲᠦ ᠲᠣᠰ ᠲᠣᠰ 1 ᠤᠳᠠᠭ᠎ᠠ ᠪᠥᠭᠡᠮ ᠬᠦᠴᠢᠯ᠎ᠦᠨ ᠪᠠᠢᠴᠠᠭᠠᠯᠲᠠ᠎ᠶ᠋ᠢ ᠥᠷᠨᠢᠭᠦᠯᠵᠦ᠍᠂ ᠪᠥᠭᠡᠮ ᠬᠦᠴᠢᠯ᠎ᠦᠨ ᠪᠠᠢᠴᠠᠭᠠᠯᠳᠠ ᠵᠢᠨ ᠪᠢᠯᠢᠭ ᠴᠢᠨᠠᠷ ᠢᠯᠡᠷᠡᠭᠰᠡᠳ ᠢ᠋ ᠴᠠᠭ ᠲᠤᠬᠠᠶ᠎ᠳᠤᠨᠢ ᠲᠤᠰᠠᠭᠠᠷᠯᠠᠯ ᠡᠴᠡ ᠲᠠᠢᠯᠵᠤ᠂ 《ᠵᠠᠪᠰᠠᠷ ᠦᠭᠡᠢ ᠵᠤᠯᠭᠠᠭᠤᠯᠬᠤ》 ᠂ 《ᠴᠡᠭ᠎ᠡᠴᠡ ᠴᠡᠭ᠎ᠲᠤ ᠬᠦᠷᠬᠦ》 ᠪᠡᠷ ᠲᠠᠮᠵᠢᠨ ᠨᠡᠢᠭᠡᠮ ᠲᠣᠭᠣᠷᠢᠭ᠎ᠲᠤ ᠲᠤᠱᠢᠶᠠᠨ ᠥᠭ᠌ᠴᠦ ᠬᠡᠷᠲᠤᠨᠢ ᠲᠤᠰᠠᠭᠠᠷᠯᠠᠬᠤ ᠬᠠᠮᠢᠶᠠᠷᠤᠯᠲᠠ ᠬᠢᠨ᠎ᠡ᠃
ᠠᠷᠭ᠎ᠠ ᠴᠢᠨᠠᠷ ᠢᠯᠡᠷᠡᠭᠰᠡᠳ ᠢ᠋ ᠵᠥᠭᠡᠭᠡᠪᠦᠷᠢᠯᠡᠬᠦ ᠲᠠᠯ᠎ᠠ᠎ᠪᠠᠷ᠂ ᠲᠥᠪᠯᠡᠷᠡᠭᠦᠯᠦᠨ ᠲᠤᠰᠠᠭᠠᠷᠯᠠᠬᠤ ᠲᠠᠯᠠᠪᠤᠷ ᠭᠠᠵᠠᠷ᠎ᠲᠤ ᠢᠯᠡᠷᠡᠭ᠌ᠰᠡᠨ ᠠᠷᠭᠠᠴᠢᠨᠠᠷ ᠢᠯᠡᠷᠡᠭᠰᠡᠨ ᠬᠠᠯᠳᠠᠪᠤᠷᠢᠯᠠᠭᠳᠠᠬᠰᠡᠳᠲᠤ ᠡᠮᠴᠢᠯᠡᠭᠡᠨ᠎ᠦ ᠪᠠᠲᠤᠯᠠᠭ᠎ᠠ᠎ᠶ᠋ᠢᠨ ᠳᠤᠭᠤᠢᠯᠠᠩ᠎ᠡᠴᠡ ᠴᠠᠭ ᠲᠤᠬᠠᠶ᠎ᠳᠤᠨᠢ ᠡᠷᠡᠭᠦᠯ ᠮᠡᠨᠳᠦ᠍᠎ᠶ᠋ᠢᠨ ᠪᠠᠢᠳᠠᠯ᠎ᠤᠨ ᠶᠡᠷᠦᠩᠬᠡᠢᠯᠡᠨ ᠰᠤᠳᠤᠯᠤᠨ ᠮᠠᠭᠠᠳᠯᠠᠯᠳᠠ ᠬᠢᠵᠤ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭ᠌ᠵᠢᠭᠦᠯᠵᠦ᠍᠂ ᠲᠣᠭ᠍ᠲᠠᠭ᠍ᠰᠠᠨ ᠡᠮᠨᠡᠯᠭᠡ᠎ᠶ᠋ᠢᠨ ᠬᠣᠷᠢᠶ᠎ᠠ ᠪᠤᠶᠤ ᠴᠢᠩᠭᠡᠯᠢᠭ ᠡᠮᠨᠡᠯᠭᠡ᠎ᠶ᠋ᠢᠨ ᠬᠣᠷᠢᠶ᠎ᠠ᠎ᠳᠤ ᠱᠢᠯᠵᠢᠭᠦᠯᠦᠨ ᠬᠦᠷᠭᠡᠵᠦ᠍᠂ 《ᠱᠢᠯᠵᠢᠭᠦᠯᠪᠡᠯ ᠵᠣᠬᠢᠬᠤ᠎ᠶ᠋ᠢ᠎ᠨᠢ ᠪᠦᠬᠦᠨ᠎ᠢ ᠱᠢᠯᠵᠢᠭᠦᠯᠬᠦ᠌》᠂ 《ᠡᠳᠤᠷ ᠲᠤᠨᠢ ᠨᠠᠢᠳᠠᠪᠤᠷᠢᠵᠢᠭᠤᠯᠵᠤ ᠡᠳᠤᠷ ᠲᠤᠨᠢ ᠳ᠋ᠦᠡᠭᠨᠡᠨ ᠪᠤᠳᠤᠬᠤ》 ᠶ᠋ᠢ ᠪᠡᠶᠡᠯᠡᠭᠦᠯᠦᠨ᠎ᠡ᠃
ᠬᠢᠯᠢ᠎ᠪᠡᠷ ᠣᠷᠣᠵᠤ ᠢᠷᠡᠭᠰᠡᠨ ᠬᠥᠮᠦᠰ ᠢ᠋ ᠵᠦᠭᠡᠭᠡᠪᠤᠷᠢᠯᠡᠬᠦ ᠲᠠᠯ᠎ᠠ᠎ᠪᠠᠷ᠂ ᠬᠢᠯᠢ᠎ᠪᠡᠷ ᠣᠷᠣᠵᠤ ᠢᠷᠡᠭ᠌ᠰᠡᠨ ᠬᠥᠮᠦᠰ᠎ᠢ 《5 ᠡᠳᠦᠷ ᠲᠥᠪᠯᠡᠷᠡᠭᠦᠯᠦᠨ ᠲᠤᠰᠠᠭᠠᠷᠯᠠᠬᠤ + 3 ᠡᠳᠦᠷ ᠬᠡᠷ᠎ᠲᠦᠨᠢ ᠲᠤᠰᠠᠭᠠᠷᠯᠠᠬᠤ》 ᠠᠷᠭ᠎ᠠ ᠬᠡᠮᠵᠢᠶ᠎ᠡ᠎ᠶ᠋ᠢ ᠴᠢᠩᠭ᠎ᠠ ᠨᠠᠢᠳᠠᠪᠤᠷᠢᠵᠢᠭᠤᠯᠵᠤ᠂ ᠬᠢᠯᠢ᠎ᠪᠡᠷ ᠣᠷᠣᠵᠤ ᠢᠷᠡᠭ᠌ᠰᠡᠨ ᠬᠥᠮᠦᠰ᠎ᠦᠨ ᠬᠠᠷᠠᠯᠳᠠᠳᠤ ᠭᠠᠵᠠᠷ᠎ᠤᠨ ᠪᠠᠢᠳᠠᠯ᠎ᠢ ᠦᠨᠳᠦᠰᠦᠯᠡᠨ᠂ ᠰᠠᠨᠠᠭᠠᠴᠢᠯᠠᠭ᠎ᠠ᠎ᠡᠴᠡ᠎ᠪᠠᠨ ᠭᠥᠯᠢᠶᠡᠨ ᠠᠪᠬᠤ ᠭᠠᠵᠠᠷ᠎ᠲᠠᠶ ᠵᠣᠯᠭᠠᠭᠤᠯᠵᠤ᠂ ᠨᠢᠰᠭᠡᠯ ᠳᠠᠭᠠᠭᠠᠴᠢᠯᠠᠬᠤ᠂ ᠲᠡᠮᠦᠷ ᠵᠠᠮ᠂ ᠠᠶᠠᠨᠴᠢᠳ᠎ᠤᠨ ᠵᠦᠭᠡᠭᠡᠪᠤᠷᠢ ᠵᠡᠷᠭᠡ ᠵᠠᠮ ᠬᠠᠷᠢᠯᠴᠠᠭᠠᠨ᠎ᠤ ᠪᠠᠭᠠᠵᠢ ᠬᠡᠷᠡᠭ᠌ᠰᠡᠯ᠎ᠢ ᠠᠮᠢᠳᠤᠯᠢᠭ᠎ᠢᠶᠠᠷ ᠬᠡᠷᠡᠭ᠌ᠯᠡᠵᠦ᠍᠂ ᠪᠢᠲᠡᠭᠦᠮᠵᠢᠯᠡᠭ᠌ᠰᠡᠨ ᠬᠠᠮᠢᠶᠠᠷᠤᠯᠲᠠ᠎ᠪᠠᠷ ᠳᠠᠮᠵᠢᠭᠤᠯᠤᠨ ᠰᠢᠯᠵᠢᠬᠦᠯᠤᠨ ᠵᠦᠭᠡᠭᠡᠪᠤᠷᠢᠯᠡᠬᠦ ᠠᠵᠢᠯ᠎ᠢ ᠰᠠᠢᠲᠤᠷ ᠬᠢᠨ᠎ᠠ᠃
ᠬᠢᠨᠠᠯᠲᠠ ᠲᠠᠯᠪᠢᠵᠤ ᠰᠠᠬᠢᠯᠭ᠎ᠠ ᠪᠠᠲᠤ᠎ᠶ᠋ᠢ ᠬᠡᠷᠡᠭ᠌ᠵᠢᠭᠦᠯᠬᠦ᠌ ᠲᠠᠯ᠎ᠠ᠎ᠪᠠᠷ᠂ ᠬᠥᠬᠡᠬᠣᠲᠠ᠎ᠶ᠋ᠢᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠬᠢᠨᠠᠨ ᠪᠠᠢᠴᠠᠭᠠᠬᠤ ᠵᠥᠪᠯᠡᠯ ᠳᠡᠭᠡᠷ᠎ᠡ ᠳᠤᠷᠠᠳᠤᠭ᠍ᠰᠠᠨ ᠠᠵᠢᠯ᠎ᠢ ᠬᠢᠨᠠᠨ ᠪᠠᠢᠴᠠᠭᠠᠵᠤ᠂ ᠭᠤᠤᠯᠳᠠᠭᠤ ᠬᠤᠪᠢ ᠬᠤᠪᠢ ᠳ᠋ᠠᠭᠠᠨ ᠪᠠᠶ᠎ᠠ ᠪᠡᠨ ᠲᠠᠭᠠᠭᠠᠵᠤ ᠪᠠᠢᠯᠳᠤᠬᠤ᠂ ᠠᠵᠢᠯ᠎ᠢ ᠨᠠᠢᠳᠠᠪᠤᠷᠢᠵᠢᠭᠤᠯᠤᠭ᠍ᠰᠠᠨ᠎ᠢᠶᠠᠷ ᠬᠦᠴᠦᠨ ᠥᠬᠡᠶ᠂ ᠬᠠᠷᠢᠭᠤᠴᠠᠯᠭ᠎ᠠ ᠵᠢ ᠬᠠᠷᠢᠯᠴᠠᠨ ᠲᠦᠯᠬᠢᠯᠴᠡᠬᠦ᠂ 《ᠱᠠᠲᠤ ᠱᠠᠲᠤ᠎ᠪᠠᠷ ᠡᠭᠦᠷᠭᠡ ᠱᠠᠭᠠᠷᠳᠠᠯᠭ᠎ᠠ ᠨᠡᠮᠡᠬᠦ》 ᠂ 《ᠨᠢᠭᠡ ᠯᠡ ᠠᠳᠠᠯᠢ ᠪᠡᠷ ᠱᠠᠭᠠᠷᠳᠠᠬᠤ》 ᠵᠡᠷᠭᠡ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠤᠭ᠍ᠰᠠᠨ ᠲᠠᠯ᠎ᠠ ᠪᠡᠷ ᠬᠦᠴᠦᠨ ᠥᠬᠡᠶ ᠪᠠᠢᠪᠠᠯ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃