ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠮᠡᠳᠡᠭᠡᠯᠡᠯ

2022-11-17 16:40:58

ᠵᠣᠬᠢᠶᠠᠭ᠍ᠴᠢ᠄ ᠵᠧᠩ ᠱᠢᠤᠸᠠᠢ ᠯᠢᠶᠠᠩ ᠸᠠᠩ ᠶᠠ ᠵᠢᠩ ᠣᠩᠱᠢᠭ᠍ᠰᠠᠨ ᠣᠳᠠᠭ᠎ᠠ᠄ 3

ᠮᠧᠶ ᠲᠦᠩ ᠵᠠᠬ᠎ᠠ ᠳᠡᠯᠭᠡᠭᠦᠷ᠎ᠦᠨ 《ᠬᠣᠯᠢᠱᠢᠨ ᠢᠳᠡᠭᠡᠨ᠂ ᠠᠮᠤ ᠪᠤᠳᠠᠭ᠎ᠠ ᠂ ᠭᠤᠸᠠ ᠵᠢᠮᠢᠰ》 ᠤ᠋ᠨ ᠭᠤᠤᠯ ᠨᠡᠪᠳᠡᠷᠡᠯ᠎ᠤᠨ ᠦᠶ᠋ᠯᠡᠳᠦᠯ᠎ᠢ ᠠᠯᠢ ᠲᠦᠷᠭᠡᠨ᠎ᠢᠶᠡᠷ ᠰᠡᠷᠭᠦᠭᠡᠵᠦ᠍ ᠂ ᠮᠧᠶ ᠲᠦᠩ ᠵᠠᠬ᠎ᠠ ᠳᠡᠯᠭᠡᠭᠦᠷ᠎ᠦᠨ ᠬᠠᠩᠭᠠᠯᠭ᠎ᠠ᠎ᠶ᠋ᠢ ᠪᠠᠲᠤᠯᠠᠵᠤ ᠦᠨ᠎ᠡ ᠬᠠᠩᠰᠢ᠎ᠶ᠋ᠢ ᠲᠣᠭ᠍ᠲᠠᠭᠤᠨ ᠪᠠᠢᠯᠭᠠᠬᠤ ᠭᠤᠤᠯ ᠦᠶ᠋ᠯᠡᠳᠦᠯ᠎ᠢ ᠭᠦᠶ᠋ᠴᠡᠳ ᠪᠠᠳᠠᠷᠠᠭᠤᠯᠵᠤ᠂ ᠲᠠᠷᠢᠶᠠᠯᠠᠩ᠎ᠤᠨ ᠪᠦᠲᠦᠭᠡᠭ᠌ᠳᠡᠬᠦᠨ᠎ᠦ ᠦᠨ᠎ᠡ ᠬᠠᠩᠰᠢ ᠎ᠶ᠋ᠢᠨ ᠵᠤᠬᠢᠴᠠᠩᠭᠤᠢ ᠪᠡᠷ ᠪᠤᠴᠠᠬᠤ᠎ᠶ᠋ᠢ ᠬᠥᠲᠥᠯᠥᠨ ᠵᠢᠯᠣᠭᠣᠳᠭᠤ᠎ᠶ᠋ᠢᠨ ᠲᠥᠯᠥᠭᠡ ᠂ 11 ᠰᠠᠷ᠎ᠠ᠎ᠶ᠋ᠢᠨ 9 ᠎ᠦ ᠡᠳᠦᠷ᠂ ᠮᠧᠶ ᠲᠦᠩ ᠵᠠᠬ᠎ᠠ ᠳᠡᠯᠭᠡᠭᠦᠷ᠎ᠢ ᠭᠦᠶ᠋ᠴᠡᠳ ᠠᠷᠢᠭᠤᠳᠭᠠᠬᠤ᠎ᠪᠠᠷ ᠳᠡᠮᠵᠢᠨ ᠳᠠᠬᠢᠨ ᠡᠬᠢᠯᠡᠬᠦᠯᠵᠤ᠂ ᠬᠢᠵᠢᠭ᠎ᠢ ᠰᠡᠷᠭᠡᠢᠯᠡᠬᠦ᠌ ᠪᠠ ᠠᠷᠠᠯᠵᠢᠶᠠᠨ᠎ᠤ ᠬᠠᠮᠢᠶᠠᠷᠤᠯᠲᠠ᠎ᠶ᠋ᠢᠨ ᠱᠢᠨ᠎ᠡ ᠵᠠᠭ᠍ᠪᠤᠷ ᠤ᠋ᠨ ᠱᠢᠨ᠎ᠡ᠎ᠶ᠋ᠢ ᠡᠭᠦᠳᠴᠦ᠍᠂ ᠣᠨᠣᠴᠠᠲᠠᠶ᠎ᠪᠠᠷ ᠬᠢᠵᠢᠭ᠎ᠢ ᠰᠡᠷᠭᠡᠢᠯᠡᠬᠦ᠌ ᠪᠠ ᠠᠮᠤᠷ ᠲᠦᠪᠱᠢᠨ᠎ᠢᠶᠡᠷ ᠡᠵᠡᠩᠨᠡᠬᠦ᠌ ᠬᠣᠶᠠᠷ᠎ᠢ ᠡᠰᠠ ᠰᠠᠭᠠᠲᠠᠭᠠᠬᠤ᠂ ᠬᠣᠶᠠᠷ᠎ᠢ ᠪᠣᠳᠠᠲᠠᠢᠵᠢᠭᠤᠯᠬᠤ᠎ᠶ᠋ᠢ ᠪᠡᠶᠡᠯᠡᠭᠦᠯᠪᠡ᠃

ᠳᠠᠬᠢᠨ ᠡᠬᠢᠯᠡᠭᠦᠯᠦᠭ᠌ᠰᠡᠨ᠎ᠦ ᠳᠠᠷᠠᠭ᠎ᠠ᠂ ᠵᠠᠬ᠎ᠠ ᠳᠡᠯᠭᠡᠭᠦᠷ᠎ᠤᠨ ᠳᠤᠭᠤᠷᠢᠭ᠎ᠲᠤ ᠣᠷᠣᠵᠤ ᠠᠷᠠᠯᠵᠢᠶᠠᠯᠠᠬᠤ ᠬᠥᠮᠦᠰ ᠡᠷᠬᠡᠪᠰᠢ 24 ᠴᠠᠭ᠎ᠤᠨ ᠳᠣᠲᠣᠷ᠎ᠠ ᠪᠥᠭᠡᠮ ᠬᠦᠴᠢᠯ᠎ᠦᠨ ᠪᠠᠢᠴᠠᠭᠠᠯᠳᠠ᠎ᠶ᠋ᠢᠨ ᠪᠢᠯᠢᠭ ᠴᠢᠨᠠᠷ ᠎ᠤᠨ ᠭᠡᠷᠡᠴᠢ᠎ᠲᠡᠶ ᠪᠠᠢᠵᠤ᠂ ᠬᠥᠬᠡᠬᠣᠲᠠ᠎ᠶ᠋ᠢᠨ ᠡᠷᠡᠭᠦᠯ ᠮᠡᠨᠳᠦ ᠵᠢᠨ ᠺᠣᠳ᠋᠎ᠢ ᠱᠢᠷᠪᠢᠵᠦ᠍ ᠨᠣᠭᠣᠭᠠᠨ ᠺᠣᠳ᠋᠎ᠢᠶᠠᠨ ᠭᠠᠷᠭᠠᠨ ᠦᠵᠡᠭᠦᠯᠵᠦ᠍᠂ ᠬᠣᠲᠠ᠎ᠶ᠋ᠢᠨ ᠲᠠᠰ᠎ᠤᠨ ᠨᠡᠪᠲᠡᠷᠡᠬᠦ᠌ ᠭᠡᠷᠡᠴᠢ᠎ᠲᠡᠶ ᠪᠠᠢᠬᠤ ᠬᠡᠷᠡᠭ᠌ᠲᠡᠶ; ᠵᠠᠬ᠎ᠠ ᠳᠡᠯᠭᠡᠭᠦᠷ᠎ᠤᠨ ᠳᠤᠭᠤᠷᠢᠭ᠎ᠲᠤ ᠣᠷᠣᠵᠤ ᠠᠷᠠᠯᠵᠢᠶᠠᠯᠠᠬᠤ ᠬᠥᠮᠦᠰ ᠡᠷᠬᠡᠪᠰᠢ ᠬᠤᠪᠢ ᠬᠥᠮᠦᠨ᠎ᠦ ᠰᠡᠷᠭᠡᠢᠯᠡᠨ ᠬᠠᠮᠠᠭᠠᠯᠠᠬᠤ 《ᠭᠤᠷᠪᠠᠨ ᠵᠤᠢᠯ ᠎ᠢ ᠢᠵᠢ ᠪᠦᠷᠢᠳᠦᠬᠦᠯᠵᠦ》᠂ ᠲᠤᠬᠠᠢᠯᠠᠪᠠᠯ N95 ᠠᠮᠠᠪᠴᠢ ᠂ ᠭᠣᠮ ᠪᠡᠭᠡᠯᠡᠶ᠂ ᠰᠡᠷᠭᠡᠢᠯᠡᠨ ᠬᠠᠮᠠᠭᠠᠯᠠᠬᠤ ᠪᠠᠭ ᠵᠡᠭᠦᠬᠦ᠌ ᠬᠡᠷᠡᠭ᠌ᠲᠡᠶ; ᠵᠠᠬ᠎ᠠ ᠳᠡᠯᠭᠡᠭᠦᠷ᠎ᠤᠨ ᠳᠤᠭᠤᠷᠢᠭ᠎ᠲᠤ ᠤᠷᠤᠬᠤ ᠪᠤᠢ ᠪᠦᠬᠦᠢ ᠲᠡᠷᠭᠡ ᠳᠠᠩ ᠴᠢᠭ᠌ᠯᠡᠯ᠎ᠢᠶᠡᠷ ᠶᠠᠪᠤᠵᠤ ᠂ ᠵᠡᠭᠦᠨ ᠡᠭᠦᠳᠡ᠎ᠪᠡᠷ ᠣᠷᠣᠵᠤ ᠂ ᠪᠠᠷᠠᠭᠤᠨ ᠡᠭᠦᠳᠡ᠎ᠪᠡᠷ ᠭᠠᠷᠤᠨ᠎ᠠ᠃

ᠵᠠᠬ᠎ᠠ ᠳᠡᠯᠭᠡᠭᠦᠷ ᠎ᠦᠨ ᠢᠯᠡᠳᠭᠡᠮᠵᠢ ᠲᠡᠮᠳᠡᠭ ᠎ᠢ ᠲᠣᠳᠣᠷᠬᠠᠶ ᠪᠣᠯᠭᠠᠵᠤ᠂ ᠲᠦᠬᠦᠬᠡᠢ ᠰᠤᠷᠭᠤᠭ ᠢᠲᠠᠬᠡᠨ ᠎ᠢ A᠂ B ᠲᠣᠭᠣᠷᠢᠭ᠎ᠤᠨ ᠣᠷᠣᠨ ᠪᠠᠢᠷᠢ ᠨᠢ ᠰᠤᠯᠪᠢᠴᠠᠭᠰᠠᠨ ᠡᠵᠡᠩᠨᠡᠯᠲᠡ ᠬᠠᠮᠢᠶᠠᠷᠤᠯᠲᠠ᠎ᠶ᠋ᠢ ᠬᠡᠷᠡᠭ᠌ᠵᠢᠭᠦᠯᠪᠠ᠂ ᠲᠤᠬᠠᠢᠯᠠᠪᠠᠯ ᠪᠡᠯᠡᠳᠭᠡᠯ ᠠᠷᠢᠭᠤᠨ ᠴᠡᠪᠡᠷ ᠣᠷᠣᠨ ᠪᠦᠰᠡ ᠪᠠᠢᠵᠦ᠂ A ᠲᠣᠭᠣᠷᠢᠭ᠎ᠲᠤ ᠠᠰᠠᠭᠤᠳᠠᠯ ᠭᠠᠷᠪᠠᠯ A ᠲᠣᠭᠣᠷᠢᠭ᠎ᠢ ᠪᠢᠲᠡᠭᠦᠮᠵᠢᠯᠡᠨ ᠠᠷᠢᠭᠤᠳᠬᠠᠵᠦ᠂ B ᠲᠣᠭᠣᠷᠢᠭ᠎ᠤᠨ ᠡᠵᠡᠩᠨᠡᠯᠲᠡ᠎ᠶ᠋ᠢ ᠳᠠᠷᠤᠶ ᠲᠦᠷᠭᠡᠨ ᠡᠬᠢᠯᠡᠭᠦᠯᠵᠦ᠍᠂ ᠵᠠᠬ᠎ᠠ ᠳᠡᠯᠭᠡᠭᠦᠷ᠎ᠦᠨ ᠬᠠᠩᠭᠠᠯᠭ᠎ᠠ᠎ᠶ᠋ᠢ ᠪᠠᠲᠤᠯᠠᠨ᠎ᠠ ; ᠠᠷᠠᠯᠵᠢᠶᠠᠨ᠎ᠤ ᠲᠣᠭᠣᠷᠢᠭ ᠪᠣᠯᠤᠨ ᠪᠠᠷᠠᠭ᠎ᠠ ᠲᠤᠬᠢᠷᠠᠭᠤᠯᠬᠤ ᠲᠣᠭᠣᠷᠢᠭ ᠭᠠᠷᠭᠠᠵᠤ᠂ ᠬᠤᠳᠠᠯᠳᠤᠨ ᠠᠪᠬᠤ ᠪᠠ ᠪᠣᠷᠣᠯᠠᠭᠤᠯᠬᠤ ᠬᠣᠶᠠᠷ ᠲᠠᠯ᠎ᠠ᠎ᠪᠠᠷ᠎ᠢᠶᠠᠨ ᠵᠣᠯᠭᠠᠯᠴᠠᠬᠤ ᠦᠭᠡᠢ᠂ ᠪᠦᠲᠦᠮᠵᠢᠲᠡᠢ᠂ ᠳᠥᠭᠥᠮ ᠳᠥᠲᠡ ᠠᠷᠠᠯᠵᠢᠶ᠎ᠠ ᠬᠢᠬᠦ᠌᠎ᠶ᠋ᠢ ᠪᠠᠲᠤᠯᠠᠵᠤ᠂ ᠡᠭᠦᠨ᠎ᠢᠶᠡᠷ ᠬᠢᠵᠢᠭ᠎ᠦᠨ ᠪᠠᠢᠳᠠᠯ᠎ᠤᠨ ᠠᠶᠤᠯ ᠲᠦᠭ᠌ᠰᠢᠭᠦᠷᠢ ᠭᠡᠮ ᠰᠣᠭᠣᠭ᠎ᠢ ᠬᠠᠮᠤᠭ᠎ᠤᠨ ᠶᠡᠬᠡ ᠬᠡᠮᠵᠢᠢ᠎ᠡ᠎ᠪᠡᠷ ᠪᠠᠭᠠᠰᠭᠠᠵᠤ᠂ ᠵᠠᠬ᠎ᠠ ᠳᠡᠯᠭᠡᠭᠦᠷ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠮᠤᠷ ᠲᠦᠪᠱᠢᠨ᠎ᠦ ᠲᠣᠣᠷ᠎ᠢ ᠪᠠᠲᠤ ᠴᠣᠭ᠍ᠴᠠᠯᠠᠵᠠᠢ᠃

ᠡᠭᠦᠨ᠎ᠡᠴᠡ ᠡᠮᠦᠨ᠎ᠡ᠂ ᠰᠤᠷᠪᠤᠯᠵᠢᠯᠠᠭ᠍ᠴᠢ ᠬᠥᠬᠡᠬᠣᠲᠠ᠎ᠶ᠋ᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠰᠣᠨᠢᠨ ᠮᠡᠳᠡᠭᠡ ᠨᠡᠢᠲᠡᠯᠡᠬᠦ᠌ ᠬᠤᠷᠠᠯ᠎ᠠᠴᠠ ᠣᠢᠯᠠᠭᠠᠭ᠍ᠰᠠᠨ᠎ᠢᠶᠠᠷ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢ ᠨᠢᠭᠡᠳᠦᠯᠲᠡᠶ ᠲᠥᠯᠥᠪᠵᠢᠭᠦᠯᠵᠦ᠍᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌᠂ ᠠᠷᠠᠳ᠎ᠤᠨ ᠠᠮᠢᠳᠤᠷᠠᠯ᠎ᠢ ᠴᠤ᠌ ᠭᠦᠶ᠋ᠴᠡᠳ ᠪᠠᠲᠤᠯᠠᠬᠤ ᠬᠠᠷᠠᠯᠲᠠ᠎ᠶ᠋ᠢ ᠪᠡᠶᠡᠯᠡᠭᠦᠯᠬᠦ᠌᠎ᠶ᠋ᠢᠨ ᠲᠥᠯᠥᠭᠡ᠂ ᠬᠥᠬᠡᠬᠣᠲᠠ ᠬᠠᠮ ᠳᠡᠯᠭᠡᠭᠦᠷ ᠂ ᠲᠦᠭᠦᠮ ᠳᠡᠯᠭᠡᠭᠦᠷ ᠵᠡᠷᠭᠡ ᠠᠮᠢᠳᠤᠷᠠᠯ᠎ᠤᠨ ᠴᠢᠬᠤᠯᠠ ᠬᠡᠷᠡᠭ᠌ᠴᠡᠭᠡᠨ᠎ᠦ ᠵᠦᠶ᠋ᠯ᠎ᠦᠨ ᠡᠵᠡᠩᠨᠡᠯᠲᠡ᠎ᠶ᠋ᠢᠨ ᠲᠠᠯᠠᠪᠤᠷ᠎ᠤᠨ ᠬᠡᠪ ᠎ᠦᠨ ᠡᠵᠡᠩᠨᠡᠯᠲᠡ᠎ᠶ᠋ᠢ ᠢᠳᠡᠭ ᠢᠳᠡᠭ᠎ᠢᠶᠠᠷ ᠰᠡᠷᠭᠦᠭᠡᠵᠦ᠍᠂ ᠬᠣᠲᠠ᠎ᠶ᠋ᠢᠨ ᠳᠥᠷᠪᠡᠨ ᠲᠣᠭᠣᠷᠢᠭ᠎ᠤᠨ ᠰᠠᠭᠤᠭᠠᠯᠢ ᠠᠷᠠᠳ᠎ᠤᠨ ᠲᠣᠭᠣᠷᠢᠭ᠎ᠤᠨ ᠲᠥᠬᠥᠮ ᠳᠡᠯᠭᠡᠭᠦᠷ ᠪᠠ ᠵᠡᠭᠡᠯᠢ ᠳᠠᠭᠠᠤ ᠵᠢᠨ ᠡᠭᠦᠳᠡᠨ ᠳᠡᠯᠭᠡᠭᠦᠷ᠎ᠢ ᠰᠡᠷᠬᠦᠬᠡᠬᠦ᠎ᠶ᠋ᠢ ᠠᠬᠢᠭᠤᠯᠵᠤ᠂ ᠲᠣᠬᠢᠷᠠᠭᠤᠯᠤᠨ ᠬᠦᠷᠭᠡᠬᠦ᠌ ᠲᠤᠤᠷ ᠴᠡᠭ᠎ᠢ ᠪᠠᠶᠠᠯᠢᠭ᠍ᠵᠢᠭᠤᠯᠪᠠ᠃

ᠣᠢᠯᠠᠭᠠᠭ᠍ᠰᠠᠨ᠎ᠢᠶᠠᠷ ᠂ ᠬᠥᠬᠡᠬᠣᠲᠠ ᠬᠠᠩᠭᠠᠯᠭ᠎ᠠ᠎ᠶ᠋ᠢ ᠪᠠᠲᠤᠯᠠᠬᠤ ᠵᠠᠬ᠎ᠠ ᠳᠡᠯᠭᠡᠭᠦᠷ᠎ᠦᠨ ᠭᠤᠤᠯ ᠴᠣᠭ᠍ᠴᠠ᠎ᠶ᠋ᠢᠨ ᠰᠡᠷᠬᠦᠬᠡᠪᠠᠰᠤ ᠵᠤᠬᠢᠬᠤ᠎ᠶᠢ ᠴᠥᠮ ᠰᠡᠷᠬᠦᠬᠡᠵᠤ᠂ ᠣᠲᠤᠬᠠᠨ ᠪᠣᠯᠲᠠᠯ᠎ᠠ᠂ ᠡᠵᠡᠩᠨᠡᠵᠦ᠍ ᠪᠠᠢᠭ᠎ᠠ ᠲᠠᠷᠢᠶᠠᠯᠠᠩ᠎ᠤᠨ ᠠᠷᠠᠯᠵᠢᠶᠠᠨ᠎ᠤ ᠵᠠᠬ᠎ᠠ ᠳᠡᠯᠭᠡᠭᠦᠷ 19᠂ ᠲᠣᠮᠣ ᠬᠡᠯᠪᠡᠷᠢ᠎ᠶ᠋ᠢᠨ ᠬᠡᠯᠬᠢᠶᠡᠵᠢᠭᠰᠡᠨ ᠬᠠᠮ ᠳᠡᠯᠭᠡᠭᠦᠷ᠂ ᠲᠦᠭᠦᠬᠡᠶ ᠰᠣᠷᠭᠣᠭ ᠢᠳᠡᠭᠡᠨ᠎ᠦ ᠳᠡᠯᠭᠡᠭᠦᠷ 91᠂ ᠡᠯᠧᠺᠲ᠋ᠷᠣᠨ ᠬᠤᠳᠠᠯᠳᠤᠭᠠᠨ᠎ᠤ ᠠᠵᠤ ᠠᠬᠤᠢᠯᠠᠯ 48᠂ ᠪᠤᠰᠤᠳ ᠡᠯ᠎ᠡ ᠲᠥᠷᠥᠯ᠎ᠦᠨ ᠵᠡᠭᠡᠯᠢ ᠳᠠᠭᠠᠤ ᠵᠢᠨ ᠡᠭᠦᠳᠡᠨ ᠳᠡᠯᠭᠡᠭᠦᠷ 4230᠂ ᠡᠮ᠎ᠦᠨ ᠳᠡᠯᠭᠡᠭᠦᠷ 813 ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面