ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠮᠡᠳᠡᠭᠡᠯᠡᠯ

2022-11-15 14:39:51

ᠵᠣᠬᠢᠶᠠᠭ᠍ᠴᠢ᠄ ᠳ᠋ᠦᠩ ᠷᠦᠢ ᠹᠸᠩ ᠬᠦ᠋ ᠲᠢᠶᠠᠨ ᠴᠧᠩ ᠣᠩᠱᠢᠭ᠍ᠰᠠᠨ ᠣᠳᠠᠭ᠎ᠠ᠄ 3

11 ᠰᠠᠷ᠎ᠠ᠎ᠶ᠋ᠢᠨ 10 ᠤ᠋ ᠡᠳᠦᠷ᠂ ᠶᠡᠷᠦᠩᠬᠡᠶ ᠱᠦᠵᠢ ᠰᠢ ᠵᠢᠨ ᠫᠢᠩ ᠨᠠᠮ᠎ᠤᠨ ᠲᠥᠪ ᠬᠣᠷᠢᠶᠠᠨ᠎ᠤ ᠤᠯᠤᠰ ᠲᠥᠷᠥ᠎ᠶ᠋ᠢᠨ ᠲᠣᠪᠴᠢᠶᠠᠨ᠎ᠤ ᠪᠠᠢᠩᠭᠤ᠎ᠶ᠋ᠢᠨ ᠬᠣᠷᠢᠶᠠᠨ᠎ᠤ ᠬᠤᠷᠠᠯ᠎ᠢ ᠡᠷᠭᠢᠯᠡᠨ ᠬᠤᠷᠠᠯᠳᠤᠭᠤᠯᠵᠤ᠂ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠬᠠᠷᠢᠭᠤ ᠮᠡᠳᠡᠭᠦᠯᠦᠯᠲᠡ᠎ᠶ᠋ᠢ ᠰᠣᠨᠣᠰᠴᠤ᠌᠂ ᠰᠡᠷᠭᠡᠢᠯᠡᠨ ᠡᠵᠡᠮᠳᠡᠬᠦ᠌ ᠠᠵᠢᠯ᠎ᠢ ᠴᠢᠨᠠᠭ᠍ᠰᠢᠳᠠ ᠱᠢᠯᠢᠳᠡᠭ᠌ᠵᠢᠭᠦᠯᠬᠦ᠌ ᠬᠣᠷᠢᠨ ᠵᠦᠶ᠋ᠯ᠎ᠦᠨ ᠠᠷᠭ᠎ᠠ ᠬᠡᠮᠵᠢᠶ᠎ᠡ᠎ᠶ᠋ᠢ ᠰᠤᠳᠤᠯᠤᠨ ᠪᠠᠢᠷᠢᠯᠠᠭᠤᠯᠪᠠ᠃ ᠲᠦᠷᠦ᠍᠎ᠶ᠋ᠢᠨ ᠶᠠᠪᠤᠳᠠᠯ᠎ᠤᠨ ᠬᠣᠷᠢᠶᠠᠨ᠎ᠤ ᠬᠣᠯᠪᠣᠭᠠᠯᠠᠨ ᠰᠡᠷᠭᠡᠢᠯᠡᠵᠦ᠍ ᠬᠣᠯᠪᠣᠭᠠᠯᠠᠨ ᠡᠵᠡᠮᠳᠡᠬᠦ᠌ ᠲᠣᠭ᠍ᠲᠡᠴᠡ 11 ᠤ᠋ ᠡᠳᠦᠷ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠢ ᠴᠢᠨᠠᠭ᠍ᠰᠢᠳᠠ ᠱᠢᠯᠢᠳᠡᠭ᠌ᠵᠢᠭᠦᠯᠬᠦ᠌ ᠬᠣᠷᠢᠨ ᠵᠦᠢᠯ ᠤ᠋ᠨ ᠠᠷᠭ᠎ᠠ ᠬᠡᠮᠵᠢᠶ᠎ᠠ᠎ᠶ᠋ᠢ ᠨᠡᠢᠲᠡᠯᠡᠵᠦ᠍᠂ ᠰᠡᠷᠭᠡᠢᠯᠡᠨ ᠡᠵᠡᠮᠳᠡᠬᠦ᠌ ᠠᠵᠢᠯ᠎ᠢ ᠱᠢᠨᠵᠢᠯᠡᠬᠦ᠌ ᠤᠬᠠᠭᠠᠨᠴᠢ ᠣᠨᠢᠨ ᠲᠡᠭᠡᠷ᠎ᠡ ᠨᠢ ᠰᠠᠢᠲᠤᠷ ᠬᠢᠬᠦ᠌ ᠬᠡᠷᠡᠭ᠌ᠲᠡᠢ ᠭᠡᠵᠦ᠍ ᠱᠠᠭᠠᠷᠳᠠᠪᠠ᠃

ᠡᠷᠢᠨ ᠵᠠᠭᠤᠨ ᠳ᠋ᠤ ᠳᠤᠬᠢᠶᠠᠯᠳᠤᠭ᠎ᠠ ᠦᠭᠡᠢ ᠬᠢᠵᠢᠭ᠎ᠦᠨ ᠪᠠᠢᠳᠠᠯ ᠠᠬᠢᠨ ᠳᠠᠬᠢᠨ ᠦᠷᠪᠢᠰᠦᠨ ᠲᠡᠯᠬᠡᠷᠡᠵᠤ ᠪᠤᠢ᠃ ᠬᠢᠵᠢᠭ᠎ᠲᠡᠶ ᠲᠡᠮᠡᠴᠡᠬᠦ᠌ ᠲᠡᠮᠡᠴᠡᠯ᠎ᠦᠨ ᠪᠤᠳᠤᠯᠢᠶᠠᠨᠲᠤ ᠴᠢᠨᠠᠷ᠂ ᠪᠡᠷᠬᠡ ᠬᠠᠲᠠᠭᠤᠵᠢᠯᠲᠤ ᠴᠢᠨᠠᠷ᠂ ᠳᠠᠬᠢᠨ ᠳᠠᠪᠲᠠᠬᠤ ᠴᠢᠨᠠᠷ᠎ᠢ ᠭᠦᠢᠴᠡᠳ ᠲᠠᠨᠢᠵᠤ᠂ ᠱᠢᠨᠵᠢᠯᠡᠬᠦ᠌ ᠤᠬᠠᠭᠠᠨᠴᠢ ᠣᠨᠢᠨ ᠲᠡᠭᠡᠷ᠎ᠡ ᠨᠢ ᠰᠡᠷᠭᠡᠢᠯᠡᠨ ᠡᠵᠡᠮᠳᠡᠬᠦ᠌᠎ᠶ᠋ᠢ ᠪᠠᠷᠢᠮᠲᠠᠯᠠᠵᠤ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢ ᠥᠨᠳᠥᠷ ᠪᠦᠲᠦᠮᠵᠢᠲᠡᠢ ᠨᠢᠭᠡᠳᠦᠯᠲᠡᠢ ᠲᠥᠯᠥᠪᠵᠢᠭᠦᠯᠵᠦ᠍᠂ ᠵᠠᠩᠭᠢᠯᠠᠭ᠎ᠠ᠎ᠶ᠋ᠢᠨ ᠴᠠᠭ ᠮᠥᠴᠡ ᠨᠢᠭᠡ ᠪᠦᠷᠢ᠎ᠳᠦ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠴᠠᠭ᠎ᠢ ᠠᠵᠢᠨ ᠪᠠᠢᠳᠠᠯ᠎ᠢ ᠱᠢᠨᠵᠢᠵᠦ᠍᠂ ᠱᠢᠨᠵᠢᠯᠡᠬᠦ᠌ ᠤᠬᠠᠭᠠᠨᠴᠢ᠎ᠪᠠᠷ ᠰᠤᠳᠤᠯᠤᠨ ᠮᠠᠭᠠᠳᠯᠠᠵᠤ᠂ ᠬᠦᠴᠦᠲᠡᠢ ᠬᠠᠷᠢᠭᠤᠯᠲᠠ ᠥᠭ᠌ᠴᠦ᠂ ᠴᠢᠭ᠌ᠯᠡᠯ᠎ᠢ ᠲᠣᠳᠣᠷᠬᠠᠢ ᠵᠢᠭᠠᠵᠤ ᠭᠠᠷᠭᠠᠪᠠ᠃

ᠬᠣᠷᠢᠨ ᠵᠦᠢᠯ ᠤ᠋ᠨ ᠱᠢᠯᠢᠳᠡᠭ᠌ᠵᠢᠭᠦᠯᠬᠦ᠌ ᠠᠷᠭ᠎ᠠ ᠬᠡᠮᠵᠢᠶ᠎ᠡ ᠨᠢ ᠭᠤᠷᠪᠠᠨ 《ᠡᠷᠡᠰ ᠭᠤᠢᠪᠢᠰᠢ ᠦᠭᠡᠢ》 ᠪᠠᠢᠬᠤ᠎ᠶ᠋ᠢ ᠭᠦᠢᠴᠡᠳ ᠢᠯᠡᠷᠡᠭᠦᠯᠪᠡ᠃ ᠬᠢᠵᠢᠭ᠎ᠦᠨ ᠪᠠᠢᠳᠠᠯ ᠡᠭᠦᠰᠦᠭᠰᠡᠨ ᠡᠴᠡ ᠨᠠᠭᠠᠰᠢ᠂ ᠠᠷᠠᠳ ᠲᠦᠮᠡᠨ᠎ᠢ ᠳᠡᠭᠡᠳᠦᠯᠡᠬᠦ᠌᠂ ᠠᠮᠢ ᠨᠠᠰᠤ᠎ᠶ᠋ᠢ ᠳᠡᠭᠡᠳᠦᠯᠡᠬᠦ᠌᠎ᠶ᠋ᠢ ᠡᠷᠡᠰ ᠭᠤᠢᠪᠢᠰᠢ ᠦᠭᠡᠢ ᠪᠠᠷᠢᠮᠲᠠᠯᠠᠵᠤ᠂ 《ᠭᠠᠳᠠᠨ᠎ᠠ᠎ᠡᠴᠡ ᠬᠠᠯᠳᠠᠪᠤᠷᠢᠯᠠᠨ ᠣᠷᠣᠵᠤ ᠢᠷᠡᠬᠦ᠌᠎ᠶ᠋ᠢ ᠰᠡᠷᠭᠡᠢᠯᠡᠬᠦ᠌᠂ ᠳᠣᠲᠣᠨ᠎ᠠ ᠪᠠᠨ ᠲᠠᠬᠢᠨ ᠲᠠᠷᠬᠠᠨ ᠳᠡᠯᠭᠡᠷᠡᠬᠦ᠌᠎ᠶ᠋ᠢ ᠰᠡᠷᠭᠡᠢᠯᠡᠬᠦ᠌》 ᠶᠡᠷᠦᠩᠬᠡᠢ ᠠᠷᠭ᠎ᠠ ᠪᠤᠳᠤᠯᠭ᠎ᠠ᠎ᠶ᠋ᠢ ᠡᠷᠡᠰ ᠭᠤᠢᠪᠢᠰᠢ ᠦᠭᠡᠢ ᠨᠠᠢᠳᠠᠪᠤᠷᠢᠵᠢᠭᠤᠯᠵᠤ᠂ 《ᠨᠡᠢᠭᠡᠮ ᠳᠡᠭᠡᠷᠡᠬᠢ ᠡᠪᠡᠳᠴᠢᠨ ᠤ᠋ ᠵᠢᠱ᠌ᠢᠶ᠎ᠠ ᠵᠢ ᠦᠭᠡᠢ ᠪᠤᠯᠭᠠᠬᠤ》 ᠶᠡᠷᠦᠩᠬᠡᠢ ᠴᠢᠭ᠌ᠯᠡᠯᠲᠡ᠎ᠶ᠋ᠢ ᠡᠷᠡᠰ ᠭᠤᠢᠪᠢᠰᠢ ᠦᠭᠡᠢ ᠲᠤᠭᠤᠱᠢᠯᠠᠭᠤᠯᠵᠤ᠂ ᠮᠠᠨ᠎ᠤ ᠤᠯᠤᠰ ᠪᠦᠬᠦ᠌ ᠪᠥᠮᠪᠥᠷᠴᠡᠭ᠎ᠦᠨ ᠤᠯᠠᠨ ᠡᠭᠡᠯᠵᠢ᠎ᠶ᠋ᠢᠨ ᠬᠢᠵᠢᠭ᠎ᠦᠨ ᠪᠠᠢᠳᠠᠯ᠎ᠤᠨ ᠳᠠᠭᠠᠷᠢᠯᠳᠠ᠎ᠶ᠋ᠢ ᠪᠦᠲᠦᠮᠵᠢᠲᠡᠢ ᠠᠷᠭᠠᠴᠡᠭᠠᠵᠤ᠂ ᠠᠷᠠᠳ ᠲᠦᠮᠡᠨ᠎ᠦ ᠠᠮᠢ ᠨᠠᠰᠤᠨ᠎ᠤ ᠠᠮᠤᠷ ᠲᠦᠪᠱᠢᠨ ᠪᠠ ᠪᠡᠶ᠎ᠡ ᠮᠠᠬᠠᠪᠣᠳ᠎ᠤᠨ ᠡᠷᠡᠭᠦᠯ ᠮᠡᠨᠳᠦ᠍᠎ᠶ᠋ᠢ ᠬᠠᠮᠤᠭ᠎ᠤᠨ ᠶᠡᠬᠡ ᠬᠡᠮᠵᠢᠶ᠎ᠡ᠎ᠪᠡᠷ ᠬᠠᠮᠠᠭᠠᠯᠠᠵᠤ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢ ᠨᠢᠭᠡᠳᠦᠯᠲᠡᠢ ᠲᠥᠯᠥᠪᠵᠢᠭᠦᠯᠵᠤ ᠴᠢᠬᠤᠯᠠ ᠶᠡᠬᠡ ᠢᠳᠡᠪᠬᠢᠲᠡᠢ ᠦᠷ᠎ᠡ ᠪᠦᠲᠦᠭᠡᠯ ᠣᠯᠵᠠᠢ᠃

ᠨᠠᠮ᠎ᠤᠨ ᠲᠥᠪ ᠬᠣᠷᠢᠶ᠎ᠠ᠎ᠡᠴᠡ ᠲᠣᠭ᠍ᠲᠠᠭᠠᠭ᠍ᠰᠠᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠴᠢᠭ᠌ᠯᠡᠯᠲᠡ ᠲᠦᠷᠦ᠍᠎ᠶ᠋ᠢᠨ ᠪᠤᠳᠤᠯᠭ᠎ᠠ ᠪᠦᠷᠢᠮᠦᠰᠦᠨ ᠵᠥᠪ᠂ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠶ᠎ᠠ ᠨᠢ ᠱᠢᠨᠵᠢᠯᠡᠬᠦ᠌ ᠤᠬᠠᠭᠠᠨᠴᠢ ᠪᠦᠲᠦᠮᠵᠢᠲᠡᠢ ᠪᠠᠢᠬᠤ᠎ᠶ᠋ᠢ ᠦᠢᠯᠡᠳᠦᠯᠭᠡ ᠭᠡᠷᠡᠴᠢᠯᠡᠪᠡ᠃ ᠡᠨᠡ ᠬᠦ᠌ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠶᠡᠷᠦᠩᠬᠡᠢ ᠠᠷᠭ᠎ᠠ ᠪᠤᠳᠤᠯᠭ᠎ᠠ ᠶᠡᠷᠦᠩᠬᠡᠢ ᠴᠢᠭ᠌ᠯᠡᠯᠲᠡ᠎ᠶ᠋ᠢ ᠪᠠᠷᠢᠮᠲᠠᠯᠠᠬᠤ ᠪᠣᠯ ᠨᠠᠮ᠎ᠤᠨ ᠱᠢᠨᠵᠢ ᠴᠢᠨᠠᠷ ᠵᠣᠷᠢᠯᠲᠠ᠎ᠡᠴᠡ ᠡᠭᠦᠰᠴᠦ᠍᠂ ᠮᠠᠨ᠎ᠤ ᠤᠯᠤᠰ᠎ᠤᠨ ᠤᠯᠤᠰ᠎ᠤᠨ ᠪᠠᠢᠳᠠᠯ᠎ᠡᠴᠡ ᠡᠭᠦᠰᠴᠦ᠍ ᠲᠣᠭ᠍ᠲᠠᠭᠠᠭ᠍ᠰᠠᠨ ᠶᠤᠮ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠬᠢᠨ ᠡᠷᠬᠡᠪᠰᠢ ᠤᠯᠤᠰ ᠲᠦᠷᠦ᠍᠎ᠶ᠋ᠢᠨ ᠵᠣᠭ᠍ᠰᠣᠴᠠ᠎ᠪᠠᠨ ᠤᠯᠠᠮ ᠴᠢᠨᠠᠭ᠍ᠰᠢᠳᠠ ᠳᠡᠭᠡᠭ᠌ᠰᠢᠯᠡᠭᠦᠯᠵᠦ᠍᠂ ᠪᠠᠢᠯᠳᠤᠬᠤ ᠪᠤᠳᠤᠯᠭ᠎ᠠ᠎ᠶ᠋ᠢᠨ ᠲᠣᠭ᠍ᠲᠠᠯ ᠬᠦᠴᠦᠨ᠎ᠢᠶᠡᠨ ᠪᠠᠲᠤᠯᠠᠬᠤ ᠬᠡᠷᠡᠭ᠌ᠲᠡᠢ᠃

ᠬᠣᠷᠢᠨ ᠵᠦᠢᠯ ᠤ᠋ᠨ ᠱᠢᠯᠢᠳᠡᠭ᠌ᠵᠢᠭᠦᠯᠬᠦ᠌ ᠠᠷᠭ᠎ᠠ ᠬᠡᠮᠵᠢᠶ᠎ᠠ ᠪᠣᠯ ᠱᠢᠨᠵᠢᠯᠡᠬᠦ᠌ ᠤᠬᠠᠭᠠᠨᠴᠢ ᠣᠨᠢᠨ ᠲᠡᠭᠡᠷ᠎ᠡ ᠨᠢ ᠰᠡᠷᠭᠡᠢᠯᠡᠨ ᠡᠵᠡᠮᠳᠡᠬᠦ᠌ ᠪᠣᠳᠠᠲᠠᠢ ᠦᠢᠯᠡᠳᠦᠯᠭᠡ ᠮᠥᠨ᠃ ᠲᠦᠭ᠌ᠰᠢᠭᠦᠷᠢᠳᠡᠢ ᠣᠷᠣᠨ᠎ᠢ 《ᠥᠨᠳᠥᠷ᠂ ᠳᠤᠤᠷ᠎ᠠ》 ᠭᠡᠵᠦ᠍ ᠬᠣᠶᠠᠷ ᠲᠥᠷᠥᠯ ᠬᠤᠪᠢᠶᠠᠵᠤ᠂ ᠲᠦᠭ᠌ᠰᠢᠭᠦᠷᠢᠳᠠᠢ ᠣᠷᠣᠨ᠎ᠢ ᠡᠩ ᠤ᠋ᠨ ᠪᠠᠢᠳᠠᠯ ᠳ᠋ᠤ ᠠᠰᠠᠷ᠎ᠤᠨ ᠤᠷᠤᠴᠠ᠂ ᠠᠰᠠᠷ᠎ᠢᠶᠠᠷ ᠨᠢᠭᠡᠴᠢ ᠪᠣᠯᠭᠠᠨ ᠬᠤᠪᠢᠶᠠᠷᠢᠯᠠᠨ ᠲᠣᠭ᠍ᠲᠠᠭᠠᠨ᠎ᠠ; 《ᠨᠢᠭᠡ ᠡᠳᠦᠷ ᠬᠣᠶᠠᠷ ᠤᠳᠠᠭ᠎ᠠ ᠪᠠᠢᠴᠠᠭᠠᠯᠲᠠ ᠬᠢᠬᠦ᠌》᠂ 《ᠨᠢᠭᠡ ᠡᠳᠦᠷ ᠭᠤᠷᠪᠠ ᠤᠳᠠᠭ᠎ᠠ ᠪᠠᠢᠴᠠᠭᠠᠯᠲᠠ ᠬᠢᠬᠦ᠌》 ᠵᠡᠷᠭᠡ ᠱᠢᠨᠵᠢᠯᠡᠬᠦ᠌ ᠤᠬᠠᠭᠠᠨᠴᠢ ᠪᠤᠰᠤ ᠠᠷᠭ᠎ᠠ ᠬᠢᠳᠡᠯ᠎ᠢ ᠵᠠᠯᠠᠷᠠᠭᠤᠯᠤᠨ᠎ᠠ ; ᠬᠢᠯᠢ ᠪᠡᠷ ᠣᠷᠣᠵᠤ ᠢᠷᠡᠬᠦ ᠵᠢᠰᠢᠶᠠᠨ ᠤ᠋ ᠨᠢᠰᠭᠡᠯ ᠳ᠋ᠤ ᠠᠷᠭ᠎ᠠ ᠴᠢᠨᠠᠷᠳᠠᠢ ᠠᠶᠠᠨᠴᠢᠨ ᠢᠯᠡᠷᠡᠭᠰᠡᠨ ᠪᠤᠯ ᠠᠭᠠᠷ ᠤ᠋ᠨ ᠵᠠᠮ ᠢ᠋ ᠨᠢ ᠬᠠᠭᠠᠬᠤ ᠲᠣᠭ᠍ᠲᠡᠴᠡ᠎ᠶ᠋ᠢ ᠬᠦᠴᠦᠨ ᠥᠬᠡᠶ ᠪᠣᠯᠭᠠᠨ᠎ᠠ; ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠢ ᠡᠮᠨᠡᠨ ᠵᠠᠰᠠᠬᠤ ᠬᠠᠮᠢᠶ᠎ᠠ ᠪᠥᠬᠥᠶ ᠡᠮ᠎ᠦᠨ ᠵᠦᠶ᠋ᠯᠡᠰ᠎ᠦᠨ ᠨᠥᠭᠡᠴᠡᠯᠡᠯᠲᠡ᠎ᠶ᠋ᠢ ᠲᠦᠷᠭᠡᠳᠭᠡᠨ᠎ᠡ ᠁ ᠶᠢᠰᠦᠳᠦᠭᠡᠷ ᠬᠡᠪᠯᠡᠯ᠎ᠦᠨ ᠰᠡᠷᠭᠡᠢᠯᠡᠨ ᠡᠵᠡᠮᠳᠡᠬᠦ᠌ ᠲᠥᠰᠦᠯ᠎ᠦᠨ ᠰᠠᠭᠤᠷᠢᠨ ᠳᠡᠭᠡᠷ᠎ᠡ᠂ ᠬᠣᠷᠢᠨ ᠵᠦᠢᠯ ᠤ᠋ᠨ ᠱᠢᠯᠢᠳᠡᠭ᠌ᠵᠢᠭᠦᠯᠬᠦ᠌ ᠠᠷᠭ᠎ᠠ ᠬᠡᠮᠵᠢᠶ᠎ᠡ᠎ᠨᠢ ᠲᠤᠰᠠᠭᠠᠷᠯᠠᠨ ᠱᠢᠯᠵᠢᠭᠦᠯᠦᠨ ᠵᠦᠭᠡᠭᠡᠪᠦᠷᠢᠯᠡᠬᠦ᠌᠂ ᠪᠥᠭᠡᠮ ᠬᠦᠴᠢᠯ᠎ᠦᠨ ᠪᠠᠢᠴᠠᠭᠠᠯᠳᠠ ᠬᠢᠬᠦ᠌᠂ ᠬᠥᠮᠦᠰ᠎ᠢ ᠱᠢᠯᠵᠢᠬᠦᠯᠬᠦ᠂ ᠡᠮᠴᠢᠯᠡᠭᠡᠨ᠎ᠦ ᠦᠶ᠋ᠯᠡᠴᠢᠯᠡᠭᠡ᠂ ᠸᠠᠺᠼᠢᠨ᠎ᠤ ᠲᠠᠷᠢᠯᠭ᠎ᠠ᠂ ᠦᠶ᠋ᠯᠡᠴᠢᠯᠡᠭᠡ ᠪᠠᠲᠤᠯᠠᠭ᠎ᠠ ᠬᠠᠩᠭᠠᠬᠤ ᠠᠵᠤ ᠠᠬᠤᠢᠯᠠᠯ ᠪᠠ ᠰᠤᠷᠭᠠᠭᠤᠯᠢ᠎ᠶ᠋ᠢᠨ ᠬᠦᠷᠢᠶ᠎ᠡ ᠵᠡᠷᠭᠡ ᠠᠵᠢᠯ᠎ᠢ ᠴᠢᠨᠠᠭ᠍ᠰᠢᠳᠠ ᠲᠡᠭᠦᠯᠳᠡᠷᠵᠢᠭᠦᠯᠪᠡ᠃

ᠦᠨᠡᠨ᠎ᠳᠡᠭᠡᠨ᠂ ᠤᠢ᠍ᠢᠷ᠎ᠠ᠎ᠶ᠋ᠢᠨ ᠭᠤᠷᠪᠠᠨ ᠵᠢᠯ ᠳ᠋ᠤ ᠮᠠᠨ᠎ᠤ ᠤᠯᠤᠰ ᠪᠦᠬᠦ᠌ ᠪᠥᠮᠪᠥᠷᠴᠡᠭ᠎ᠦᠨ ᠬᠢᠵᠢᠭ᠎ᠦᠨ ᠪᠠᠢᠳᠠᠯ ᠪᠣᠯᠤᠨ ᠸᠢᠷᠦ᠋ᠰ᠎ᠦᠨ ᠤᠨᠳᠤᠤᠰᠢᠯ ᠤ᠋ᠨ ᠪᠠᠢᠳᠠᠯ᠎ᠢ ᠦᠨᠳᠦᠰᠦᠯᠡᠨ᠂ ᠮᠠᠨ᠎ᠤ ᠤᠯᠤᠰ᠎ᠤᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠦᠢᠯᠡᠳᠦᠯᠭᠡ᠎ᠶ᠋ᠢᠨ ᠲᠤᠷᠱᠢᠯᠭ᠎ᠠ᠎ᠲᠠᠶ ᠪᠠᠨ ᠤᠶᠠᠯᠳᠤᠭᠤᠯᠵᠤ᠂ ᠴᠠᠭ ᠪᠠ ᠪᠠᠢᠳᠠᠯ᠎ᠳᠤ ᠲᠤᠬᠢᠷᠠᠭᠤᠯᠤᠨ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠶ᠎ᠡ᠎ᠪᠡᠨ ᠱᠢᠯᠢᠳᠡᠭ᠌ᠵᠢᠭᠦᠯᠪᠡ᠃ ᠬᠣᠷᠢᠨ ᠵᠤᠷᠪᠤᠰ ᠱᠢᠯᠢᠳᠡᠭ᠌ᠵᠢᠭᠦᠯᠬᠦ᠌ ᠠᠷᠭ᠎ᠠ ᠬᠡᠮᠵᠢᠶ᠎ᠡ ᠪᠣᠯ ᠲᠣᠭ᠍ᠲᠠᠭᠤᠨ ᠤ᠋ ᠲᠤᠮᠳᠠ ᠤᠷᠤᠬᠰᠢᠯᠡᠨ ᠲᠠᠪᠰᠢᠬᠤ᠂ ᠪᠠᠭ᠎ᠠ ᠠᠯᠬᠤᠮ᠎ᠢᠶᠠᠷ ᠵᠣᠭ᠍ᠰᠣᠯ ᠦᠭᠡᠢ ᠤᠷᠤᠭ᠍ᠰᠢᠯᠠᠬᠤ᠂ ᠮᠠᠨ᠎ᠤ ᠤᠯᠤᠰ᠎ᠤᠨ ᠤᠯᠤᠰ᠎ᠤᠨ ᠪᠠᠢᠳᠠᠯ᠎ᠳᠤ ᠨᠡᠢᠴᠡᠬᠦ᠌᠂ ᠨᠡᠩ ᠱᠢᠨᠵᠢᠯᠡᠬᠦ᠌ ᠤᠬᠠᠭᠠᠨᠴᠢ ᠪᠥᠭᠡᠳ ᠨᠠᠷᠢᠯᠢᠭ ᠣᠨᠣᠴᠠᠲᠠᠢ ᠠᠷᠭ᠎ᠠ ᠬᠡᠮᠵᠢᠶ᠎ᠡ ᠮᠥᠨ᠃ ᠤᠳᠠᠭ᠎ᠠ ᠪᠦᠷᠢ᠎ᠶ᠋ᠢᠨ ᠲᠤᠬᠢᠷᠠᠭᠤᠯᠤᠯᠳᠠ ᠱᠢᠯᠢᠳᠡᠭ᠌ᠵᠢᠭᠦᠯᠦᠯᠲᠡ᠎ᠶ᠋ᠢ ᠴᠥᠮ ᠲᠠᠬᠢᠨ ᠳᠠᠪᠲᠠᠨ ᠰᠤᠳᠤᠯᠤᠨ ᠮᠠᠭᠠᠳᠯᠠᠵᠤ᠂ ᠱᠢᠨᠵᠢᠯᠡᠬᠦ᠌ ᠤᠬᠠᠭᠠᠨᠴᠢ᠎ᠪᠠᠷ ᠨᠤᠲᠠᠯᠠᠵᠤ᠂ ᠢᠳᠡᠪᠬᠢᠲᠡᠢ ᠯᠠᠪᠳᠠᠭᠤᠨ᠂ ᠠᠶᠤᠯ ᠲᠦᠭ᠌ᠰᠢᠭᠦᠷᠢ᠎ᠶ᠋ᠢ ᠡᠵᠡᠮᠳᠡᠵᠦ᠍ ᠪᠣᠯᠬᠤ᠎ᠶ᠋ᠢ ᠦᠨᠡᠨ ᠬᠦ᠌ ᠪᠠᠲᠤᠯᠠᠪᠠ᠃

ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠱᠢᠯᠢᠳᠡᠭ᠌ᠵᠢᠭᠦᠯᠬᠦ᠌ ᠨᠢ ᠰᠡᠷᠭᠡᠢᠯᠡᠨ ᠡᠵᠡᠮᠳᠡᠬᠦ᠌᠎ᠶ᠋ᠢ ᠰᠤᠯᠠᠷᠠᠭᠤᠯᠵᠤ ᠪᠠᠢᠭ᠎ᠠ ᠶᠠᠪᠤᠳᠠᠯ ᠪᠢᠰᠢ᠂ ᠨᠡᠩ ᠴᠤ᠌ ᠴᠢᠯᠥᠭᠡᠲᠡᠢ ᠲᠠᠯᠪᠢᠵᠤ᠂《ᠪᠦᠷᠢᠮᠦᠰᠦᠨ ᠵᠦᠭᠡᠷ ᠰᠠᠭᠤᠬᠤ》ᠶᠠᠪᠤᠳᠠᠯ ᠪᠢᠰᠢ᠃ ᠣᠳᠣᠬᠠᠨ᠎ᠳᠤ᠂ ᠱᠢᠨ᠎ᠡ ᠲᠢᠲᠢᠮᠯᠢᠭ ᠸᠢᠷᠦ᠋ᠰ ᠮᠥᠨ ᠬᠦ᠌ ᠦᠷᠭᠦᠯᠵᠢᠯᠡᠨ ᠤᠨᠳᠤᠤᠰᠢᠵᠤ᠂ ᠪᠦᠬᠦ᠌ ᠪᠥᠮᠪᠥᠷᠴᠡᠭ᠎ᠦᠨ ᠬᠢᠵᠢᠭ᠎ᠦᠨ ᠪᠠᠢᠳᠠᠯ ᠮᠥᠨ ᠬᠦ᠌ ᠶᠡᠬᠡ ᠬᠡᠪᠴᠢᠶ᠎ᠡ ᠪᠡᠷ ᠲᠠᠷᠬᠠᠨ ᠲᠡᠯᠬᠡᠷᠡᠬᠦ ᠪᠠᠢᠳᠠᠯ᠎ᠳᠤ ᠣᠷᠣᠱᠢᠵᠤ᠂ ᠤᠯᠤᠰ᠎ᠤᠨ ᠳᠣᠲᠣᠭᠠᠳᠤ᠎ᠳᠤ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ ᠲᠠᠰᠤᠷᠠᠯᠳᠠ ᠦᠭᠡᠢ ᠢᠯᠡᠷᠡᠵᠦ᠍ ᠪᠠᠢᠨ᠎ᠠ᠃ ᠮᠠᠨ᠎ᠤ ᠤᠯᠤᠰ ᠪᠣᠯ ᠬᠥᠮᠦᠨ ᠠᠮᠠ᠎ᠤᠯᠠᠨᠳᠠᠢ᠂ ᠪᠠᠭᠤᠷᠠᠢᠴᠤᠤᠯ ᠤ᠋ᠨ ᠲᠣᠭ᠎ᠠ ᠣᠯᠠᠨ᠂ ᠭᠠᠵᠠᠷ ᠣᠷᠣᠨ᠎ᠤ ᠬᠥᠭ᠌ᠵᠢᠯᠲᠡ ᠲᠡᠩᠴᠡᠭᠦᠷᠢ ᠥᠬᠡᠶ᠂ ᠡᠮᠴᠢᠯᠡᠭᠡᠨ᠎ᠦ ᠡᠬᠢ ᠪᠠᠶᠠᠯᠢᠭ᠎ᠤᠨ ᠶᠡᠷᠦᠩᠬᠡᠶ ᠬᠡᠮᠵᠢᠶ᠎ᠡ ᠬᠦᠷᠦᠯᠴᠡᠬᠦ᠌ ᠥᠬᠡᠶ᠂ ᠵᠠᠷᠢᠮ ᠭᠠᠵᠠᠷ ᠣᠷᠣᠨ᠎ᠤ ᠬᠢᠵᠢᠭ᠎ᠦᠨ ᠪᠠᠢᠳᠠᠯ ᠪᠠᠰᠠ ᠵᠣᠬᠢᠬᠤ ᠬᠡᠪᠴᠢᠶ᠎ᠡ᠎ᠲᠡᠶ ᠪᠠᠢᠨ᠎ᠠ᠃ ᠸᠢᠷᠦ᠋ᠰ᠎ᠦᠨ ᠤᠨᠳᠤᠤᠱᠢᠯ ᠪᠠ ᠡᠪᠦᠯ ᠬᠠᠪᠤᠷ᠎ᠤᠨ ᠤᠯᠠᠷᠢᠯ᠎ᠤᠨ ᠠᠭᠤᠷ ᠠᠮᠢᠰᠭᠤᠯ᠎ᠤᠨ ᠬᠦᠴᠦᠨ ᠵᠦᠶ᠋ᠯ᠎ᠦᠨ ᠨᠥᠯᠥᠭᠡ᠎ᠡᠴᠡ ᠪᠣᠯᠵᠣ᠂ ᠬᠢᠵᠢᠭ ᠲᠠᠷᠬᠠᠬᠤ ᠬᠦᠷᠢᠶ᠎ᠠ ᠴᠠᠷᠠᠭ᠎ᠠ ᠪᠠ ᠬᠡᠪᠴᠢᠶ᠎ᠡ ᠤᠯᠠᠮ ᠴᠢᠨᠠᠬᠰᠢᠳᠠ ᠥᠷᠭᠡᠳᠴᠦ᠍ ᠮᠡᠳᠡᠬᠦ᠌ ᠪᠥᠭᠡᠳ ᠰᠡᠷᠭᠡᠢᠯᠡᠨ ᠡᠵᠡᠮᠳᠡᠬᠦ᠌ ᠪᠠᠢᠳᠠᠯ ᠮᠥᠨ ᠬᠦ᠌ ᠬᠦᠨᠳᠦ ᠬᠡᠴᠡᠭᠦᠦ ᠪᠠᠢᠨ᠎ᠠ᠃

ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ ᠪᠣᠯ ᠨᠢᠭᠡ ᠤᠳᠠᠭ᠎ᠠ᠎ᠶ᠋ᠢᠨ ᠬᠠᠳᠠᠭᠤ ᠱᠢᠯᠭᠠᠯᠲᠠ ᠮᠥᠨ᠃ ᠥᠷᠢᠰᠥᠯᠳᠦᠭᠡᠨ᠎ᠢ ᠠᠷᠭᠠᠴᠠᠭᠠᠬᠤ᠎ᠳᠤ᠂ ᠨᠠᠮ᠎ᠤᠨ ᠲᠥᠪ ᠬᠣᠷᠢᠶᠠᠨ᠎ᠤ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠪᠦᠷᠢᠨ ᠪᠦᠳᠦᠨ᠂ ᠵᠦᠪ ᠤᠨᠤᠪᠴᠢᠳᠠᠢ᠂ ᠪᠦᠬᠦ᠌ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠬᠣᠷᠢᠨ ᠵᠤᠷᠪᠤᠰ ᠱᠢᠯᠢᠳᠡᠭ᠌ᠵᠢᠭᠦᠯᠬᠦ᠌ ᠠᠷᠭ᠎ᠠ ᠬᠡᠮᠵᠢᠶ᠎ᠡ᠎ᠶ᠋ᠢ ᠪᠣᠳᠠᠲᠠᠢ᠎ᠳᠤ ᠨᠠᠢᠳᠠᠪᠤᠷᠢᠵᠢᠭᠤᠯᠬᠤ᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠢ᠃ ᠬᠢᠵᠢᠭ᠎ᠢ ᠰᠡᠷᠭᠡᠢᠯᠡᠬᠦ᠌ ᠡᠯ᠎ᠠ ᠵᠦᠢᠯ ᠤ᠋ᠨ ᠠᠷᠭ᠎ᠠ ᠬᠡᠮᠵᠢᠶ᠎ᠡ᠎ᠶ᠋ᠢ ᠨᠠᠢᠳᠠᠪᠤᠷᠢᠵᠢᠭᠤᠯᠬᠤ᠎ᠶ᠋ᠢᠨ ᠬᠠᠮᠲᠤ ᠵᠠᠳᠠᠯᠵᠤ ᠰᠤᠳᠤᠯᠤᠨ ᠮᠠᠭᠠᠳᠯᠠᠬᠤ᠎ᠪᠠᠨ ᠴᠢᠩᠭᠠᠳᠭᠠᠵᠤ᠂ ᠬᠢᠵᠢᠭ᠎ᠢ ᠰᠡᠷᠭᠡᠢᠯᠡᠬᠦ᠌ ᠴᠢᠬᠤᠯᠠ ᠪᠥᠬᠥᠶ ᠠᠷᠭ᠎ᠠ ᠬᠡᠮᠵᠢᠶ᠎ᠡ᠎ᠶ᠋ᠢ ᠰᠤᠯᠠᠷᠠᠭᠤᠯᠵᠤ ᠪᠣᠯᠬᠤ ᠥᠬᠡᠶ᠂ ᠬᠠᠷᠢᠭᠤᠴᠠᠯᠭ᠎ᠠ ᠥᠬᠡᠶ ᠣᠪᠣᠷ᠎ᠢ ᠡᠰᠡᠷᠭᠦᠴᠡᠬᠦ᠌ ᠮᠥᠷᠲᠡᠭᠡᠨ ᠪᠠᠰᠠ ᠬᠡᠯᠪᠡᠷᠢᠴᠢ ᠦᠵᠡᠯ᠂ ᠨᠣᠶᠠᠨᠴᠢ ᠰᠤᠷᠲᠠᠯ᠎ᠢ ᠡᠰᠡᠷᠭᠦᠴᠡᠨ ᠲᠡᠪᠴᠢᠵᠦ᠍᠂ 《ᠱᠠᠲᠤ ᠱᠠᠲᠤ᠎ᠪᠠᠷ ᠡᠭᠦᠷᠭᠡ ᠱᠠᠭᠠᠷᠳᠠᠯᠭ᠎ᠠ ᠨᠡᠮᠡᠬᠦ᠌》᠂ 《ᠪᠦᠬᠦᠨ᠎ᠢ ᠨᠢᠭᠡ ᠯᠡ ᠠᠳᠠᠯᠢ᠎ᠪᠠᠷ ᠱᠠᠭᠠᠷᠳᠠᠬᠤ》 ᠵᠡᠷᠭᠡ ᠠᠷᠭ᠎ᠠ ᠬᠢᠳᠡᠯ᠎ᠢ ᠵᠠᠯᠠᠷᠠᠭᠤᠯᠬᠤ ᠬᠡᠷᠡᠭ᠌ᠲᠡᠶ᠃ ᠰᠡᠷᠭᠡᠢᠯᠡᠬᠦ᠌᠎ᠳᠦ ᠰᠠᠭᠤᠷᠢᠯᠠᠨ᠂ ᠠᠶᠤᠯ ᠲᠦᠭ᠌ᠰᠢᠭᠦᠷᠢ᠎ᠶ᠋ᠢ ᠬᠠᠮᠢᠶᠠᠷᠤᠨ ᠡᠵᠡᠮᠳᠡᠵᠦ᠍ ᠱᠢᠯᠢᠳᠡᠭ᠌ᠵᠢᠭᠦᠯᠬᠦ᠌ ᠠᠷᠭ᠎ᠠ ᠬᠡᠮᠵᠢᠶ᠎ᠡ᠎ᠶ᠋ᠢ ᠴᠢᠨᠠᠷ ᠰᠠᠢᠲᠠᠶ ᠨᠠᠢᠳᠠᠪᠤᠷᠢᠵᠢᠭᠤᠯᠬᠤ ᠭᠡᠷᠡᠭᠳᠠᠢ; ᠡᠷᠲᠡ᠎ᠪᠠᠢᠬᠤ ᠳ᠋ᠤ ᠰᠠᠭᠤᠷᠢᠯᠠᠵᠤ᠂ ᠭᠡᠨᠡᠳᠲᠡ ᠡᠭᠦᠰᠭᠦ ᠬᠢᠵᠢᠭ᠎ᠦᠨ ᠪᠠᠢᠳᠠᠯ᠎ᠢ ᠲᠠᠷᠤᠢ ᠲᠦᠷᠭᠡᠨ ᠬᠠᠯᠳᠠᠪᠤᠷᠢᠯᠠᠯ᠎ᠤᠨ ᠬᠡᠯᠬᠢᠶ᠎ᠡ ᠵᠢ ᠲᠠᠰᠤᠯᠬᠤ ᠭᠡᠷᠡᠭᠳᠠᠢ; ᠱᠢᠨᠵᠢᠯᠡᠬᠦ᠌ ᠤᠬᠠᠭᠠᠨᠴᠢ ᠣᠨᠢᠨ ᠲᠡᠭᠡᠷ᠎ᠡ ᠨᠢ ᠪᠠᠢᠬᠤ᠎ᠳᠤ ᠰᠠᠭᠤᠷᠢᠯᠠᠵᠤ᠂ ᠠᠷᠠᠳ ᠤᠯᠠᠨ᠎ᠤ ᠦᠢᠯᠡᠳᠪᠦᠷᠢᠯᠡᠯ ᠠᠮᠢᠳᠤᠷᠠᠯ᠎ᠤᠨ ᠦᠢᠯᠡᠴᠢᠯᠡᠭᠡᠨ᠎ᠦ ᠪᠠᠲᠤᠯᠠᠭ᠎ᠠ᠎ᠶ᠋ᠢ ᠪᠦᠬᠦ᠌ ᠬᠦᠴᠦᠨ᠎ᠢᠶᠡᠷ᠎ᠢᠶᠡᠨ ᠰᠠᠢᠲᠤᠷ ᠬᠢᠵᠦ᠍᠂ ᠬᠡᠪ᠎ᠦᠨ ᠦᠢᠯᠡᠳᠪᠦᠷᠢᠯᠡᠯ ᠠᠮᠢᠳᠤᠷᠠᠯ᠎ᠤᠨ ᠡᠮᠬᠢ ᠳᠢᠭ᠌ᠯᠢᠮ᠎ᠢ ᠪᠦᠬᠦ᠌ ᠬᠦᠴᠦᠨ᠎ᠢᠶᠡᠷ᠎ᠢᠶᠡᠨ ᠬᠠᠮᠠᠭᠠᠯᠠᠬᠤ ᠬᠡᠷᠡᠭ᠌ᠲᠡᠢ᠃

ᠠᠷᠠᠳ ᠲᠦᠮᠡᠨ᠎ᠦ ᠠᠮᠢ ᠨᠠᠰᠤᠨ᠎ᠤ ᠠᠮᠤᠷ ᠲᠦᠪᠱᠢᠨ ᠪᠣᠯᠤᠨ ᠪᠡᠶ᠎ᠡ ᠮᠠᠬᠠᠪᠣᠳ᠎ᠤᠨ ᠡᠷᠡᠭᠦᠯ ᠮᠡᠨᠳᠤ᠎ᠶ᠋ᠢ ᠬᠠᠮᠤᠭ᠎ᠤᠨ ᠶᠡᠬᠡ ᠬᠡᠮᠵᠢᠶ᠎ᠡ᠎ᠪᠡᠷ ᠬᠠᠮᠠᠭᠠᠯᠠᠵᠤ᠂ ᠠᠵᠤ ᠠᠬᠤᠢ ᠨᠡᠢᠭᠡᠮ᠎ᠦᠨ ᠬᠥᠭ᠌ᠵᠢᠯᠲᠡ᠎ᠳᠦ ᠦᠵᠡᠭᠦᠯᠬᠦ᠌ ᠬᠢᠵᠢᠭ᠎ᠦᠨ ᠨᠥᠯᠥᠭᠡ᠎ᠶ᠋ᠢ ᠬᠠᠮᠤᠭ᠎ᠤᠨ ᠶᠡᠬᠡ ᠬᠡᠮᠵᠢᠶ᠎ᠡ᠎ᠪᠡᠷ ᠪᠠᠭᠠᠰᠭᠠᠵᠤ᠂ ᠬᠢᠵᠢᠭ᠎ᠦᠨ ᠪᠠᠢᠳᠠᠯ᠎ᠤᠨ ᠲᠠᠷᠬᠠᠨ ᠳᠡᠯᠭᠡᠷᠡᠬᠦ᠌᠎ᠶ᠋ᠢ ᠳᠠᠷᠤᠢ ᠲᠦᠷᠭᠡᠨ ᠬᠣᠷᠢᠭ᠍ᠯᠠᠬᠤ ᠳ᠋ᠤ᠂ ᠪᠢᠳᠡ ᠬᠠᠷᠢᠭᠤᠴᠠᠯᠭ᠎ᠠ ᠡᠭᠦᠷᠭᠡᠯᠡᠯ᠎ᠢᠶᠡᠨ ᠴᠢᠩᠭᠠᠳᠭᠠᠵᠤ᠂ ᠲᠡᠮᠡᠴᠡᠯ᠎ᠦᠨ ᠴᠢᠳᠠᠪᠤᠷᠢ᠎ᠪᠠᠨ ᠴᠢᠩᠭᠠᠳᠭᠠᠵᠤ᠂ ᠠᠵᠢᠯ᠎ᠤᠨ ᠬᠠᠷᠢᠭᠤᠴᠠᠯᠭ᠎ᠠ᠎ᠪᠠᠨ ᠪᠠᠷᠢᠮᠲᠠᠯᠠᠵᠤ᠂ ᠠᠵᠢᠯ᠎ᠤᠨ ᠬᠠᠷᠢᠭᠤᠴᠠᠯᠭ᠎ᠠ᠎ᠪᠠᠨ ᠭᠦᠢᠴᠡᠳᠭᠡᠵᠦ᠍᠂ ᠦᠨᠳᠦᠰᠦᠨ ᠱᠠᠲᠤᠨ᠎ᠳᠤ ᠭᠦᠨᠵᠡᠭᠡᠢᠷᠡᠨ᠂ ᠡᠮᠦᠨ᠎ᠡ ᠹᠷᠣᠨᠲ᠎ᠲᠤ ᠭᠦᠨᠵᠡᠭᠡᠢᠷᠡᠵᠦ᠍᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠡᠯ᠎ᠡ ᠵᠦᠢᠯ᠎ᠦᠨ ᠠᠵᠢᠯ᠎ᠢ ᠪᠣᠳᠠᠲᠠᠢ ᠠᠳᠭᠤᠨ ᠨᠠᠷᠢᠯᠢᠭ ᠠᠳᠭᠤᠵᠤ᠂ ᠦᠵᠡᠯ ᠰᠠᠨᠠᠭᠠᠨ᠎ᠤ ᠵᠢᠯᠤᠭᠤᠳᠤᠯᠭ᠎ᠠ ᠪᠣᠯᠤᠨ ᠰᠡᠳᠭᠢᠴᠡ᠎ᠶ᠋ᠢᠨ ᠵᠢᠯᠤᠭᠤᠳᠤᠯᠭ᠎ᠠ᠎ᠶ᠋ᠢ ᠰᠠᠢᠲᠤᠷ ᠬᠢᠵᠦ᠍᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌᠎ᠶ᠋ᠢ ᠪᠠᠢᠩᠭᠤᠵᠢᠭᠤᠯᠬᠤ ᠪᠣᠭᠣᠮᠲᠠ ᠱᠢᠪᠲᠤᠯᠬᠤ ᠳᠠᠢᠯᠠᠯᠳᠤᠭᠠᠨ᠎ᠤ ᠢᠯᠠᠯᠲᠠ᠎ᠶ᠋ᠢ ᠡᠷᠡᠰ ᠲᠡᠮᠡᠴᠡᠨ ᠤᠯᠬᠤ ᠬᠡᠷᠡᠭ᠌ᠲᠡᠢ᠃

(ᠱᠢᠨᠬᠤᠸᠠ ᠬᠣᠷᠢᠶᠠᠨ᠎ᠤ ᠪᠡᠭᠡᠵᠢᠩ᠎ᠦᠨ 11 ᠰᠠᠷ᠎ᠠ᠎ᠶ᠋ᠢᠨ 11 ᠎ᠤ᠋ ᠴᠠᠬᠢᠯᠭᠠᠨ ᠮᠡᠳᠡᠭᠡ )

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠰᠢᠡᠬᠤᠸᠠ ᠬᠤᠷᠢᠶ᠎ᠠ
兼容浏览器的HTML页面