2022-11-17 17:26:47
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠱᠢᠭᠤᠳ ᠬᠠᠷᠢᠶ᠎ᠠ ᠠᠯᠪᠠᠨ ᠪᠠᠢᠭᠤᠯᠭ᠎ᠠ ᠶ᠋ᠢᠨ ᠠᠵᠢᠯ ᠤᠨ ᠬᠣᠷᠢᠶ᠎ᠠ ᠡᠴᠡ ᠣᠢᠯᠠᠭᠠᠭ᠍ᠰᠠᠨ᠎ᠢᠶᠠᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠢᠩᠭᠤ᠎ᠶ᠋ᠢᠨ ᠬᠣᠷᠢᠶᠠᠨ᠎ᠤ ᠬᠤᠷᠠᠯ ᠵᠢᠴᠢ ᠥᠪᠡᠷᠲᠡᠭᠡᠨ ᠵᠠᠰᠠᠬᠤ ᠣᠷᠣᠨ᠎ᠤ ᠬᠢᠵᠢᠭ᠎ᠦᠨ ᠪᠠᠢᠳᠠᠯ ᠢ ᠠᠷᠭᠠᠴᠠᠭᠠᠬᠤ ᠠᠵᠢᠯ᠎ᠤᠨ ᠤᠳᠤᠷᠢᠳᠭᠤ ᠳᠤᠭᠤᠢᠯᠠᠩ᠎ᠤᠨ ᠬᠤᠷᠠᠯ᠎ᠤᠨ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠱᠢᠭᠤᠳ ᠬᠠᠷᠢᠶ᠎ᠠ ᠠᠯᠪᠠᠨ ᠪᠠᠢᠭᠤᠯᠭ᠎ᠠ᠎ᠶ᠋ᠢᠨ ᠠᠵᠢᠯ᠎ᠤᠨ ᠬᠣᠷᠢᠶ᠎ᠠ ᠦᠳᠲᠡᠷ ᠲᠦᠷᠭᠡᠨ ᠬᠥᠳᠡᠯᠦᠯᠴᠡᠨ᠂ ᠨᠠᠷᠢᠨ ᠨᠢᠮᠪᠠᠶ ᠵᠣᠬᠢᠶᠠᠨ ᠪᠠᠢᠭᠤᠯᠵᠤ᠂ 《ᠬᠤᠤᠰ ᠨᠡᠷ᠎ᠡ ᠮᠡᠳᠡᠭᠦᠯᠬᠦ》 ᠶ᠋ᠢ ᠪᠦᠲᠦᠮᠵᠢᠲᠡᠶ ᠠᠱᠢᠭ᠍ᠯᠠᠨ ᠣᠯᠠᠨ ᠲᠦᠮᠡᠨ᠎ᠳᠦ ᠪᠣᠳᠠᠲᠤ ᠶᠠᠪᠤᠳᠠᠯ ᠬᠢᠵᠦ᠍ ᠥᠭ᠌ᠭᠦᠨ᠂ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠬᠠᠷᠢᠴᠠᠭ᠎ᠠ᠎ᠪᠠᠷ ᠠᠵᠢᠯ᠎ᠤᠨ ᠬᠣᠷᠢᠶ᠎ᠠ᠎ᠳᠤ ᠬᠠᠷᠢᠶᠠᠯᠠᠭ᠍ᠳᠠᠬᠤ 138 ᠨᠡᠢᠭᠡᠮ ᠲᠣᠭᠣᠷᠢᠭ᠎ᠢ ᠳᠠᠭᠠᠭᠠᠴᠢᠯᠠᠨ ᠬᠤᠯᠪᠤᠭᠠᠯᠠᠬᠤ ᠡᠭᠦᠷᠭᠡ᠎ᠲᠡᠶ ᠥᠪᠡᠷᠲᠡᠭᠡᠨ ᠵᠠᠰᠠᠬᠤ ᠣᠷᠣᠨ᠎ᠤ ᠱᠢᠭᠤᠳ ᠬᠠᠷᠢᠶ᠎ᠠ ᠪᠠᠢᠭᠤᠯᠭ᠎ᠠ᠂ ᠥᠪᠡᠷᠲᠡᠭᠡᠨ ᠵᠠᠰᠠᠬᠤ ᠣᠷᠣᠨ᠎ᠳᠤ ᠰᠠᠭᠤᠭ᠎ᠠ ᠲᠥᠪ᠎ᠦᠨ ᠨᠢᠭᠡᠴᠢ ᠪᠣᠯᠤᠨ ᠠᠵᠤ ᠠᠬᠤᠢᠯᠠᠯ᠎ᠤᠨ 289 ᠨᠠᠮ᠎ᠤᠨ ᠭᠡᠱᠢᠭᠦᠨ ᠺᠠᠳ᠋ᠷ᠎ᠢ ᠰᠤᠨᠭᠭᠤᠨ ᠨᠡᠢᠭᠡᠮ ᠲᠣᠭᠣᠷᠢᠭ (ᠰᠠᠭᠤᠭᠠᠯᠢ ᠠᠷᠠᠳ᠎ᠤᠨ ᠲᠣᠭᠣᠷᠢᠭ)ᠲᠦ᠍ ᠭᠦᠨᠵᠡᠭᠡᠢᠷᠡᠭᠦᠯᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ ᠥᠷᠨᠢᠭᠦᠯᠪᠡ᠃
ᠣᠢᠯᠠᠭᠠᠭ᠍ᠰᠠᠨ᠎ᠢᠶᠠᠷ᠂ ᠥᠪᠡᠷᠲᠡᠭᠡᠨ ᠵᠠᠰᠠᠬᠤ ᠣᠷᠣᠨ ᠤ ᠨᠠᠮ᠎ᠤᠨ ᠬᠣᠷᠢᠶᠠᠨ᠎ᠤ ᠱᠢᠭᠤᠳ ᠬᠠᠷᠢᠶ᠎ᠠ ᠠᠯᠪᠠᠨ ᠪᠠᠢᠭᠤᠯᠭ᠎ᠠ᠎ᠶ᠋ᠢᠨ ᠠᠵᠢᠯ᠎ᠤᠨ ᠬᠣᠷᠢᠶ᠎ᠠ ᠴᠠᠭ ᠲᠤᠬᠠᠶ᠎ᠳᠤᠨᠢ《ᠥᠪᠡᠷᠲᠡᠭᠡᠨ ᠵᠠᠰᠠᠬᠤ ᠣᠷᠣᠨ᠎ᠤ ᠱᠢᠭᠤᠳ ᠬᠠᠷᠢᠶ᠎ᠠ ᠠᠯᠪᠠᠨ ᠪᠠᠢᠭᠤᠯᠭ᠎ᠠ ᠵᠢᠨ ᠡᠯ᠎ᠡ ᠨᠢᠭᠡᠴᠢ᠎ᠶ᠋ᠢ ᠵᠣᠬᠢᠶᠠᠨ ᠪᠠᠢᠭᠤᠯᠵᠤ ᠬᠥᠬᠡᠬᠣᠲᠠ᠎ᠳᠤ ᠤᠯᠠᠮ ᠨᠢᠭᠡ ᠠᠯᠬᠤᠮ ᠬᠠᠮᠵᠢᠯᠴᠠᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠢ ᠰᠠᠢᠲᠤᠷ ᠬᠢᠬᠦ᠌ ᠲᠤᠬᠠᠶ ᠮᠡᠳᠡᠭ᠌ᠳᠡᠯ》 ᠢ ᠳᠠᠷᠤᠮᠠᠯᠯᠠᠨ ᠲᠠᠷᠬᠠᠭᠠᠵᠤ᠂ ᠣᠷᠣᠨ᠎ᠤ ᠱᠢᠭᠤᠳ ᠬᠠᠷᠢᠶ᠎ᠠ ᠨᠢᠭᠡᠴᠢ᠎ᠶ᠋ᠢ ᠤᠯᠤᠰ ᠲᠥᠷᠥ᠎ᠶ᠋ᠢᠨ ᠬᠡᠪ ᠴᠢᠨᠠᠷ᠎ᠢᠶᠠᠷ ᠥᠨᠳᠥᠷ᠂ ᠵᠣᠬᠢᠴᠠᠭᠤᠯᠬᠤ ᠴᠢᠳᠠᠪᠤᠷᠢ᠎ᠪᠠᠷ ᠴᠢᠩᠭ᠎ᠠ᠂ ᠣᠯᠠᠨ ᠲᠦᠮᠡᠨ᠎ᠦ ᠠᠵᠢᠯ᠎ᠳᠤ ᠪᠣᠯᠪᠠᠰᠤᠷᠠᠩᠭᠤᠶ ᠭᠠᠵᠠᠷ᠎ᠤᠨ ᠲᠠᠰ᠎ᠤᠨ ᠺᠠᠳ᠋ᠷ᠎ᠢ ᠲᠣᠮᠢᠯᠠᠨ ᠳᠠᠭᠠᠭᠠᠴᠢᠯᠠᠨ ᠬᠤᠯᠪᠤᠭᠠᠯᠠᠬᠤ ᠨᠡᠢᠭᠡᠮ ᠲᠣᠭᠣᠷᠢᠭ ( ᠰᠠᠭᠤᠭᠠᠯᠢ ᠲᠣᠭᠣᠷᠢᠭ) ᠲᠦ᠍ ᠲᠦᠷᠭᠡᠨ ᠪᠠᠭᠤᠯᠭᠠᠵᠤ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠢ ᠬᠠᠮᠵᠢᠨ ᠥᠷᠨᠢᠭᠦᠯᠬᠦ᠌ ᠬᠡᠷᠡᠭ᠌ᠲᠡᠶ ᠭᠡᠵᠦ᠍ ᠱᠠᠭᠠᠷᠳᠠᠪᠠ᠃ ᠰᠣᠩᠭᠤᠨ ᠳᠤᠮᠢᠯᠠᠭᠰᠠᠨ ᠬᠥᠮᠦᠰ᠎ᠢ ᠵᠣᠬᠢᠶᠠᠨ ᠪᠠᠢᠭᠤᠯᠵᠤ ᠬᠠᠮᠢᠶᠠᠷᠬᠤ ᠠᠵᠢᠯ᠎ᠢ ᠴᠢᠩᠭᠠᠳᠭᠠᠬᠤ᠎ᠶ᠋ᠢᠨ ᠲᠥᠯᠥᠭᠡ᠂ ᠣᠷᠣᠨ᠎ᠤ ᠱᠢᠭᠤᠳ ᠬᠠᠷᠢᠶ᠎ᠠ ᠪᠠᠢᠭᠤᠯᠭ᠎ᠠ᠎ᠶ᠋ᠢᠨ ᠨᠡᠢᠭᠡᠮ ᠲᠣᠭᠣᠷᠢᠭ (ᠰᠠᠭᠤᠭᠠᠯᠢ ᠲᠣᠭᠣᠷᠢᠭ)᠎ᠤᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠳᠤ ᠲᠣᠮᠢᠯᠠᠨ ᠰᠠᠭᠤᠯᠭᠠᠭ᠍ᠰᠠᠨ ᠨᠠᠮ᠎ᠤᠨ ᠭᠡᠱᠢᠭᠦᠨ ᠺᠠᠳ᠋ᠷ᠎ᠤᠨ ᠮᠡᠳᠡᠭᠡ ᠵᠠᠩᠭᠢ᠎ᠶ᠋ᠢᠨ ᠲᠠᠩᠰᠠ᠎ᠶ᠋ᠢ ᠴᠠᠭ ᠲᠤᠬᠠᠶ᠎ᠳᠤᠨᠢ ᠪᠠᠢᠭᠤᠯᠤᠭ᠍ᠰᠠᠨ ᠪᠥᠭᠡᠳ ᠬᠥᠬᠡᠬᠣᠲᠠ᠎ᠶ᠋ᠢᠨ ᠵᠠᠰᠠᠭ ᠵᠠᠬᠢᠷᠭᠠᠨ᠎ᠤ ᠬᠤᠪᠢᠶᠠᠷᠢᠯᠠᠯ ᠶᠣᠰᠣᠭᠠᠷ᠂ ᠱᠢᠨ᠎ᠡ ᠬᠣᠲᠠ ᠲᠤᠭᠤᠷᠢᠭ᠂ ᠬᠣᠲᠣᠩ ᠠᠷᠠᠳ᠎ᠤᠨ ᠲᠤᠭᠤᠷᠢᠭ᠂ ᠢᠦᠢᠴᠢᠤᠸᠠᠨ ᠲᠤᠭᠤᠷᠢᠭ᠂ ᠰᠠᠢᠬᠠᠨ ᠲᠤᠭᠤᠷᠢᠭ ᠬᠡᠬᠦ ᠳᠥᠷᠪᠡᠨ ᠲᠣᠭᠣᠷᠢᠭ ᠬᠤᠪᠢᠶᠠᠨ ᠨᠢᠭᠡᠳᠦᠯᠲᠡᠶ ᠬᠠᠮᠢᠶᠠᠷᠴᠤ᠌᠂ ᠲᠣᠭ᠎ᠠ ᠲᠣᠳᠣᠷᠬᠠᠶ᠂ ᠪᠠᠢᠳᠠᠯ ᠢᠯᠡ᠂ ᠲᠣᠭ᠎ᠠ ᠪᠠᠷᠢᠮᠲᠠ ᠣᠨᠣᠪᠴᠢᠲᠠᠶ ᠵᠢ ᠪᠡᠶᠡᠯᠡᠭᠦᠯᠪᠡ᠃
ᠰᠤᠨᠭᠭᠤᠨ ᠲᠣᠮᠢᠯᠠᠭ᠍ᠰᠠᠨ ᠺᠠᠳ᠋ᠷᠴᠤᠳ᠎ᠤᠨ ᠦᠨᠡᠨ ᠬᠦ᠌ ᠬᠦᠨᠵᠡᠬᠡᠢᠷᠡᠵᠤ᠂ ᠰᠠᠨᠠᠭᠠᠴᠢᠯᠠᠭ᠎ᠠ᠎ᠠᠴᠠ᠎ᠪᠠᠨ ᠠᠯᠬᠤᠨ ᠣᠷᠣᠵᠤ᠂ ᠵᠡᠷᠭᠡ ᠲᠤᠱᠢᠶᠠᠯ ᠲᠣᠳᠣᠷᠬᠠᠢ᠂ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠭᠡᠬᠦ ᠵᠢ ᠪᠠᠳᠤᠯᠠᠬᠤ ᠵᠢᠨ ᠳᠤᠰᠠᠳᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠱᠢᠭᠤᠳ ᠬᠠᠷᠢᠶ᠎ᠠ ᠠᠯᠪᠠᠨ ᠪᠠᠢᠭᠤᠯᠭ᠎ᠠ᠎ᠶ᠋ᠢᠨ ᠠᠵᠢᠯ᠎ᠤᠨ ᠬᠣᠷᠢᠶ᠎ᠠ 《ᠥᠪᠡᠷᠲᠡᠭᠡᠨ ᠵᠠᠰᠠᠬᠤ ᠣᠷᠣᠨ᠎ᠤ ᠱᠢᠭᠤᠳ ᠬᠠᠷᠢᠶ᠎ᠠ ᠠᠯᠪᠠᠨ ᠪᠠᠢᠭᠤᠯᠭ᠎ᠠ᠎ᠶ᠋ᠢᠨ ᠳᠠᠭᠠᠭᠠᠴᠢᠯᠠᠨ ᠬᠤᠯᠪᠤᠭᠠᠯᠠᠬᠤ ᠨᠡᠢᠭᠡᠮ ᠲᠣᠭᠣᠷᠢᠭ (ᠰᠠᠭᠤᠭᠠᠯᠢ ᠲᠣᠭᠣᠷᠢᠭ) ᠲᠦ᠍ ᠲᠣᠮᠢᠯᠠᠨ ᠰᠠᠭᠤᠯᠭᠠᠬᠤ ᠺᠠᠳ᠋ᠷ᠎ᠤᠨ ᠠᠵᠢᠯ᠎ᠤᠨ ᠡᠭᠦᠷᠭᠡ ᠬᠠᠷᠢᠭᠤᠴᠠᠯᠭ᠎ᠠ》 ᠵᠢ ᠲᠣᠭ᠍ᠳᠠᠭᠠᠵᠤ᠂ 7 ᠵᠦᠶ᠋ᠯ᠎ᠦᠨ ᠠᠵᠢᠯ᠎ᠤᠨ ᠠᠭᠤᠯᠭ᠎ᠠ᠎ᠶ᠋ᠢ ᠲᠣᠳᠣᠷᠬᠠᠢᠯᠠᠪᠠ᠂ ᠡᠭᠦᠨ᠎ᠦ ᠬᠠᠮᠲᠤ ᠳᠠᠭᠠᠭᠠᠴᠢᠯᠠᠨ ᠬᠣᠯᠪᠣᠭᠠᠯᠠᠬᠤ ᠰᠠᠭᠤᠭᠠᠯᠢ ᠲᠣᠭᠣᠷᠢᠭ᠎ᠤᠨ ᠦᠨᠳᠦᠰᠦᠨ ᠪᠠᠢᠳᠠᠯ᠎ᠢ ᠲᠣᠳᠣᠷᠬᠠᠶ ᠣᠢᠯᠠᠭᠠᠬᠤ᠂ ᠳᠠᠭᠠᠭᠠᠴᠢᠯᠠᠨ ᠬᠣᠯᠪᠣᠭᠠᠯᠠᠬᠤ ᠰᠠᠭᠤᠭᠠᠯᠢ ᠲᠣᠭᠣᠷᠢᠭ ᠳᠣᠲᠣᠷᠠᠬᠢ ᠠᠵᠢᠯ ᠤᠨ ᠪᠠᠢᠷᠢ᠎ᠳᠠᠭᠠᠨ ᠪᠤᠴᠠᠭᠠᠳᠤᠶ ᠣᠷᠣᠨ᠎ᠤ ᠱᠢᠭᠤᠳ ᠬᠠᠷᠢᠶ᠎ᠠ ᠪᠠᠢᠭᠤᠯᠭ᠎ᠠ᠎ᠶ᠋ᠢᠨ ᠨᠠᠮ᠎ᠤᠨ ᠭᠡᠱᠢᠭᠦᠨ ᠺᠠᠳ᠋ᠷ᠎ᠤᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠰᠠᠢᠨ ᠳᠤᠷ᠎ᠠ᠎ᠶ᠋ᠢᠨ ᠦᠶ᠋ᠯᠡᠴᠢᠯᠡᠭᠡ᠎ᠳᠦ ᠣᠷᠣᠯᠴᠠᠭ᠍ᠰᠠᠨ ᠪᠠᠢᠳᠠᠯ᠎ᠢ ᠵᠣᠬᠢᠶᠠᠨ ᠪᠠᠢᠭᠤᠯᠤᠨ ᠳᠠᠢᠴᠢᠯᠠᠭᠰᠠᠨ ᠪᠠᠢᠳᠠᠯ᠎ᠢ ᠡᠵᠡᠮᠱᠢᠵᠦ᠂ ᠳᠠᠭᠠᠭᠠᠴᠢᠯᠠᠨ ᠬᠤᠯᠪᠤᠭᠠᠯᠠᠭᠰᠠᠨ ᠨᠡᠢᠭᠡᠮ ᠲᠣᠭᠣᠷᠢᠭ ( ᠪᠠᠭ᠎ᠠ ᠲᠣᠭᠣᠷᠢᠭ ) ᠢ ᠬᠠᠪᠰᠤᠷᠴᠤ᠌ ᠰᠡᠷᠭᠡᠢᠯᠡᠨ ᠡᠵᠡᠮᠳᠡᠬᠦ᠌ ᠡᠳ᠋ ᠪᠣᠳᠠᠰ᠎ᠢ ᠱᠢᠢᠳᠪᠦᠷᠢᠯᠡᠨ᠂ ᠣᠯᠠᠨ ᠲᠦᠮᠡᠨ᠎ᠦ ᠬᠡᠷᠡᠭ᠌ᠴᠡᠭᠡ᠎ᠶ᠋ᠢ ᠣᠨᠣᠪᠴᠢᠲᠠᠶ ᠵᠣᠯᠭᠠᠭᠤᠯᠤᠨ ᠱᠢᠶ᠋ᠳᠪᠦᠷᠢᠯᠡᠬᠦ᠌᠂ ᠣᠯᠠᠨ ᠲᠦᠮᠡᠨ᠎ᠢ ᠵᠣᠬᠢᠶᠠᠨ ᠪᠠᠢᠭᠤᠯᠤᠨ ᠳᠠᠢᠴᠢᠯᠠᠵᠤ ᠣᠯᠠᠨ ᠢᠶᠠᠷ ᠢᠶᠠᠨ ᠰᠡᠷᠭᠡᠢᠯᠡᠨ ᠣᠯᠠᠨ᠎ᠢᠶᠠᠷ᠎ᠢᠶᠠᠨ ᠵᠠᠰᠠᠬᠤ ᠵᠡᠷᠭᠡ ᠡᠭᠦᠷᠭᠡ ᠬᠠᠷᠢᠭᠤᠴᠠᠯᠭᠠᠳᠤ ᠲᠣᠳᠣᠷᠬᠠᠶ ᠱᠠᠭᠠᠷᠳᠠᠯᠭ᠎ᠠ ᠳᠤᠷᠠᠳᠪᠠ᠃ ᠲᠣᠮᠢᠯᠠᠨ ᠰᠠᠭᠤᠯᠭᠠᠬᠤ ᠬᠥᠮᠦᠰ᠎ᠦᠨ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠵᠤ ᠂ ᠰᠠᠬᠢᠯᠭ᠎ᠠ ᠪᠠᠲᠤ ᠶᠣᠰᠣ ᠲᠦᠷᠢᠮ᠎ᠢ ᠦᠨᠡᠨ ᠬᠦ᠌ ᠠᠳᠭᠤᠵᠤ ᠂ ᠲᠣᠭ᠍ᠲᠠᠭᠠᠵᠤ ᠂ ᠲᠤᠯᠵᠤ ᠂ ᠴᠢᠩᠳᠠᠯᠠᠬᠤ᠎ᠶ᠋ᠢᠨ ᠲᠥᠯᠥᠭᠡ ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠱᠢᠭᠤᠳ ᠬᠠᠷᠢᠶ᠎ᠠ ᠪᠠᠢᠭᠤᠯᠭ᠎ᠠ᠎ᠶ᠋ᠢᠨ ᠠᠵᠢᠯ᠎ᠤᠨ ᠬᠣᠷᠢᠶ᠎ᠠ᠎ᠠᠴᠠ ᠪᠠᠰᠠ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ 《 ᠲᠤᠯᠤᠭᠠᠨ ᠴᠢᠩᠭ᠎ᠠ ᠴᠠᠭᠠᠵᠠᠯᠠᠬᠤ 》 ᠰᠠᠬᠢᠯᠭ᠎ᠠ ᠪᠠᠲᠤ᠎ᠶ᠋ᠢᠨ ᠱᠠᠭᠠᠷᠳᠠᠯᠭ᠎ᠠ᠎ᠶ᠋ᠢ ᠲᠣᠳᠣᠷᠬᠠᠢᠯᠠᠪᠠ᠃ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠠᠵᠢᠯ᠎ᠤᠨ ᠵᠦᠪᠯᠡᠯ ᠰᠠᠬᠢᠯᠭ᠎ᠠ ᠪᠠᠲᠤ ᠪᠠᠢᠴᠠᠭᠠᠬᠤ ᠬᠢᠨᠠᠯᠲᠠ ᠲᠠᠯᠪᠢᠬᠤ ᠳᠤᠭᠤᠢᠯᠠᠩ ᠪᠠᠢᠭᠤᠯᠵᠤ ᠂ 《 ᠲᠦᠷᠪᠡ᠎ᠶ᠋ᠢ ᠦᠯᠦ᠍ ᠪᠠᠢᠯᠭᠠᠬᠤ ᠬᠣᠶᠠᠷ᠎ᠢ ᠱᠢᠭᠤᠳ ᠪᠠᠢᠯᠭᠠᠬᠤ 》 ᠠᠷᠭ᠎ᠠ ᠬᠡᠯᠪᠡᠷᠢ᠎ᠶ᠋ᠢ ᠠᠪᠴᠤ᠌ ᠂ ᠨᠠᠮ᠎ᠤᠨ ᠭᠡᠱᠢᠭᠦᠨ ᠺᠠᠳ᠋ᠷ ᠨᠡᠢᠭᠡᠮ ᠲᠣᠭᠣᠷᠢᠭ ( ᠰᠠᠭᠤᠭᠠᠯᠢ ᠲᠣᠭᠣᠷᠢᠭ ) ᠲᠦ ᠭᠦᠨᠵᠡᠭᠡᠢᠷᠡᠨ ᠬᠠᠷᠢᠭᠤᠴᠠᠵᠤ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠦᠬᠦ᠌ ᠶᠠᠪᠤᠴᠠ᠎ᠳᠤ ᠬᠢᠨᠠᠯᠲᠠ ᠲᠠᠯᠪᠢᠵᠤ ᠂ 《 ᠴᠡᠭ᠎ᠡᠴᠡ ᠴᠡᠭ᠎ᠲᠦ ᠬᠦᠷᠬᠦ᠌》 ᠪᠢᠲᠡᠭᠦᠮᠵᠢᠯᠡᠭ᠌ᠰᠡᠨ ᠬᠠᠮᠢᠶᠠᠷᠤᠯᠲᠠ ᠶ᠋ᠢᠨ ᠱᠠᠭᠠᠷᠳᠠᠯᠭ᠎ᠠ ᠶ᠋ᠢ ᠨᠠᠢᠳᠠᠪᠤᠷᠢᠵᠢᠭᠤᠯᠤᠭ᠍ᠰᠠᠨ ᠪᠠᠢᠳᠠᠯ᠎ᠢ ᠢᠯᠡ᠎ᠪᠡᠷ ᠪᠠᠢᠴᠠᠭᠠᠵᠤ ᠨᠢᠭᠤᠴᠠ᠎ᠪᠠᠷ ᠰᠤᠷᠪᠤᠯᠵᠢᠯᠠᠵᠤ᠂ ᠢᠯᠡᠷᠡᠭᠦᠯᠦᠭ᠌ᠰᠡᠨ ᠠᠰᠠᠭᠤᠳᠠᠯ ᠳᠤ ᠲᠥᠪ ᠴᠢᠩᠭ᠎ᠠ ᠪᠠᠷ ᠬᠢᠨᠠᠯᠲᠠ ᠲᠠᠯᠪᠢᠵᠤ ᠰᠠᠬᠢᠯᠭ᠎ᠠ ᠪᠠᠲᠤ ᠬᠡᠷᠡᠭ᠌ᠵᠢᠭᠦᠯᠦᠨ᠎ᠡ᠃ ᠡᠭᠦᠨ᠎ᠦ ᠬᠠᠮᠲᠤ ᠂ ᠪᠠᠰᠠ ᠣᠷᠣᠨ᠎ᠤ ᠱᠢᠭᠤᠳ ᠬᠠᠷᠢᠶ᠎ᠠ ᠠᠯᠪᠠᠨ ᠪᠠᠢᠭᠤᠯᠭ᠎ᠠ᠎ᠶ᠋ᠢᠨ ᠨᠠᠮ᠎ᠤᠨ ᠭᠡᠱᠢᠭᠦᠨ ᠺᠠᠳ᠋ᠷ᠎ᠢ ᠨᠡᠢᠭᠡᠮ ᠲᠣᠭᠣᠷᠢᠭ᠎ᠲᠤ ᠪᠠᠭᠤᠯᠭᠠᠵᠤ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠢ ᠠᠬᠢᠭᠤᠯᠬᠤ ᠳᠤᠭᠤᠢᠯᠠᠩ᠎ᠢ ᠪᠠᠢᠭᠤᠯᠵᠤ ᠂ ᠲᠦᠷ ᠴᠠᠭ᠎ᠤᠨ ᠨᠠᠮ᠎ᠤᠨ ᠬᠣᠷᠢᠶ᠎ᠠ᠎ᠶ᠋ᠢ ᠵᠡᠷᠭᠡ᠎ᠪᠡᠷ ᠪᠠᠢᠭᠤᠯᠵᠤ ᠂ ᠳᠠᠭᠠᠭᠠᠴᠢᠯᠠᠨ ᠬᠣᠯᠪᠣᠭᠠᠯᠠᠬᠤ ᠠᠵᠢᠯ᠎ᠢ ᠬᠠᠮᠢᠭ᠎ᠠ ᠬᠦᠷᠲᠡᠯ᠎ᠡ ᠤᠷᠲᠤᠳᠭᠠᠪᠠᠯ ᠂ ᠨᠠᠮ᠎ᠤᠨ ᠪᠠᠢᠭᠤᠯᠤᠯᠲᠠ ᠳᠠᠷᠤᠶ ᠲᠡᠨᠳᠡ ᠬᠦᠷᠲᠡᠯ᠎ᠡ ᠳᠠᠭᠠᠬᠤ᠎ᠶ᠋ᠢ ᠦᠨᠡᠨ ᠬᠦ᠌ ᠪᠠᠲᠤᠯᠠᠵᠤ ᠪᠤᠢ᠃
ᠢᠷᠡᠯᠳᠡ᠄ ᠳᠠᠯ᠎ᠠ ᠨᠤᠳᠤᠭ ᠪᠦᠷᠢᠨ ᠵᠠᠭᠤᠴᠢᠯᠠᠭᠤᠷ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃