2022-11-18 18:42:14
11 ᠰᠠᠷ᠎ᠠ᠎ᠶᠢᠨ 17 ᠤ ᠡᠳᠦᠷ ᠭᠦᠭᠡᠬᠣᠲᠠ ᠵᠢᠨ ᠬᠢᠵᠢᠭ᠌᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠠᠵᠢᠯ᠎ᠤᠨ ᠰᠣᠨᠢᠨ ᠮᠡᠳᠡᠭᠡ ᠨᠡᠢᠲᠡᠯᠡᠬᠦ ᠬᠤᠷᠠᠯ(76 ᠳ᠋ᠤᠭᠠᠷ ᠲᠠᠯᠠᠪᠠᠢ)ᠳᠡᠭᠡᠷ᠎ᠠ᠂ ᠭᠦᠭᠡᠬᠣᠲᠠ᠎ᠶᠢᠨ ᠰᠢᠤᠳᠠᠨ᠎ᠤ ᠬᠠᠮᠢᠶᠠᠷᠤᠯᠲᠠ᠎ᠶᠢᠨ ᠲᠣᠪᠴᠢᠶ᠎ᠠ᠎ᠶᠢᠨ ᠨᠠᠮ᠎ᠤᠨ ᠤᠳᠤᠷᠢᠳᠬᠤ ᠳᠤᠭᠤᠢᠯᠠᠩ᠎ᠤᠨ ᠪᠦᠷᠢᠯᠳᠦᠭᠦᠨ᠂ ᠳᠡᠳ᠋ ᠲᠣᠪᠴᠢᠶᠠᠨ ᠳᠠᠷᠤᠭ᠎ᠠ ᠼᠦᠢ ᠠᠢ ᠵᠢᠶᠦ᠋ᠨ ᠰᠢᠤᠳᠠᠨ᠎ᠤ ᠲᠦᠷᠭᠡᠨ ᠬᠦᠷᠭᠡᠯᠲᠡ᠎ᠶᠢᠨ ᠠᠵᠢᠯ᠎ᠢᠶᠠᠨ ᠰᠡᠷᠭᠦᠭᠡᠵᠦ ᠦᠢᠯᠡᠳᠪᠦᠷᠢᠯᠡᠯ᠎ᠢᠶᠡᠨ ᠰᠡᠷᠭᠦᠭᠡᠭᠰᠡᠨ ᠪᠠᠢᠳᠠᠯ᠎ᠤᠨ ᠲᠤᠬᠠᠢ ᠲᠠᠨᠢᠯᠴᠠᠭᠤᠯᠪᠠ᠃
11 ᠰᠠᠷ᠎ᠠ᠎ᠶᠢᠨ 16 ᠤ ᠡᠳᠦᠷ ᠪᠣᠯᠲᠠᠯ᠎ᠠ᠂ ᠬᠥᠬᠡᠬᠣᠲᠠ᠎ᠶᠢᠨ ᠪᠥᠬᠥ ᠬᠣᠲᠠ᠎ᠶᠢᠨ ᠰᠢᠤᠳᠠᠨ᠎ᠤ ᠲᠦᠷᠭᠡᠨ ᠬᠦᠷᠭᠡᠯᠳᠡ᠎ᠶᠢᠨ ᠠᠵᠢᠯ ᠲᠥᠷᠥᠯ᠎ᠦᠨ 9 ᠮᠤᠵᠢ᠎ᠶᠢᠨ ᠬᠣᠭᠣᠷᠣᠨᠳᠣᠬᠢ ᠬᠤᠪᠢᠶᠠᠷᠢᠯᠠᠨ ᠰᠠᠯᠭᠠᠬᠤ ᠲᠥᠪ ᠤᠨ 4 ᠨᠢ ᠨᠢᠭᠡᠨᠲᠡ ᠠᠵᠢᠯ᠎ᠢᠶᠠᠨ ᠰᠡᠷᠭᠦᠭᠡᠵᠦ᠂ 356 ᠲᠦᠷᠭᠡᠨ ᠬᠦᠷᠭᠡᠯᠳᠡ᠎ᠶᠢᠨ ᠲᠣᠣᠷ ᠴᠡᠭ᠎ᠤᠨ 81 ᠨᠢ ᠨᠢᠭᠡᠨᠳᠡ ᠠᠵᠢᠯ᠎ᠢᠶᠠᠨ ᠰᠡᠷᠭᠦᠭᠡᠵᠦ᠂ 5800 ᠭᠠᠷᠤᠢ ᠬᠤᠪᠢᠶᠠᠷᠢᠯᠠᠨ ᠬᠦᠷᠭᠡᠬᠦ ᠠᠵᠢᠯᠲᠠᠨ᠎ᠤ 1658 ᠨᠢ ᠨᠢᠭᠡᠨᠳᠡ ᠠᠵᠢᠯ᠎ᠤᠨ ᠪᠠᠢᠷᠢ᠎ᠳᠠᠭᠠᠨ ᠪᠤᠴᠠᠪᠠ᠃ ᠡᠭᠦᠨ᠎ᠳᠦ ᠪᠥᠬᠥ ᠬᠣᠲᠠ᠎ᠶᠢᠨ ᠬᠠᠩᠭᠠᠯᠭ᠎ᠠ᠎ᠶᠢ ᠪᠠᠲᠤᠯᠠᠬᠤ ᠡᠳ᠋ ᠪᠣᠳᠠᠰ ᠲᠣᠬᠢᠷᠠᠭᠤᠯᠤᠨ ᠬᠦᠷᠭᠡᠬᠦ᠎ᠳᠦ ᠣᠷᠣᠯᠴᠠᠭᠰᠠᠨ 377 ᠬᠦᠮᠦᠨ ᠂ ᠰᠢᠤᠳᠠᠨ᠎ᠤ ᠲᠦᠷᠭᠡᠨ ᠬᠦᠷᠭᠡᠯᠳᠡ᠎ᠶᠢᠨ ᠲᠤᠬᠠᠢᠯᠠᠭᠰᠠᠨ ᠠᠵᠢᠯ᠎ᠤᠨ ᠠᠵᠢᠯ᠎ᠢᠶᠠᠨ ᠰᠡᠷᠭᠦᠭᠡᠵᠦ ᠦᠢᠯᠡᠳᠪᠦᠷᠢᠯᠡᠯ᠎ᠢᠶᠡᠨ ᠰᠡᠷᠭᠦᠭᠡᠭᠰᠡᠨ 1281 ᠬᠦᠮᠦᠨ ᠪᠣᠶ᠃ ᠰᠢᠤᠳᠠᠨ᠎ᠤ ᠵᠦᠢᠯ ᠲᠦᠷᠭᠡᠨ ᠬᠦᠷᠭᠡᠯᠲᠡ᠎ᠶᠢᠨ ᠵᠦᠢᠯ᠎ᠢ ᠨᠡᠶ᠋ᠢᠲᠡ 43 ᠲᠦᠮᠡᠨ ᠬᠤᠪᠢ ᠰᠢᠢᠳᠪᠦᠷᠢᠯᠡᠭᠰᠡᠨ ᠪᠠᠢᠨ᠎ᠠ᠃
ᠣᠳᠣᠬᠠᠨ᠎ᠳᠤ ᠰᠢᠤᠳᠠᠨ᠎ᠤ ᠲᠦᠷᠭᠡᠨ ᠬᠦᠷᠭᠡᠯᠳᠡ᠎ᠶᠢᠨ ᠠᠵᠢᠯ ᠲᠥᠷᠥᠯ᠎ᠦᠨ ᠠᠵᠢᠯ᠎ᠢᠶᠠᠨ ᠰᠡᠷᠭᠦᠭᠡᠵᠦ ᠦᠢᠯᠡᠳᠪᠦᠷᠢᠯᠡᠯ᠎ᠢᠶᠡᠨ ᠰᠡᠷᠭᠦᠭᠡᠬᠦ ᠳᠤᠮᠳᠠ ᠣᠷᠣᠰᠢᠵᠤ ᠪᠠᠢᠭ᠎ᠠ ᠬᠦᠴᠢᠷᠳᠡᠯ᠎ᠳᠦ ᠭᠣᠣᠯᠳᠠᠭᠤ ᠲᠡᠭᠦᠰᠬᠡᠯ᠎ᠦᠨ ᠴᠡᠭ᠎ᠤᠨ ᠲᠣᠬᠢᠷᠠᠭᠤᠯᠤᠨ ᠭᠦᠷᠭᠡᠭᠦ ᠨᠢ ᠰᠢᠯᠤᠭᠤᠨ ᠪᠤᠰᠤ᠂ ᠬᠥᠮᠥᠰ᠎ᠦᠨ ᠠᠵᠢᠯ᠎ᠤᠨ ᠪᠠᠢᠷᠢ᠎ᠳᠠᠭᠠᠨ ᠪᠤᠴᠠᠬᠤ ᠨᠣᠷᠮ᠎ᠠ ᠳᠣᠣᠷ᠎ᠠ ᠵᠡᠷᠭᠡ ᠪᠠᠭᠲᠠᠨ᠎ᠠ᠃ ᠡᠳᠡᠭᠡᠷ ᠬᠦᠴᠢᠷᠳᠡᠯ᠎ᠳᠦ ᠴᠢᠭᠯᠡᠭᠦᠯᠦᠨ ᠳᠣᠣᠷᠠᠬᠢ ᠮᠡᠲᠦ ᠠᠷᠭ᠎ᠠ ᠬᠡᠮᠵᠢᠶᠡᠠᠪᠤᠪᠠ᠄
ᠨᠢᠭᠡ᠎ᠳᠦ᠂ ᠲᠤᠤᠷ᠎ᠠ ᠲᠦᠭᠰᠢᠭᠦᠷᠢᠳᠠᠢ ᠭᠠᠵᠠᠷ ᠣᠷᠣᠨ᠎ᠳᠤ ᠪᠠᠢᠭ᠎ᠠ ᠲᠦᠷᠭᠡᠨ ᠭᠦᠷᠭᠡᠯᠳᠡ ᠵᠢᠨ ᠲᠣᠣᠷ ᠴᠡᠭ ᠪᠠ ᠥᠷᠲᠡᠭᠡ᠎ᠶᠢ ᠬᠥᠳᠡᠯᠦᠩᠭᠦᠢ᠎ᠪᠡᠷ ᠡᠮᠬᠢᠳᠬᠡᠵᠦ᠂ ᠪᠢᠲᠡᠭᠦᠮᠵᠢᠯᠡᠭᠰᠡᠨ ᠬᠠᠮᠢᠶᠠᠷᠤᠯᠲᠠ᠎ᠶᠢᠨ ᠨᠥᠬᠥᠴᠡᠯ᠎ᠳᠦ ᠨᠡᠶ᠋ᠢᠴᠡᠭᠦᠶᠢ ᠨᠢ ᠰᠢᠯᠭᠠᠨ ᠬᠤᠷᠢᠶᠠᠵᠤ ᠠᠵᠢᠯ ᠵᠢᠠᠨ ᠰᠡᠷᠭᠦᠭᠡᠬᠦ᠎ᠶᠢ ᠨᠢ ᠲᠦᠷᠭᠡᠨ ᠵᠥᠪᠰᠢᠶᠡᠷᠡᠵᠦ᠂ ᠲᠡᠭᠦᠰᠬᠡᠯ᠎ᠦᠨ ᠴᠡᠭ᠎ᠤᠨ ᠲᠣᠬᠢᠷᠠᠭᠤᠯᠤᠨ ᠭᠦᠷᠭᠡᠭᠦ᠎ᠳᠦ ᠣᠢᠷᠠᠲᠤᠭᠤᠯᠬᠤ ᠦᠭᠡᠢ᠎ᠪᠡᠷ ᠬᠡᠷᠡᠭᠯᠡᠭᠴᠢ᠎ᠳᠦ ᠲᠣᠬᠢᠷᠠᠭᠤᠯᠤᠨ ᠭᠦᠷᠭᠡᠭᠦ ᠪᠤᠶᠤ ᠰᠠᠭᠤᠭᠠᠯᠢ ᠲᠣᠭᠣᠷᠢᠭ᠋᠎ᠠᠴᠠ ᠨᠢᠭᠡᠳᠦᠯᠲᠡᠢ ᠭᠥᠯᠢᠶᠡᠨ ᠠᠪᠤᠭᠰᠠᠨ᠎ᠤ ᠳᠠᠷᠠᠭ᠎ᠠ ᠰᠠᠶᠢ ᠨᠡᠢᠭᠡᠮ ᠲᠣᠭᠣᠷᠢᠭ᠋᠎ᠤᠨ ᠠᠵᠢᠯᠲᠠᠨ᠂ ᠰᠠᠢᠨ ᠳᠤᠷᠠᠴᠤᠳ ᠵᠡᠷᠭᠡ᠎ᠡᠴᠡ ᠬᠡᠷᠡᠭᠯᠡᠭᠴᠢ᠎ᠳᠦ ᠲᠣᠬᠢᠷᠠᠭᠤᠯᠤᠨ ᠬᠦᠷᠭᠡᠨ᠎ᠡ᠃
ᠬᠣᠶᠠᠷ᠎ᠲᠤ᠂ ᠠᠵᠢᠯ᠎ᠤᠨ ᠪᠠᠢᠷᠢ᠎ᠳᠠᠭᠠᠨ ᠪᠤᠴᠠᠭᠰᠠᠳ᠎ᠤᠨ ᠨᠠᠷᠢᠨ ᠳᠡᠡᠭᠰᠠ ᠵᠢ ᠪᠠᠢᠭᠤᠯᠵᠤ᠂ ᠠᠵᠢᠯ᠎ᠤᠨ ᠪᠠᠢᠷᠢ᠎ᠳᠠᠭᠠᠨ ᠪᠤᠴᠠᠭᠰᠠᠳ᠎ᠤᠨ ᠨᠡᠶ᠋ᠢᠲᠡ 832 ᠵᠤᠷᠪᠤᠰ ᠮᠡᠳᠡᠭᠡ ᠵᠠᠩᠭᠢ᠎ᠶᠢ ᠲᠠᠨᠢᠯᠴᠠᠭᠤᠯᠤᠨ ᠬᠦᠷᠭᠡᠵᠦ᠂ ᠬᠠᠷᠢᠶ᠎ᠠ ᠭᠠᠵᠠᠷ᠎ᠠᠴᠠ ᠨᠢ ᠰᠤᠳᠤᠯᠤᠨ ᠮᠠᠭᠠᠳᠯᠠᠭᠰᠠᠨᠤ ᠳᠠᠷᠠᠭ᠎ᠠ ᠠᠵᠢᠯ᠎ᠤᠨ ᠪᠠᠢᠷᠢ᠎ᠳᠠᠭᠠᠨ ᠪᠤᠴᠠᠨ᠎ᠠ᠂ ᠲᠠᠷᠠᠭᠠᠴᠢ᠎ᠶᠢᠨ ᠠᠵᠢᠯ᠎ᠤᠨ ᠪᠠᠢᠷᠢ᠎ᠳᠠᠭᠠᠨ ᠪᠤᠴᠠᠭᠰᠠᠳ᠎ᠤᠨ ᠨᠠᠷᠢᠨ ᠳᠠᠡᠭᠰᠠ ᠵᠢ ᠡᠳᠦᠷ ᠪᠦᠷᠢ ᠪᠦᠷᠢᠳᠬᠡᠨ ᠵᠢᠭ᠍ᠰᠠᠭᠠᠵᠤ ᠴᠠᠭ ᠲᠤᠬᠠᠢ ᠳ᠋ᠤᠨᠢ ᠲᠠᠨᠢᠯᠴᠠᠭᠤᠯᠤᠨ ᠬᠦᠷᠭᠡᠨ᠎ᠡ᠃
ᠭᠤᠷᠪᠠ᠎ᠳᠤ᠂ ᠲᠦᠷᠭᠡᠨ ᠭᠦᠷᠭᠡᠯᠳᠡ ᠵᠢᠨ ᠬᠦᠷᠢᠶᠡᠯᠡᠩ ᠲᠣᠭᠣᠷᠢᠭ᠋᠂ ᠬᠤᠪᠢᠶᠠᠷᠢᠯᠠᠨ ᠰᠠᠯᠭᠠᠬᠤ ᠲᠥᠪ᠎ᠦᠨ ᠳᠠᠯᠳᠠ ᠬᠦᠴᠦᠨ᠎ᠢ ᠠᠭᠤᠳᠠᠯᠬᠤ᠎ᠶᠢ ᠱᠠᠯᠠᠪᠳᠠᠭᠤᠯᠤᠨ ᠵᠢᠯᠤᠭᠣᠳᠴᠤ᠂ ᠰᠤᠯᠠᠯᠠᠵᠤ ᠭᠠᠷᠭᠠᠵᠤ ᠳᠡᠶ᠋ᠢᠯᠭᠦ ᠠᠯᠪᠠᠨ ᠭᠡᠷ ᠵᠡᠷᠭᠡ᠎ᠶᠢ ᠠᠵᠢᠯᠲᠠᠨ᠎ᠤ ᠪᠠᠢᠷᠢ ᠪᠣᠯᠭᠠᠨ ᠬᠤᠪᠢᠷᠠᠭᠤᠯᠤᠨ᠎ᠠ; ᠳᠠᠯᠳᠠ ᠬᠦᠴᠦᠨ᠎ᠢ ᠠᠭᠤᠳᠠᠯᠬᠤ᠎ᠪᠠᠷ ᠳᠡᠮᠵᠢᠨ ᠮᠥᠨ ᠬᠣᠨᠣᠭᠯᠠᠬᠤ ᠬᠡᠷᠡᠭᠴᠡᠭᠡ᠎ᠶᠢ ᠬᠠᠩᠭᠠᠵᠤ ᠳᠡᠶ᠋ᠢᠯᠭᠦ ᠦᠭᠡᠢ ᠪᠠᠢᠪᠠᠯ᠂ ᠣᠢᠷ᠎ᠠ ᠬᠠᠪᠢ᠎ᠶᠢᠨ ᠪᠠᠭᠤᠳᠠᠯ᠎ᠢ ᠲᠦᠷᠢᠶᠡᠰᠦᠯᠡᠬᠦ ᠪᠡᠷ ᠳᠡᠮᠵᠢᠨ ᠬᠣᠨᠣᠭᠯᠠᠬᠤ ᠠᠰᠠᠭᠤᠳᠠᠯ᠎ᠢ ᠰᠢᠢᠳᠪᠦᠷᠢᠯᠡᠵᠦ᠂ ᠪᠢᠲᠡᠭᠦᠮᠵᠢᠯᠡᠭᠰᠡᠨ ᠬᠠᠮᠢᠶᠠᠷᠤᠯᠲᠠ᠎ᠶᠢᠨ ᠱᠠᠭᠠᠷᠳᠠᠯᠭ᠎ᠠ᠎ᠶᠢ ᠴᠢᠩᠭ᠎ᠠ ᠵᠢᠷᠤᠮᠯᠠᠨ ᠰᠠᠢᠲᠤᠷ ᠬᠠᠮᠠᠭᠠᠯᠠᠬᠤ ᠬᠡᠷᠡᠭᠲᠡᠢ᠃
ᠠᠵᠢᠯ᠎ᠢᠶᠠᠨ ᠰᠡᠷᠭᠦᠭᠡᠵᠦ ᠦᠢᠯᠡᠳᠪᠦᠷᠢᠯᠡᠯ᠎ᠢᠶᠡᠨ ᠰᠡᠷᠭᠦᠭᠡᠬᠦ᠎ᠶᠢ ᠠᠬᠢᠭᠤᠯᠬᠤ᠎ᠶᠢᠨ ᠬᠠᠮᠲᠤ᠂ ᠬᠢᠵᠢᠭ᠌᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠡᠯ᠎ᠡ ᠵᠦᠢᠯ᠎ᠦᠨ ᠠᠷᠭ᠎ᠠ ᠬᠡᠮᠵᠢᠶ᠎ᠡ᠎ᠶᠢ ᠡᠷᠡᠰ ᠨᠠᠢᠳᠠᠪᠤᠷᠢᠵᠢᠭᠤᠯᠵᠤ᠂ ᠭᠦᠭᠡᠬᠣᠲᠠ᠎ᠶᠢᠨ ᠰᠢᠤᠳᠠᠨ᠎ᠤ ᠬᠠᠮᠢᠶᠠᠷᠤᠯᠲᠠ᠎ᠶᠢᠨ ᠲᠣᠪᠴᠢᠶ᠎ᠠ ᠠᠵᠢᠯ ᠲᠥᠷᠥᠯ᠎ᠦᠨ ᠠᠵᠢᠯ᠎ᠢᠶᠠᠨ ᠰᠡᠷᠭᠦᠭᠡᠵᠦ ᠦᠢᠯᠡᠳᠪᠦᠷᠢᠯᠡᠯ᠎ᠢᠶᠡᠨ ᠰᠡᠷᠭᠦᠭᠡᠬᠦ ᠲᠤᠰᠬᠠᠢ ᠲᠥᠰᠥᠯ᠂ ᠠᠵᠢᠯ᠎ᠢᠶᠠᠨ ᠰᠡᠷᠭᠦᠭᠡᠵᠦ ᠦᠢᠯᠡᠳᠪᠦᠷᠢᠯᠡᠯ᠎ᠢᠶᠡᠨ ᠰᠡᠷᠭᠦᠭᠡᠭᠰᠡᠨ᠎ᠦ ᠳᠠᠷᠠᠭᠠᠬᠢ ᠬᠢᠵᠢᠭ᠌᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠵᠢᠯᠣᠭᠣᠳᠤᠮᠵᠢ᠂ ᠪᠢᠲᠡᠭᠦᠮᠵᠢᠯᠡᠭᠰᠡᠨ ᠬᠠᠮᠢᠶᠠᠷᠤᠯᠲᠠ᠎ᠶᠢᠨ ᠪᠠᠷᠢᠮᠵᠢᠶ᠎ᠠ᠎ᠶᠢᠨ ᠱᠠᠭᠠᠷᠳᠠᠯᠭ᠎ᠠ ᠵᠡᠷᠭᠡ᠎ᠶᠢ ᠲᠣᠭᠲᠠᠭᠠᠵᠤ᠂ ᠬᠤᠪᠢ ᠬᠥᠮᠥᠨ᠎ᠦ ᠰᠡᠷᠭᠡᠢᠯᠡᠨ ᠬᠠᠮᠠᠭᠠᠯᠠᠯᠳᠠ ᠵᠢᠨ ᠱᠠᠭᠠᠷᠳᠠᠯᠭ᠎ᠠ᠂ ᠰᠢᠤᠳᠠᠨ᠎ᠤ ᠵᠦᠢᠯ ᠲᠦᠷᠭᠡᠨ ᠬᠦᠷᠭᠡᠯᠳᠡ᠎ᠶᠢᠨ ᠵᠦᠢᠯ ᠪᠠ ᠣᠷᠴᠢᠨ ᠲᠣᠭᠣᠷᠢᠨ᠎ᠢ ᠠᠷᠢᠭᠤᠳᠬᠠᠬᠤ᠂ ᠣᠢᠷᠠᠲᠤᠭᠤᠯᠬᠤ ᠦᠭᠡᠢ᠎ᠪᠡᠷ ᠲᠣᠬᠢᠷᠠᠭᠤᠯᠤᠨ ᠭᠦᠷᠭᠡᠭᠦ ᠠᠷᠭ᠎ᠠ ᠭᠡᠯᠪᠡᠷᠢ ᠵᠡᠷᠭᠡ ᠵᠢᠨ ᠲᠠᠯ᠎ᠠ᠎ᠪᠠᠷ《ᠬᠥᠮᠥᠨ᠂ ᠪᠣᠳᠠᠰ᠂ ᠣᠷᠴᠢᠨ ᠲᠣᠭᠣᠷᠢᠨ》᠎ᠢ ᠵᠡᠷᠭᠡ ᠪᠡᠷ ᠰᠡᠷᠭᠡᠢᠯᠡᠬᠦ ᠱᠠᠭᠠᠷᠳᠠᠯᠭ᠎ᠠ᠎ᠶᠢ ᠨᠠᠢᠳᠠᠪᠤᠷᠢᠵᠢᠭᠤᠯᠦᠨᠠ᠃
ᠬᠥᠬᠡᠬᠣᠲᠠ᠎ᠶᠢᠨ ᠰᠢᠤᠳᠠᠨ᠎ᠤ ᠬᠠᠮᠢᠶᠠᠷᠤᠯᠲᠠ᠎ᠶᠢᠨ ᠲᠣᠪᠴᠢᠶ᠎ᠠ᠎ᠶᠢᠨ ᠰᠢᠤᠳᠠᠨ᠎ᠤ ᠲᠦᠷᠭᠡᠨ ᠬᠦᠷᠭᠡᠯᠳᠡ᠎ᠶᠢᠨ ᠠᠵᠢᠯ ᠲᠥᠷᠥᠯ᠎ᠦᠨ ᠠᠵᠢᠯ᠎ᠢᠶᠠᠨ ᠰᠡᠷᠭᠦᠭᠡᠵᠦ ᠦᠢᠯᠡᠳᠪᠦᠷᠢᠯᠡᠯ᠎ᠢᠶᠡᠨ ᠰᠡᠷᠭᠦᠭᠡᠬᠦ ᠶᠡᠷᠦᠩᠬᠡᠢ ᠲᠣᠬᠢᠷᠠᠭᠤᠯᠤᠯᠲᠠ ᠶᠣᠰᠣᠭᠠᠷ᠂ ᠠᠵᠢᠯ᠎ᠢᠶᠠᠨ ᠰᠡᠷᠭᠦᠭᠡᠵᠦ ᠦᠢᠯᠡᠳᠪᠦᠷᠢᠯᠡᠯ᠎ᠢᠶᠡᠨ ᠰᠡᠷᠭᠦᠭᠡᠬᠦ ᠨᠢᠭᠡᠳᠦᠭᠡᠷ ᠱᠠᠲᠤᠨ᠎ᠤ ᠠᠵᠢᠯ᠎ᠤᠨ ᠭᠣᠣᠯᠳᠠᠯᠭ᠎ᠠ ᠨᠢ ᠡᠮᠦᠨᠡᠬᠢ ᠬᠤᠭᠤᠴᠠᠭᠠᠨ᠎ᠳᠤ ᠳᠠᠷᠤᠭᠳᠠᠵᠤ ᠪᠠᠢᠭᠰᠠᠨ ᠰᠢᠤᠳᠠᠨ᠎ᠤ ᠵᠦᠢᠯ ᠲᠦᠷᠭᠡᠨ ᠬᠦᠷᠭᠡᠯᠳᠡ᠎ᠶᠢᠨ ᠵᠦᠢᠯ᠎ᠢ ᠰᠢᠢᠳᠪᠦᠷᠢᠯᠡᠬᠦ ᠶᠠᠪᠤᠳᠠᠯ ᠪᠣᠯᠣᠨ᠎ᠠ᠂ ᠣᠲᠣ᠌ ᠶᠠᠭ ᠦᠢᠯᠡᠳᠪᠦᠷᠢᠯᠡᠯ᠎ᠢᠶᠡᠨ ᠰᠡᠷᠭᠦᠭᠡᠬᠦ ᠡᠯ᠎ᠡ ᠵᠦᠢᠯ᠎ᠦᠨ ᠪᠡᠯᠡᠳᠬᠡᠯ ᠠᠵᠢᠯ᠎ᠢ ᠪᠥᠬᠥ ᠬᠦᠴᠦᠨ᠎ᠢᠶᠡᠷ᠎ᠢᠶᠡᠨ ᠰᠠᠢᠲᠤᠷ ᠬᠢᠵᠦ᠂ ᠬᠥᠬᠡᠬᠣᠲᠠ᠎ᠶᠢᠨ ᠬᠢᠵᠢᠭ᠌᠎ᠦᠨ ᠪᠠᠢᠳᠠᠯ ᠲᠣᠭᠲᠠᠭᠤᠨ ᠪᠤᠯᠵᠤ᠂ ᠲᠡᠭᠦᠰᠬᠡᠯ᠎ᠦᠨ ᠬᠡᠰᠡᠭ᠎ᠤᠨ ᠲᠣᠬᠢᠷᠠᠭᠤᠯᠤᠨ ᠬᠦᠷᠭᠡᠬᠦ᠎ᠶᠢ ᠨᠡᠪᠲᠡᠷᠡᠭᠦᠯᠦᠨ᠂ ᠬᠥᠮᠥᠰ᠎ᠦᠨ ᠠᠵᠢᠯ᠎ᠤᠨ ᠪᠠᠢᠷᠢ᠎ᠳᠠᠭᠠᠨ ᠪᠤᠴᠠᠬᠤ ᠨᠣᠷᠮ᠎ᠠ᠎ᠶᠢ ᠳᠡᠭᠡᠭᠰᠢᠯᠡᠭᠦᠯᠦᠭᠰᠡᠨᠦ ᠳᠠᠷᠠᠭ᠎ᠠ᠂ ᠲᠦᠷᠭᠡᠨ ᠬᠦᠷᠭᠡᠯᠳᠡ᠎ᠶᠢᠨ ᠲᠤᠬᠠᠢᠯᠠᠭᠰᠠᠨ ᠠᠵᠢᠯ᠎ᠢ ᠠᠯᠬᠤᠮ ᠠᠯᠬᠤᠮ᠎ᠢᠶᠠᠷ ᠰᠡᠷᠭᠦᠭᠡᠬᠦ ᠪᠤᠯᠤᠨ᠎ᠡ᠃
ᠢᠷᠡᠯᠳᠡ᠄ ᠳᠡᠭᠦᠯᠢᠯᠲᠡ ᠬᠠᠮ ᠵᠠᠭᠤᠴᠢᠯᠠᠭᠤᠷ᠎ᠤᠨ ᠵᠢᠷᠬᠢᠶ᠎ᠠ ᠵᠢᠨ ᠲᠡᠪᠴᠡᠡᠭ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠴᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃