ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠮᠡᠳᠡᠭᠡᠯᠡᠯ

2022-11-17 21:34:27

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

ᠬᠥᠬᠡᠬᠣᠲᠠ ᠄ ᠲᠤᠬᠠᠢ ᠵᠢᠨ ᠭᠠᠵᠠᠷ᠎ᠤᠨ ᠡᠪᠡᠳᠴᠢᠲᠡᠨ 77᠂ ᠡᠪᠡᠳᠴᠢᠨ᠎ᠦ᠌ ᠢᠯᠡᠷᠡᠯ ᠦᠭᠡᠢ ᠬᠠᠯᠳᠠᠪᠤᠷᠢᠯᠠᠭᠳᠠᠭᠴᠢ 888 ᠰᠢᠨ᠎ᠡ ᠪᠡᠷ ᠨᠡᠮᠡᠭᠳᠡᠵᠡᠢ᠂ 177 ᠦᠨᠳᠦᠷ ᠲᠦᠭᠰᠢᠭᠦᠷᠢᠲᠡᠢ ᠣᠷᠣᠨ᠎ᠢ ᠳᠤᠤᠷ᠎ᠠ ᠲᠦᠭᠰᠢᠭᠦᠷᠢᠲᠠᠢ ᠣᠷᠣᠨ ᠪᠣᠯᠭᠠᠨ ᠲᠤᠬᠢᠷᠠᠭᠤᠯᠪᠠ

ᠬᠥᠬᠡᠬᠣᠲᠠ᠎ᠶ᠋ᠢᠨ ᠬᠢᠵᠢᠭ᠎ᠦ᠋ᠨ ᠪᠠᠢᠳᠠᠯ᠎ᠢ᠋ ᠰᠡᠷᠭᠡᠢᠯᠡᠨ ᠡᠵᠡᠮᠳᠡᠬᠦ ᠠᠵᠢᠯ᠎ᠤ᠋ᠨ ᠰᠣᠨᠢᠨ ᠮᠡᠳᠡᠭᠡ ᠨᠡᠢᠲᠡᠯᠡᠬᠦ ᠬᠤᠷᠠᠯ ( 76 ᠳ᠋ᠤᠭᠠᠷ ᠲᠠᠯᠠᠪᠠᠢ ) ᠳᠡᠭᠡᠷ᠎ᠡ ᠨᠡᠢᠲᠡᠯᠡᠭᠰᠡᠨ᠎ᠢ᠋ᠶ᠋ᠡᠷ᠂ 11 ᠰᠠᠷ᠎ᠠ᠎ᠶ᠋ᠢᠨ 16᠎ᠤ᠋ ᠡᠳᠦᠷ᠎ᠦ᠋ᠨ 0 ᠠ᠋ᠴᠠ 24 ᠴᠠᠭ ᠪᠣᠯᠲᠠᠯ᠎ᠠ᠂ ᠬᠥᠬᠡᠬᠣᠲᠠ᠎ᠳ᠋ᠤ᠌ ᠲᠤᠬᠠᠢ ᠵᠢᠨ ᠭᠠᠵᠠᠷ᠎ᠤᠨ ᠡᠪᠡᠳᠴᠢᠲᠡᠨ 77᠂ ᠡᠪᠡᠳᠴᠢᠨ᠎ᠦ᠌ ᠢᠯᠡᠷᠡᠯ ᠦᠭᠡᠢ ᠬᠠᠯᠳᠠᠪᠤᠷᠢᠯᠠᠭᠳᠠᠭᠴᠢ 888 ᠰᠢᠨ᠎ᠡ ᠪᠡᠷ ᠨᠡᠮᠡᠭᠳᠡᠵᠡᠢ᠃ ᠰᠢᠨ᠎ᠡ᠎ᠪᠡᠷ ᠨᠡᠮᠡᠭᠳᠡᠭᠰᠡᠨ ᠬᠠᠯᠳᠠᠪᠤᠷᠢᠯᠠᠭᠳᠠᠭᠰᠠᠳ᠎ᠤ᠋ᠨ ᠳᠣᠲᠣᠷ᠎ᠠ 891 ᠵᠢᠱ᠌ᠢᠶ᠎ᠡ ᠨᠢ ᠲᠤᠰᠠᠭᠠᠷᠯᠠᠨ ᠬᠠᠮᠢᠶᠠᠷᠴᠤ ᠡᠵᠡᠮᠳᠡᠵᠦ ᠪᠠᠢᠭ᠎ᠠ ᠬᠥᠮᠦᠨ᠎ᠦ᠌ ᠳᠣᠲᠣᠷ᠎ᠠ ᠡᠴᠡ ᠪᠠᠢᠴᠠᠭᠠᠨ ᠭᠠᠷᠭᠠᠵᠠᠢ᠃ ᠲᠤᠰ ᠡᠳᠦᠷ 87 ᠲᠤᠬᠠᠢ ᠵᠢᠨ ᠭᠠᠵᠠᠷ᠎ᠤᠨ ᠡᠪᠡᠳᠴᠢᠲᠡᠨ ᠢᠯᠡᠷᠢᠰᠢᠵᠦ ᠡᠮᠨᠡᠯᠭᠡ ᠡᠴᠡ ᠭᠠᠷᠴᠤ᠂ 1725 ᠲᠤᠬᠠᠢ ᠵᠢᠨ ᠭᠠᠵᠠᠷ᠎ᠤᠨ ᠡᠪᠡᠳᠴᠢᠨ᠎ᠦ᠌ ᠢᠯᠡᠷᠡᠯ ᠦᠭᠡᠢ ᠬᠠᠯᠳᠠᠪᠤᠷᠢᠯᠠᠭᠳᠠᠭᠴᠢ ᠵᠢ ᠠᠨᠠᠭᠠᠬᠤ ᠤᠬᠠᠭᠠᠨ ᠎ᠤ ᠠᠵᠢᠭᠯᠠᠯᠲᠠ ᠡᠴᠡ ᠭᠠᠷᠭᠠᠵᠡᠢ᠃

11 ᠰᠠᠷ᠎ᠠ᠎ᠶ᠋ᠢᠨ 16᠎ᠤ᠋ ᠡᠳᠦᠷ᠂ ᠬᠦᠬᠡᠬᠤᠲᠠ 102 ᠳᠤᠤᠷ᠎ᠠ ᠲᠦᠭᠰᠢᠭᠦᠷᠢᠲᠡᠢ ᠤᠷᠤᠨ᠎ᠢ ᠦᠨᠳᠦᠷ ᠲᠦᠭᠰᠢᠭᠦᠷᠢᠲᠡᠢ ᠤᠷᠤᠨ ᠪᠤᠯᠭᠠᠨ᠂ 177 ᠦᠨᠳᠦᠷ ᠲᠦᠭᠰᠢᠭᠦᠷᠢᠲᠡᠢ ᠣᠷᠣᠨ᠎ᠢ ᠳᠤᠤᠷ᠎ᠠ ᠲᠦᠭᠰᠢᠭᠦᠷᠢᠲᠠᠢ ᠣᠷᠣᠨ ᠪᠣᠯᠭᠠᠨ ᠲᠤᠬᠢᠷᠠᠭᠤᠯᠪᠠ᠃

ᠬᠥᠬᠡᠬᠣᠲᠠ᠎ᠶ᠋ᠢᠨ 50269 ᠺᠠᠳ᠋ᠷ ᠬᠢᠵᠢᠭ᠎ᠦ᠋ᠨ ᠪᠠᠢᠳᠠᠯ᠎ᠢ᠋ ᠰᠡᠷᠭᠡᠢᠯᠡᠨ ᠡᠵᠡᠮᠳᠡᠬᠦ ᠨᠢᠭᠡᠳᠦᠭᠡᠷ ᠹᠷᠣᠨᠲ᠎ᠲᠤ᠌ ᠭᠠᠪᠰᠢᠭᠠᠢᠯᠠᠵᠤ ᠪᠠᠢᠨ᠎ᠠ

ᠥᠪᠡᠷᠲᠡᠭᠡᠨ ᠵᠠᠰᠠᠬᠤ ᠣᠷᠣᠨ᠎ᠤ᠋ ᠪᠠᠢᠭᠤᠯᠭ᠎ᠠ᠎ᠶ᠋ᠢᠨ ᠺᠠᠳ᠋ᠷᠴᠤᠳ ᠬᠥᠬᠡᠬᠣᠲᠠ ᠵᠢᠨ ᠡᠯ᠎ᠡ ᠨᠡᠢᠭᠡᠮ ᠲᠣᠭᠣᠷᠢᠭ᠎ᠤ᠋ᠨ ᠨᠢᠭᠡᠳᠦᠭᠡᠷ ᠹᠷᠣᠨᠲ᠎ᠲᠤ᠌ ᠭᠦᠨᠵᠡᠭᠡᠢᠷᠡᠨ᠂ ᠨᠡᠢᠭᠡᠮ ᠲᠣᠭᠣᠷᠢᠭ᠎ᠤ᠋ᠨ ᠬᠢᠵᠢᠭ᠎ᠢ᠋ ᠰᠡᠷᠭᠡᠢᠯᠡᠨ ᠡᠵᠡᠮᠳᠡᠬᠦ ᠠᠵᠢᠯ᠎ᠳ᠋ᠤ᠌ ᠬᠦᠴᠦᠨ ᠨᠡᠮᠡᠷᠢᠯᠡᠵᠦ ᠪᠤᠢ᠃ ᠬᠥᠬᠡᠬᠣᠲᠠ᠎ᠶ᠋ᠢᠨ ᠬᠢᠵᠢᠭ᠎ᠦ᠋ᠨ ᠪᠠᠢᠳᠠᠯ᠎ᠢ᠋ ᠰᠡᠷᠭᠡᠢᠯᠡᠨ ᠡᠵᠡᠮᠳᠡᠬᠦ ᠠᠵᠢᠯ᠎ᠤ᠋ᠨ ᠰᠣᠨᠢᠨ ᠮᠡᠳᠡᠭᠡ ᠨᠡᠢᠲᠡᠯᠡᠬᠦ ᠬᠤᠷᠠᠯ ( 76 ᠳ᠋ᠤᠭᠠᠷ ᠲᠠᠯᠠᠪᠠᠢ ) ᠳᠡᠭᠡᠷ᠎ᠡ᠂ ᠬᠥᠬᠡᠬᠣᠲᠠ᠎ᠶ᠋ᠢᠨ ᠨᠠᠮ᠎ᠤ᠋ᠨ ᠬᠣᠷᠢᠶ᠎ᠠ᠎ᠶ᠋ᠢᠨ ᠵᠣᠬᠢᠶᠠᠨ ᠪᠠᠢᠭᠤᠯᠬᠤ ᠬᠡᠯᠲᠡᠰ᠎ᠦ᠋ᠨ ᠪᠠᠢᠩᠭᠤ᠎ᠶ᠋ᠢᠨ ᠳᠡᠳ᠋ ᠳᠠᠷᠤᠭ᠎ᠠ ᠪᠤᠯᠠᠭ ᠲᠠᠨᠢᠯᠴᠠᠭᠤᠯᠬᠤ᠎ᠳ᠋ᠠᠭᠠᠨ᠂ ᠬᠢᠵᠢᠭ ᠭᠠᠷᠤᠭᠰᠠᠨ ᠡᠴᠡ ᠨᠡᠭᠠᠰᠢ ᠬᠥᠬᠡᠬᠣᠲᠠ ᠤᠯᠤᠰ᠎ᠤ᠋ᠨ ᠠᠵᠢᠯᠯᠠᠬᠤ ᠳᠤᠭᠤᠢᠯᠠᠩ᠂ ᠤᠷᠤᠨ ᠬᠣᠲᠠ᠎ᠶ᠋ᠢᠨ ᠬᠣᠶᠠᠷ ᠱᠠᠲᠤᠨ᠎ᠤ᠋ ᠵᠢᠯᠣᠭᠣᠳᠬᠤ ᠭᠠᠵᠠᠷ᠎ᠤᠨ ᠪᠠᠢᠷᠢᠯᠠᠭᠤᠯᠤᠯᠲᠠ᠎ᠶ᠋ᠢᠨ ᠱᠠᠭᠠᠷᠳᠠᠯᠭ᠎ᠠ᠎ᠶ᠋ᠢ ᠴᠢᠩᠭ᠎ᠠ ᠵᠢᠷᠤᠮᠯᠠᠨ᠂ ᠬᠣᠷᠢᠨ ᠵᠤᠷᠪᠤᠰ ᠠᠷᠭ᠎ᠠ ᠬᠡᠮᠵᠢᠶ᠎ᠡ᠎ᠶ᠋ᠢ ᠬᠢᠨᠠᠮᠠᠭᠠᠢ ᠨᠠᠢᠳᠠᠪᠤᠷᠢᠵᠢᠭᠤᠯᠵᠤ᠂ ᠨᠡᠢᠭᠡᠮ ᠲᠣᠭᠣᠷᠢᠭ᠎ᠤ᠋ᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ᠎ᠶ᠋ᠢ ᠲᠠᠰᠤᠷᠠᠯᠲᠠ ᠦᠭᠡᠢ ᠲᠣᠬᠢᠷᠠᠭᠤᠯᠤᠨ ᠲᠡᠭᠦᠯᠳᠡᠷᠵᠢᠭᠦᠯᠵᠦ᠂ ᠨᠡᠢᠭᠡᠮ ᠲᠣᠭᠣᠷᠢᠭ᠎ᠤ᠋ᠨ ᠬᠠᠮᠢᠶᠠᠷᠤᠨ ᠡᠵᠡᠮᠳᠡᠬᠦ ᠬᠢᠷᠢ ᠬᠡᠮᠵᠢᠶ᠎ᠡ ᠪᠣᠯᠤᠨ ᠴᠢᠳᠠᠪᠤᠷᠢ᠎ᠶ᠋ᠢ ᠰᠢᠯᠢᠳᠡᠭᠵᠢᠭᠦᠯᠦᠨ ᠳᠡᠭᠡᠭᠰᠢᠯᠡᠭᠦᠯᠵᠦ᠂ ᠵᠣᠬᠢᠶᠠᠨ ᠪᠠᠢᠭᠤᠯᠤᠯᠲᠠ᠎ᠶ᠋ᠢᠨ ᠳᠠᠪᠠᠭᠤᠯᠢᠭ᠎ᠢ᠋ᠶ᠋ᠠᠨ ᠴᠢᠨᠠᠭᠰᠢᠳᠠ ᠪᠠᠳᠠᠷᠠᠭᠤᠯᠵᠤ᠂ ᠵᠣᠬᠢᠶᠠᠨ ᠪᠠᠢᠭᠤᠯᠤᠯᠲᠠ᠎ᠶ᠋ᠢᠨ ᠡᠬᠢ ᠪᠠᠶᠠᠯᠢᠭ᠎ᠢ᠋ ᠳᠠᠢᠴᠢᠯᠠᠨ᠂ ᠥᠷᠭᠡᠨ ᠣᠯᠠᠨ ᠨᠠᠮ᠎ᠤ᠋ᠨ ᠭᠡᠰᠢᠭᠦᠨ ᠺᠠᠳ᠋ᠷ᠎ᠢ᠋ ᠪᠦᠬᠦ ᠲᠠᠯ᠎ᠠ᠎ᠪᠠᠷ ᠳᠠᠢᠴᠢᠯᠠᠵᠤ ᠬᠢᠵᠢᠭ᠎ᠢ᠋ ᠰᠡᠷᠭᠡᠢᠯᠡᠨ ᠡᠵᠡᠮᠳᠡᠬᠦ ᠳᠠᠢᠨ᠎ᠳ᠋ᠦ᠍ ᠣᠷᠣᠯᠴᠠᠭᠤᠯᠵᠤ᠂《ᠬᠥᠬᠡᠬᠣᠲᠠ᠎ᠶ᠋ᠢ ᠬᠠᠮᠠᠭᠠᠯᠠᠬᠤ ᠲᠡᠢᠯᠠᠯᠳᠤᠭᠠᠨ 》 ᠢ᠋ ᠰᠠᠢᠲᠤᠷ ᠬᠢᠬᠦ᠎ᠳ᠋ᠦ᠍ ᠬᠦᠴᠦᠲᠡᠢ ᠵᠣᠬᠢᠶᠠᠨ ᠪᠠᠢᠭᠤᠯᠤᠯᠲᠠ᠎ᠶ᠋ᠢᠨ ᠪᠠᠲᠤᠯᠠᠭ᠎ᠠ ᠬᠠᠩᠭᠠᠭᠰᠠᠨ ᠪᠠᠢᠨ᠎ᠠ᠃ ᠣᠳᠣᠬᠠᠨ᠎ᠳ᠋ᠤ᠌ ᠪᠦᠬᠦ ᠬᠣᠲᠠ᠎ᠶ᠋ᠢᠨ ᠨᠡᠢᠲᠡ 50269 ᠺᠠᠳ᠋ᠷ ᠬᠢᠵᠢᠭ᠎ᠦ᠋ᠨ ᠪᠠᠢᠳᠠᠯ᠎ᠢ᠋ ᠰᠡᠷᠭᠡᠢᠯᠡᠨ ᠡᠵᠡᠮᠳᠡᠬᠦ ᠨᠢᠭᠡᠳᠦᠭᠡᠷ ᠹᠷᠣᠨᠲ᠎ᠲᠤ᠌ ᠭᠠᠪᠰᠢᠭᠠᠢᠯᠠᠵᠤ ᠪᠠᠢᠨ᠎ᠠ᠃ ᠣᠢᠷ᠎ᠠ᠎ᠳ᠋ᠤ᠌ ᠳᠠᠭᠠᠭᠠᠴᠢᠯᠠᠨ ᠬᠤᠯᠪᠤᠭᠠᠯᠠᠬᠤ ᠺᠠᠳ᠋ᠷ᠎ᠢ᠋ 《ᠡᠮᠨᠡᠯᠭᠡ᠎ᠶ᠋ᠢᠨ ᠬᠣᠷᠢᠶᠠᠨ᠎ᠳ᠋ᠤ᠌ ᠣᠷᠣᠭᠤᠯᠬᠤ᠂ ᠬᠤᠯᠪᠤᠭᠠᠨ ᠳ᠋ᠤ ᠣᠷᠣᠭᠤᠯᠬᠤ᠂ ᠬᠢᠵᠢᠭ᠎ᠤᠨ ᠳᠠᠢᠨ᠎ᠤ ᠲᠠᠯᠠᠪᠤᠷ ᠲᠤ᠌᠎ᠣᠷᠣᠭᠤᠯᠬᠤ》 ᠶ᠋ᠢᠨ ᠲᠣᠭᠣᠷᠢᠨ᠎ᠳ᠋ᠤ᠌ ᠭᠣᠣᠯᠳᠠᠭᠤ ᠳᠣᠣᠷᠠᠬᠢ ᠮᠡᠲᠦ ᠠᠵᠢᠯ᠎ᠤ᠋ᠳ᠎ᠢ᠋ ᠬᠢᠪᠡ ᠭᠡᠵᠦ ᠪᠠᠢᠯ᠎ᠠ᠃

ᠨᠢᠭᠡ᠎ᠳ᠋ᠦ᠍᠂《ᠠᠵᠢᠯᠲᠠᠨ᠎ᠤ᠋ ᠬᠦᠴᠦᠨ ᠬᠦᠷᠦᠯᠴᠡᠬᠦ ᠥᠬᠡᠢ》ᠠᠰᠠᠭᠤᠳᠠᠯ᠎ᠳ᠋ᠤ᠌ ᠴᠢᠭᠯᠡᠭᠦᠯᠦᠨ᠂ ᠵᠣᠬᠢᠶᠠᠨ ᠪᠠᠢᠭᠤᠯᠤᠨ ᠳᠠᠢᠴᠢᠯᠠᠬᠤ ᠠᠵᠢᠯ᠎ᠢ᠋ ᠪᠥᠬᠥ ᠬᠦᠴᠦᠨ᠎ᠢ᠋ᠶ᠋ᠡᠷ ᠰᠠᠢᠲᠤᠷ ᠠᠳᠬᠤᠪᠠ᠃ 11 ᠰᠠᠷ᠎ᠠ᠎ᠶ᠋ᠢᠨ 16᠎ᠤ᠋ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠂ ᠬᠣᠲᠠ᠂ ᠬᠣᠰᠢᠭᠤ ᠲᠣᠭᠣᠷᠢᠭ᠎ᠤ᠋ᠨ ᠭᠤᠷᠪᠠᠨ ᠱᠠᠲᠤᠨ᠎ᠤ᠋ ᠬᠢᠨ ᠨᠡᠢᠲᠡ 6762 ᠳᠠᠭᠠᠭᠠᠴᠢᠯᠠᠨ ᠬᠤᠯᠪᠤᠭᠠᠯᠠᠬᠤ ᠴᠡᠭ᠎ᠲᠦ᠍ ᠰᠠᠭᠤᠬᠤ ᠺᠠᠳ᠋ᠷ᠎ᠢ᠋ ᠰᠣᠩᠭᠣᠨ ᠲᠣᠮᠢᠯᠠᠵᠤ᠂ 3.6 ᠲᠦᠮᠡᠨ ᠠᠵᠢᠯ᠎ᠤ᠋ᠨ ᠪᠠᠢᠷᠢ ᠳᠡᠭᠡᠷ᠎ᠡ᠎ᠪᠡᠨ ᠪᠠᠢᠬᠤ ᠨᠠᠮ᠎ᠤ᠋ᠨ ᠭᠡᠰᠢᠭᠦᠨ᠎ᠢ᠋ ᠳᠠᠢᠴᠢᠯᠠᠵᠤ᠂ ᠦᠨᠳᠦᠰᠦᠨ ᠱᠠᠲᠤᠨ᠎ᠤ᠋ ᠠᠵᠢᠯᠲᠠᠨ᠎ᠤ᠋ ᠬᠦᠴᠦᠨ ᠬᠦᠷᠦᠯᠴᠡᠬᠦ ᠦᠭᠡᠢ ᠪᠠᠢᠬᠤ ᠠᠰᠠᠭᠤᠳᠠᠯ᠎ᠢ᠋ ᠪᠦᠲᠦᠮᠵᠢᠲᠡᠢ ᠨᠠᠮᠳᠠᠭᠤᠯᠪᠠ᠃ ᠥᠪᠡᠷᠲᠡᠭᠡᠨ ᠵᠠᠰᠠᠬᠤ ᠣᠷᠣᠨ᠎ᠠ᠋ᠴᠠ ᠬᠥᠬᠡᠬᠣᠲᠠ᠎ᠳ᠋ᠤ᠌ ᠳᠡᠮᠵᠢᠯᠭᠡ ᠦᠵᠡᠭᠦᠯᠬᠦ ᠡᠷᠴᠢᠮ᠎ᠢ᠋ᠶ᠋ᠡᠨ ᠤᠯᠠᠮ ᠨᠢᠭᠡ ᠠᠯᠬᠤᠮ ᠴᠢᠩᠭᠠᠷᠠᠭᠤᠯᠵᠤ᠂ ᠲᠢᠩᠬᠢᠮ ᠲᠣᠪᠴᠢᠶ᠎ᠠ᠎ᠠ᠋ᠴᠠ 287 ᠺᠠᠳ᠋ᠷ᠎ᠢ᠋ ᠰᠣᠩᠭᠣᠨ ᠲᠣᠮᠢᠯᠠᠵᠤ᠂ 138 ᠰᠠᠭᠤᠭᠠᠯᠢ ᠲᠣᠭᠣᠷᠢᠭ᠎ᠲᠤ᠌ ᠰᠢᠭᠤᠳ ᠣᠴᠢᠭᠤᠯᠵᠤ᠂ ᠡᠪᠡᠳᠴᠢᠨ᠎ᠤ ᠵᠢᠱ᠌ᠢᠶ᠎ᠡ ᠵᠢ ᠦᠭᠡᠢ ᠪᠤᠯᠭᠠᠬᠤ ᠠᠵᠢᠯ᠎ᠢ᠋ ᠬᠠᠪᠰᠤᠷᠤᠨ ᠠᠬᠢᠭᠤᠯᠪᠠ᠃ ᠡᠭᠦᠨ᠎ᠦ᠌ ᠬᠠᠮᠲᠤ᠂ ᠬᠥᠬᠡᠬᠣᠲᠠ᠎ᠶ᠋ᠢᠨ ᠰᠢᠭᠤᠳ ᠬᠠᠷᠢᠶ᠎ᠠ ᠪᠠᠢᠭᠤᠯᠭ᠎ᠠ ᠡᠴᠡ 525 ᠺᠠᠳ᠋ᠷ᠎ᠢ᠋ ᠪᠠᠴᠢᠮ ᠰᠢᠯᠵᠢᠭᠦᠯᠦᠨ ᠵᠣᠴᠢᠳ᠎ᠤ᠋ᠨ ᠪᠠᠭᠤᠳᠠᠯ᠂ ᠭᠣᠣᠯᠳᠠᠯᠭ᠎ᠠ᠎ᠲᠠᠢ ᠰᠠᠭᠤᠭᠠᠯᠢ ᠲᠣᠭᠣᠷᠢᠭ᠎ᠲᠤ᠌ ᠣᠴᠢᠭᠤᠯᠵᠤ᠂ ᠴᠡᠷᠢᠭ᠎ᠦ᠋ᠨ ᠬᠦᠴᠦᠨ᠎ᠢ᠋ᠶ᠋ᠡᠨ ᠲᠥᠪᠯᠡᠷᠡᠭᠦᠯᠦᠨ ᠪᠣᠭᠣᠮᠲᠠ ᠰᠢᠪᠲᠤᠯᠵᠠᠢ᠃

ᠬᠣᠶᠠᠷ᠎ᠲᠤ᠌᠂ 《ᠦᠢᠯᠡᠳᠦᠯ ᠎ᠢ᠋ ᠪᠦᠲᠦᠮᠵᠢᠲᠡᠢ ᠪᠠᠳᠠᠷᠠᠭᠤᠯᠬᠤ》 ᠠᠰᠠᠭᠤᠳᠠᠯ᠎ᠳ᠋ᠤ᠌ ᠴᠢᠭᠯᠡᠭᠦᠯᠦᠨ᠂ ᠠᠵᠢᠯ᠎ᠤ᠋ᠨ ᠵᠢᠯᠣᠭᠣᠳᠤᠯᠭ᠎ᠠ᠎ᠶ᠋ᠢ ᠪᠥᠬᠥ ᠶᠠᠪᠤᠴᠠ᠎ᠳ᠋ᠤ᠌ ᠴᠢᠩᠭᠠᠳᠬᠠᠪᠠ᠃ ᠳᠠᠭᠠᠭᠠᠴᠢᠯᠠᠨ ᠬᠤᠯᠪᠤᠭᠠᠯᠠᠬᠤ ᠺᠠᠳ᠋ᠷ᠎ᠲᠤ᠌ 《ᠠᠵᠢᠯ᠎ᠤ᠋ᠨ ᠵᠢᠯᠣᠭᠣᠳᠤᠮᠵᠢ》ᠲᠣᠭᠲᠠᠭᠠᠨ ᠦᠭᠴᠦ᠂ ᠪᠥᠭᠡᠮ ᠬᠦᠴᠢᠯ᠎ᠤᠨ ᠦᠯᠢᠭᠡᠷ ᠠᠪᠬᠤ᠂ ᠠᠮᠢᠳᠤᠷᠠᠯ᠎ᠤ᠋ᠨ ᠬᠠᠩᠭᠠᠯᠭ᠎ᠠ ᠵᠢ ᠪᠠᠲᠤᠯᠠᠬᠤ᠂ ᠣᠨᠴᠠ ᠬᠠᠯᠠᠮᠵᠢᠯᠠᠯ ᠦᠵᠡᠭᠦᠯᠬᠦ ᠵᠡᠷᠭᠡ 7 ᠲᠥᠷᠥᠯ᠎ᠦ᠋ᠨ ᠡᠭᠦᠷᠭᠡ ᠬᠠᠷᠢᠭᠤᠴᠠᠯᠭ᠎ᠠ᠎ᠶ᠋ᠢ ᠲᠣᠳᠣᠷᠬᠠᠢᠯᠠᠵᠤ᠂ ᠳᠡᠰ ᠳᠠᠷᠠᠭᠠᠯᠠᠯ᠎ᠢ᠋ ᠨᠢ ᠵᠦᠢᠯ ᠳᠠᠷᠠᠭᠠᠯᠠᠨ ᠰᠢᠯᠢᠳᠡᠭᠵᠢᠭᠦᠯᠵᠦ᠂ ᠲᠡᠳᠡᠨ᠎ᠤ ᠦᠷ᠎ᠡ ᠪᠦᠲᠦᠮᠵᠢᠲᠡᠢ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠬᠦ᠎ᠶ᠋ᠢ ᠨᠢ ᠬᠠᠪᠰᠤᠷᠤᠨ ᠳᠡᠮᠵᠢᠪᠡ᠃ ᠨᠡᠢᠭᠡᠮ ᠲᠣᠭᠣᠷᠢᠭ᠎ᠤ᠋ᠨ ᠺᠠᠳ᠋ᠷ᠎ᠲᠤ᠌《1+8+N》 ᠰᠠᠭᠤᠭᠠᠯᠢ ᠲᠣᠭᠣᠷᠢᠭ᠎ᠤ᠋ᠨ ᠬᠢᠵᠢᠭ᠎ᠦ᠋ᠨ ᠪᠠᠢᠳᠠᠯ᠎ᠢ᠋ ᠰᠡᠷᠭᠡᠢᠯᠡᠨ ᠡᠵᠡᠮᠳᠡᠬᠦ ᠪᠠᠢᠯᠳᠤᠭᠠᠨ ᠬᠢᠬᠦ ᠰᠢᠰᠲ᠋ᠧᠮ᠎ᠢ᠋ ᠪᠠᠢᠭᠤᠯᠤᠨ ᠦᠭᠴᠦ᠂ ᠡᠭᠦᠷᠭᠡ ᠬᠠᠷᠢᠭᠤᠴᠠᠯᠭ᠎ᠠ᠎ᠶ᠋ᠢᠨ ᠠᠵᠢᠯ᠎ᠤ᠋ᠨ ᠬᠤᠪᠢᠶᠠᠷᠢᠯᠠᠯ ᠶᠣᠰᠣᠭᠠᠷ 《ᠳᠣᠲᠣᠭᠠᠳᠤ ᠲᠠᠯᠠᠪᠤᠷ》 ᠲᠤ᠌ ᠣᠷᠣᠵᠤ ᠠᠵᠢᠯᠯᠠᠬᠤ᠎ᠶ᠋ᠢ ᠱᠠᠭᠠᠷᠳᠠᠵᠤ᠂ ᠣᠨᠴᠠᠭᠠᠢᠯᠠᠨ ᠣᠨᠴᠠᠭᠠᠢ ᠬᠦᠴᠢᠷᠳᠡᠯᠲᠡᠢ ᠬᠥᠮᠦᠰ᠎ᠦ᠋ᠨ ᠠᠮᠢᠳᠤᠷᠠᠯ᠎ᠤ᠋ᠨ ᠪᠠᠢᠳᠠᠯ᠎ᠢ᠋ ᠠᠩᠬᠠᠷᠬᠤ᠎ᠪᠠᠷ ᠴᠢᠬᠤᠯᠠ ᠡᠭᠦᠷᠭᠡ᠎ᠪᠡᠨ ᠪᠣᠯᠭᠠᠵᠤ᠂ ᠬᠠᠯᠠᠮᠵᠢᠯᠠᠬᠤ᠂ ᠠᠮᠢᠳᠤᠷᠠᠯ᠎ᠢ᠋ ᠨᠢ ᠪᠠᠲᠤᠯᠠᠬᠤ᠂ ᠰᠡᠳᠬᠢᠴᠡ᠎ᠶ᠋ᠢᠨ ᠵᠢᠯᠣᠭᠣᠳᠤᠯᠭ᠎ᠠ ᠬᠢᠬᠦ ᠵᠡᠷᠭᠡ ᠠᠵᠢᠯ᠎ᠢ᠋ ᠰᠠᠢᠲᠤᠷ ᠬᠢᠬᠦ ᠬᠡᠷᠡᠭᠲᠡᠢ ᠭᠡᠵᠦ ᠱᠠᠭᠠᠷᠳᠠᠵᠠᠢ᠃

ᠭᠤᠷᠪᠠ᠎ᠳ᠋ᠤ᠌᠂ 《ᠣᠯᠠᠨ ᠲᠦᠮᠡᠨ ᠎ᠦ᠌ ᠬᠦᠰᠡᠯ ᠱᠠᠭᠠᠷᠳᠠᠯᠭ᠎ᠠ ᠎ᠶ᠋ᠢ ᠰᠢᠢᠳᠪᠦᠷᠢᠯᠡᠬᠦ》ᠠᠰᠠᠭᠤᠳᠠᠯ᠎ᠳ᠋ᠤ᠌ ᠴᠢᠭᠯᠡᠭᠦᠯᠦᠨ᠂ ᠳᠠᠭᠠᠭᠠᠴᠢᠯᠠᠨ ᠬᠤᠯᠪᠤᠭᠠᠯᠠᠬᠤ ᠺᠠᠳ᠋ᠷᠴᠤᠳ᠎ᠤ᠋ᠨ 《ᠭᠤᠷᠪᠠ ᠎ᠳᠤ ᠣᠷᠣᠭᠤᠯᠬᠤ 》᠂《ᠬᠣᠶᠠᠷ ᠠᠰᠠᠭᠤᠳᠠᠯ 》 ᠎ᠢ ᠰᠢᠢᠳᠪᠦᠷᠢᠯᠡᠬᠦ ᠠᠵᠢᠯᠯᠠᠭ᠎ᠠ᠎ᠶ᠋ᠢ ᠪᠥᠬᠥ ᠲᠠᠯ᠎ᠠ᠎ᠪᠠᠷ ᠥᠷᠨᠢᠭᠦᠯᠪᠡ᠃ ᠤᠷᠤᠨ ᠬᠣᠲᠠ᠎ᠶ᠋ᠢᠨ ᠵᠢᠯᠣᠭᠣᠳᠬᠤ ᠭᠠᠵᠠᠷ᠎ᠤ᠋ᠨ ᠪᠠᠢᠷᠢᠯᠠᠭᠤᠯᠤᠯᠲᠠ᠎ᠶ᠋ᠢᠨ ᠱᠠᠭᠠᠷᠳᠠᠯᠭ᠎ᠠ ᠶᠣᠰᠣᠭᠠᠷ᠂ 11 ᠰᠠᠷ᠎ᠠ᠎ᠶ᠋ᠢᠨ 15᠎ᠤ᠋ ᠡᠳᠦᠷ《ᠭᠤᠷᠪᠠ᠎ᠳᠤ ᠣᠷᠣᠭᠤᠯᠬᠤ》 ᠠᠵᠢᠯ᠎ᠳ᠋ᠤ᠌ ᠲᠤᠰᠬᠠᠢ ᠪᠠᠢᠷᠢᠯᠠᠭᠤᠯᠤᠯᠲᠠ ᠬᠢᠪᠡ᠃ 《ᠡᠮᠨᠡᠯᠭᠡ ᠵᠢᠨ ᠬᠤᠷᠢᠶᠠᠨ᠎ᠳ᠋ᠦ᠍ ᠣᠷᠣᠭᠤᠯᠬᠤ》 ᠲᠠᠯ᠎ᠠ᠎ᠪᠠᠷ᠂ ᠳᠠᠭᠠᠭᠠᠴᠢᠯᠠᠨ ᠬᠤᠯᠪᠤᠭᠠᠯᠠᠬᠤ ᠪᠠᠢᠭᠤᠯᠭ᠎ᠠ ᠵᠢᠨ 《ᠨᠢᠭᠡᠳᠦᠭᠡᠷ ᠭᠠᠷ》 ᠡᠷᠬᠡᠪᠰᠢ ᠨᠢᠭᠡᠳᠦᠭᠡᠷ ᠹᠷᠣᠨᠲ᠎ᠲᠤ᠌ ᠭᠦᠨᠵᠡᠭᠡᠢᠷᠡᠨ᠂ ᠳᠠᠭᠠᠭᠠᠴᠢᠯᠠᠨ ᠬᠣᠯᠪᠣᠭᠠᠯᠠᠬᠤ ᠺᠠᠳ᠋ᠷᠴᠤᠳ ᠪᠦᠬᠦ ᠲᠠᠯ᠎ᠠ᠎ᠪᠠᠷ ᠰᠠᠭᠤᠭᠠᠯᠢ ᠲᠣᠭᠣᠷᠢᠭ᠂ 《ᠴᠡᠭ》 ᠦ᠋ᠨ ᠳᠣᠲᠣᠭᠠᠳᠤ ᠲᠠᠯᠠᠪᠤᠷ᠎ᠲᠤ᠌ ᠣᠷᠣᠵᠤ ᠰᠠᠭᠤᠬᠤ᠎ᠶ᠋ᠢ ᠱᠠᠭᠠᠷᠳᠠᠵᠠᠢ᠃ ᠣᠳᠣᠬᠠᠨ᠎ᠳ᠋ᠤ᠌ ᠤᠷᠤᠨ ᠬᠣᠲᠠ᠎ᠶ᠋ᠢᠨ ᠬᠣᠶᠠᠷ ᠱᠠᠲᠤᠨ᠎ᠤ᠋ ᠳᠠᠭᠠᠭᠠᠴᠢᠯᠠᠨ ᠬᠤᠯᠪᠤᠭᠠᠯᠠᠬᠤ ᠨᠢᠭᠡᠴᠢ᠎ᠶ᠋ᠢᠨ 3335 ᠨᠠᠮ᠎ᠤ᠋ᠨ ᠭᠡᠰᠢᠭᠦᠨ ᠺᠠᠳ᠋ᠷ ᠰᠠᠭᠤᠭᠠᠯᠢ ᠠᠷᠠᠳ᠎ᠤ᠋ᠨ ᠲᠣᠭᠣᠷᠢᠭ᠎ᠲᠤ᠌ ᠭᠦᠨᠵᠡᠭᠡᠢᠷᠡᠵᠦ ᠠᠵᠢᠯ᠎ᠢ᠋ᠶ᠋ᠠᠨ ᠥᠷᠨᠢᠭᠦᠯᠵᠦ ᠪᠠᠢᠨ᠎ᠠ᠃ 《ᠬᠤᠯᠪᠤᠭᠠᠨ ᠳ᠋ᠤ ᠤᠷᠤᠭᠤᠯᠬᠤ》 ᠲᠠᠯ᠎ᠠ᠎ᠪᠠᠷ ᠪᠦᠬᠦ ᠳᠠᠭᠠᠭᠠᠴᠢᠯᠠᠭᠰᠠᠨ ᠺᠠᠳ᠋ᠷ᠂ ᠳᠣᠷᠣᠭᠰᠢ ᠲᠣᠮᠢᠯᠠᠬᠰᠠᠨ ᠺᠠᠳ᠋ᠷ᠎ᠢ᠋ ᠱᠠᠭᠠᠷᠳᠠᠨ ᠠᠵᠢᠯ᠎ᠤ᠋ᠨ ᠬᠤᠯᠪᠤᠭ᠎ᠠ ᠪᠠᠢᠭᠤᠯᠤᠭᠤᠯᠵᠤ᠂ ᠨᠡᠪᠲᠡᠷᠡᠯᠴᠡᠨ ᠬᠠᠮᠵᠢᠯᠴᠠᠬᠤ᠎ᠪᠠᠨ ᠴᠢᠩᠭᠠᠳᠬᠠᠵᠤ᠂ ᠠᠵᠢᠯ᠎ᠤ᠋ᠨ ᠦᠷ᠎ᠡ ᠪᠦᠲᠦᠮᠵᠢ᠎ᠪᠡᠨ ᠳᠡᠭᠡᠭᠰᠢᠯᠡᠭᠦᠯᠬᠦ ᠵᠢ ᠱᠠᠭᠠᠷᠳᠠᠵᠠᠢ︔ ᠡᠭᠦᠨ᠎ᠦ᠌ ᠬᠠᠮᠲᠤ᠂ ᠬᠤᠯᠪᠤᠭ᠎ᠠ ᠠᠪᠤᠭᠴᠢ ᠵᠢᠨ ᠬᠤᠯᠪᠤᠭ᠎ᠠ᠂ ᠨᠢᠭᠡ ᠠᠰᠠᠷ᠎ᠤ᠋ᠨ ᠬᠢᠨ᠎ᠤ ᠬᠤᠯᠪᠤᠭ᠎ᠠ᠂ ᠰᠠᠭᠤᠭᠠᠯᠢ ᠠᠷᠠᠳ᠎ᠤᠨ ᠬᠤᠯᠪᠤᠭ᠎ᠠ ᠳ᠋ᠤ ᠤᠷᠤᠵᠤ᠂ ᠣᠯᠠᠨ ᠲᠦᠮᠡᠨ᠎ᠦ᠌ ᠰᠢᠭᠦᠮᠵᠢᠯᠡᠯ᠎ᠢ᠋ ᠳᠠᠷᠤᠤ ᠬᠢᠴᠢᠶᠡᠩᠭᠦᠢ᠎ᠪᠡᠷ ᠬᠦᠯᠢᠶᠡᠨ ᠠᠪᠴᠤ᠂ ᠣᠯᠠᠨ ᠲᠦᠮᠡᠨ᠎ᠦ᠌ ᠰᠠᠨᠠᠯ᠎ᠢ᠋ ᠰᠠᠨᠠᠭᠠᠴᠢᠯᠠᠭ᠎ᠠ᠎ᠠ᠋ᠴᠠ᠎ᠪᠠᠨ ᠰᠣᠨᠣᠰᠬᠤ ᠬᠡᠷᠡᠭᠲᠡᠢ ᠭᠡᠵᠡᠢ᠃ 11 ᠰᠠᠷ᠎ᠠ᠎ᠶ᠋ᠢᠨ 16᠎ᠤ ᠡᠳᠦᠷ ᠪᠣᠯᠲᠠᠯ᠎ᠠ᠂ 2330 ᠺᠠᠳ᠋ᠷ ᠨᠢᠭᠡᠨᠲᠡ 《ᠬᠤᠯᠪᠤᠭᠠᠨ᠎ᠳ᠋ᠦ᠍ ᠣᠷᠣᠬᠤ》 ᠠᠵᠢᠯ᠎ᠢ᠋ ᠪᠡᠶᠡᠯᠡᠭᠦᠯᠵᠡᠢ᠃ 《ᠬᠢᠵᠢᠭ᠎ᠤᠨ ᠳᠠᠢᠨ᠎ᠤ ᠲᠠᠯᠠᠪᠤᠷ ᠲᠤ᠌ ᠣᠷᠣᠭᠤᠯᠬᠤ 》 ᠲᠠᠯ᠎ᠠ᠎ᠪᠠᠷ᠂ ᠪᠠᠭᠤᠳᠠᠯ᠂ ᠠᠵᠤ ᠠᠬᠤᠢᠯᠠᠯ ᠬᠦᠷᠢᠶᠡᠯᠡᠩ ᠲᠤᠭᠤᠷᠢᠭ᠂ ᠪᠠᠷᠢᠯᠭ᠎ᠠ᠎ᠶ᠋ᠢᠨ ᠭᠠᠵᠠᠷ᠂ ᠲᠠᠷᠢᠶᠠᠯᠠᠩ᠎ᠤᠨ ᠠᠷᠠᠯᠵᠢᠶᠠᠨ᠎ᠤ᠋ ᠵᠠᠬ᠎ᠠ ᠳᠡᠯᠭᠡᠭᠦᠷ᠂ ᠵᠠᠮ ᠬᠠᠷᠢᠯᠴᠠᠭᠠᠨ᠎ᠤ᠋ ᠪᠤᠭᠤᠮᠲᠠ᠂ ᠠᠰᠠᠷᠠᠮᠵᠢ᠎ᠶ᠋ᠢᠨ ᠬᠦᠷᠢᠶᠡᠯᠡᠩ ᠵᠡᠷᠭᠡ ᠭᠣᠣᠯ ᠴᠢᠬᠤᠯᠠ ᠭᠠᠵᠠᠷ ᠪᠣᠯᠤᠨ ᠭᠣᠣᠯ ᠴᠢᠬᠤᠯᠠ ᠬᠥᠮᠦᠰ᠎ᠢ᠋ ᠤᠳᠤᠷᠢᠳᠤᠨ ᠳᠠᠭᠠᠭᠤᠯᠬᠤ ᠦᠢᠯᠡᠴᠢᠯᠡᠭᠡ᠎ᠶ᠋ᠢ ᠡᠷᠴᠢᠮᠵᠢᠭᠦᠯᠵᠦ᠂ 3380 ᠺᠠᠳ᠋ᠷ᠎ᠢ᠋ ᠲᠣᠮᠢᠯᠠᠨ ᠴᠡᠭ ᠲᠤ᠌ ᠰᠠᠭᠤᠯᠭᠠᠨ ᠳᠠᠭᠠᠭᠠᠴᠢᠯᠠᠨ ᠬᠤᠯᠪᠤᠭᠠᠯᠠᠭᠤᠯᠵᠠᠢ᠃ ᠡᠨᠡᠬᠦ ᠠᠵᠢᠯᠯᠠᠭ᠎ᠠ ᠵᠢ ᠥᠷᠨᠢᠭᠦᠯᠦᠭᠰᠡᠨ᠎ᠡᠴᠡ ᠨᠡᠭᠠᠰᠢ ᠨᠡᠢᠲᠡ 573 ᠠᠰᠠᠭᠤᠳᠠᠯ᠎ᠢ᠋ ᠢᠯᠡᠷᠡᠭᠦᠯᠵᠦ᠂ 558 ᠠᠰᠠᠭᠤᠳᠠᠯ᠎ᠢ᠋ ᠰᠢᠢᠳᠪᠦᠷᠢᠯᠡᠨ᠂ ᠠᠰᠠᠭᠤᠳᠠᠯ᠎ᠢ᠋ ᠰᠢᠢᠳᠪᠦᠷᠢᠯᠡᠭᠰᠡᠨ ᠨᠣᠷᠮ᠎ᠠ 97.4%᠎ᠳ᠋ᠦ᠍ ᠬᠦᠷᠴᠡᠢ᠃

( ᠢᠷᠡᠯᠲᠡ ᠄ ᠦᠪᠦᠷ ᠮᠤᠩᠭᠤᠯ᠎ᠤᠨ ᠡᠳᠦᠷ᠎ᠤᠨ ᠰᠤᠨᠢᠨ )

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面