ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠮᠡᠳᠡᠭᠡᠯᠡᠯ

2022-11-18 18:39:23

ᠵᠣᠬᠢᠶᠠᠭ᠍ᠴᠢ᠄ ᠵᠧᠡᠭ ᠱᠢᠤᠸᠠᠢ ᠯᠢᠶᠠᠡᠭ ᠂ ᠸᠠᠡᠭ ᠶᠠ ᠵᠢᠡᠭ ᠣᠩᠱᠢᠭ᠍ᠰᠠᠨ ᠣᠳᠠᠭ᠎ᠠ᠄ 3

ᠦᠨᠳᠦᠷ ᠲᠦᠭ᠌ᠰᠢᠭᠦᠷᠢᠲᠡᠶ ᠣᠷᠣᠨ᠎ᠢ ᠬᠡᠷᠬᠢᠨ ᠵᠠᠭᠠᠭ᠍ᠯᠠᠨ ᠲᠣᠭ᠍ᠲᠠᠭᠠᠬᠤ ᠪᠣᠶ?ᠳᠤᠤᠷ᠎ᠠ ᠲᠦᠭ᠌ᠰᠢᠭᠦᠷᠢᠲᠡᠶ ᠣᠷᠣᠨ᠎ᠢ ᠬᠡᠷᠬᠢᠨ ᠬᠠᠮᠢᠶᠠᠷᠬᠤ ᠪᠣᠶ? 《ᠬᠣᠷᠢᠨ ᠵᠤᠷᠪᠤᠰ ᠠᠷᠭ᠎ᠠ ᠬᠡᠮᠵᠢᠶ᠎ᠡ》ᠲᠠᠢ ᠤᠶᠠᠯᠳᠤᠭᠤᠯᠤᠨ ᠠᠯᠢ ᠠᠯᠢ ᠲᠠᠯ᠎ᠠ᠎ᠪᠠᠷ ᠦᠶ᠋ᠯᠡᠴᠢᠯᠡᠭᠡ ᠪᠠᠲᠤᠯᠠᠭ᠎ᠠ᠎ᠶ᠋ᠢᠨ ᠠᠵᠢᠯ᠎ᠢ ᠱᠢᠯᠢᠳᠡᠭ᠌ᠵᠢᠭᠦᠯᠦᠨ ᠳᠡᠭᠡᠭ᠌ᠰᠢᠯᠡᠭᠦᠯᠦᠭ᠌ᠰᠡᠨ ᠪᠣᠶ?ᠬᠥᠬᠡᠬᠣᠲᠠ᠎ᠶ᠋ᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠰᠣᠨᠢᠨ ᠮᠡᠳᠡᠭᠡ ᠨᠡᠢᠲᠡᠯᠡᠬᠦ᠌ ᠬᠤᠷᠠᠯ(77 ᠳ᠋ᠤᠭᠠᠷ ᠲᠠᠯᠠᠪᠠᠢ) ᠳᠡᠭᠡᠷ᠎ᠡ᠂ ᠬᠥᠬᠡᠬᠣᠲᠠ᠎ᠶ᠋ᠢᠨ ᠨᠠᠮ᠎ᠤᠨ ᠬᠣᠷᠢᠶᠠᠨ᠎ᠤ ᠤᠯᠤᠰ ᠲᠥᠷᠥ᠍ ᠬᠠᠤᠯᠢ ᠴᠠᠭᠠᠵᠠ᠎ᠶ᠋ᠢᠨ ᠬᠣᠷᠢᠶᠠᠨ᠎ᠤ ᠳᠡᠳ᠋ ᠱᠦᠵᠢ ᠸᠠᠩ ᠶᠦᠩ ᠡᠭᠦᠨ᠎ᠦ ᠲᠤᠬᠠᠶ ᠰᠤᠷᠪᠤᠯᠵᠢᠯᠠᠭ᠍ᠴᠢ᠎ᠶ᠋ᠢᠨ ᠠᠰᠠᠭᠤᠯᠲᠠ᠎ᠶ᠋ᠢ ᠬᠠᠷᠢᠭᠤᠯᠪᠠ᠃

ᠸᠠᠩ ᠶᠦᠩ᠎ᠤᠨ ᠲᠠᠨᠢᠯᠴᠠᠭᠤᠯᠤᠭᠰᠠᠨ ᠵᠢᠠᠷ᠂ ᠤᠢ᠍ᠢᠷ᠎ᠠ᠎ᠶ᠋ᠢᠨ ᠬᠤᠭᠤᠴᠠᠭᠠᠨ᠎ᠳᠤ ᠨᠡᠩ ᠤᠯᠠᠨ ᠰᠠᠭᠤᠭᠠᠯᠢ ᠲᠣᠭᠣᠷᠢᠭ᠎ᠤᠨ ᠳᠦᠭᠰᠢᠭᠦᠷᠢ ᠵᠢᠨ ᠲᠡᠰ᠎ᠢ ᠪᠠᠭᠤᠷᠠᠭᠤᠯᠤᠨ ᠪᠢᠲᠡᠭᠦᠮᠵᠢᠯᠡᠯ᠎ᠢ ᠲᠠᠢᠯᠬᠤ᠎ᠶ᠋ᠢ ᠲᠠᠭᠠᠯᠳᠤᠨ᠂ ᠤᠯᠠᠨ ᠲᠦᠮᠡᠨ ᠦᠨᠳᠦᠷ ᠲᠦᠭ᠌ᠰᠢᠭᠦᠷᠢᠲᠡᠢ ᠣᠷᠣᠨ᠎ᠢ ᠬᠡᠷᠬᠢᠨ ᠵᠠᠭᠠᠭ᠍ᠯᠠᠨ ᠲᠣᠭ᠍ᠲᠠᠭᠠᠬᠤ ᠲᠤᠬᠠᠢ ᠠᠰᠠᠭᠤᠳᠠᠯ᠎ᠢ ᠮᠠᠰᠢ ᠶᠡᠬᠡ ᠠᠩᠬᠠᠷᠴᠤ᠌ ᠪᠠᠢᠨ᠎ᠠ᠃《ᠬᠣᠷᠢᠨ ᠵᠤᠷᠪᠤᠰ ᠠᠷᠭ᠎ᠠ ᠬᠡᠮᠵᠢᠶ᠎ᠡ》 ᠳ᠋ᠤ ᠦᠨᠳᠦᠷ ᠲᠦᠭ᠌ᠰᠢᠭᠦᠷᠢᠲᠡᠶ ᠣᠷᠣᠨ᠎ᠢ ᠶᠡᠷᠦ᠍᠎ᠳᠡᠭᠡᠨ ᠠᠰᠠᠷ᠎ᠤᠨ ᠤᠷᠤᠴᠠ᠂ ᠠᠰᠠᠷ᠎ᠢᠶᠠᠷ ᠨᠢᠭᠡᠴᠢ ᠪᠣᠯᠭᠠᠨ ᠵᠠᠭᠠᠭ᠍ᠯᠠᠨ ᠲᠣᠭ᠍ᠲᠠᠭᠠᠵᠤ᠂ ᠬᠢᠵᠢᠭ ᠲᠠᠷᠬᠠᠬᠤ ᠠᠶᠤᠯ ᠲᠦᠭ᠌ᠰᠢᠭᠦᠷᠢ ᠲᠣᠳᠣᠷᠬᠠᠶ ᠥᠬᠡᠶ ᠪᠤᠶᠤ ᠨᠡᠢᠭᠡᠮ ᠲᠣᠭᠣᠷᠢᠭ᠎ᠲᠤ ᠥᠷᠭᠡᠨ᠎ᠢᠶᠡᠷ ᠳᠠᠷᠬᠠᠨ ᠳᠡᠯᠭᠡᠷᠡᠬᠦ᠌ ᠪᠠᠢᠳᠠᠯ ᠣᠷᠣᠱᠢᠵᠤ ᠪᠠᠢᠬᠤ ᠪᠠᠢᠳᠠᠯ ᠳᠤᠤᠷ᠎ᠠ᠂ ᠦᠨᠳᠦᠷ ᠲᠦᠭ᠌ᠰᠢᠭᠦᠷᠢᠲᠡᠶ ᠣᠷᠣᠨ ᠎ᠢᠶᠡᠷ ᠵᠠᠭᠠᠭ᠍ᠯᠠᠨ ᠲᠣᠭ᠍ᠲᠠᠭᠠᠬᠤ ᠬᠡᠪᠴᠢᠶ᠎ᠡ᠎ᠶ᠋ᠢ ᠵᠣᠬᠢᠰᠲᠠᠶ ᠥᠷᠭᠡᠳᠭᠡᠵᠦ᠍ ᠪᠣᠯᠤᠨ᠎ᠠ ᠭᠡᠵᠡᠢ᠃ ᠣᠳᠣᠬᠠᠨ᠎ᠳᠤ ᠬᠥᠬᠡᠬᠣᠲᠠ᠎ᠶ᠋ᠢᠨ ᠨᠡᠢᠭᠡᠮ ᠲᠣᠭᠣᠷᠢᠭ᠎ᠲᠡᠭᠢ ᠬᠢᠵᠢᠭ᠎ᠤᠨ ᠳᠠᠮᠵᠢᠭᠤᠯᠭ᠎ᠠ᠎ᠶ᠋ᠢᠨ ᠬᠡᠯᠬᠢᠶ᠎ᠡ᠎ᠶ᠋ᠢ ᠪᠠᠰᠠ ᠪᠦᠷᠢᠮᠦᠰᠦᠨ ᠲᠠᠰᠤᠯᠤᠭᠠᠳᠤᠶ ᠪᠠᠢᠭ᠍ᠰᠠᠭᠠᠷ᠂ ᠶᠡᠷᠦᠩᠬᠡᠢᠯᠡᠨ ᠰᠤᠳᠤᠯᠤᠨ ᠮᠠᠭᠠᠳᠯᠠᠬᠤ᠎ᠪᠠᠷ ᠳᠡᠮᠵᠢᠨ᠂ ᠦᠨᠳᠦᠷ ᠲᠦᠭ᠌ᠰᠢᠭᠦᠷᠢᠲᠡᠶ ᠣᠷᠣᠨ ᠎ᠢᠶᠡᠷ ᠵᠠᠭᠠᠭ᠍ᠯᠠᠨ ᠲᠣᠭ᠍ᠲᠠᠭᠠᠬᠤ ᠠᠵᠢᠯ᠎ᠢ ᠵᠣᠬᠢᠰᠲᠠᠶ ᠥᠷᠭᠡᠳᠭᠡᠵᠦ᠍᠂ ᠰᠠᠭᠤᠭᠠᠯᠢ ᠲᠣᠭᠣᠷᠢᠭ ᠪᠠ ᠠᠰᠠᠷ᠎ᠢᠶᠠᠷ ᠨᠢᠭᠡᠴᠢ ᠪᠣᠯᠭᠠᠨ ᠦᠨᠳᠦᠷ ᠲᠦᠭ᠌ᠰᠢᠭᠦᠷᠢᠲᠡᠶ ᠣᠷᠣᠨ᠎ᠢᠶᠡᠷ ᠵᠠᠭᠠᠭ᠍ᠯᠠᠨ ᠲᠤᠬ᠍ᠳᠠᠭᠠᠵᠦ᠍ ᠪᠠᠢᠨ᠎ᠠ᠃ ᠦᠨᠳᠦᠷ ᠲᠦᠭ᠌ᠰᠢᠭᠦᠷᠢᠲᠡᠶ ᠣᠷᠣᠨ᠎ᠳᠤ ᠪᠢᠳᠡ ᠬᠡᠷ᠎ᠡᠴᠡ᠎ᠪᠡᠨ ᠭᠠᠷᠬᠤ ᠥᠬᠡᠶ᠂ ᠬᠡᠷ᠎ᠲᠦᠨᠢ ᠬᠦᠷᠴᠦ᠍ ᠦᠶ᠋ᠯᠡᠴᠢᠯᠡᠬᠦ᠌ ᠬᠠᠮᠢᠶᠠᠷᠤᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠬᠡᠷᠡᠭ᠌ᠵᠢᠭᠦᠯᠦᠨ᠎ᠡ᠃

ᠳᠤᠤᠷ᠎ᠠ ᠲᠦᠭ᠌ᠰᠢᠭᠦᠷᠢᠲᠡᠶ ᠣᠷᠣᠨ᠎ᠳᠤ《ᠬᠤᠪᠢ ᠬᠥᠮᠦᠨ ᠎ᠤ ᠰᠡᠷᠭᠡᠢᠯᠡᠯᠳᠡ ᠬᠠᠮᠠᠭᠠᠯᠠᠯᠳᠠ ᠎ᠪᠠᠨ ᠰᠠᠢᠳᠤᠷ ᠬᠢᠵᠦ᠍᠂ ᠴᠤᠭ᠍ᠯᠠᠷᠠᠬᠤ᠎ᠠᠴᠠ ᠵᠠᠢᠯᠠᠰᠭᠢᠬᠦ᠌》 ᠶ᠋ᠢ ᠵᠢᠷᠤᠮᠯᠠᠭ᠍ᠰᠠᠨ ᠤᠷᠢᠲᠠᠯ ᠳᠤᠤᠷ᠎ᠠ ᠰᠠᠭᠤᠭᠠᠯᠢ ᠠᠷᠠᠳ ᠨᠢᠭᠡᠨᠲᠡ ᠡᠮᠬᠢ ᠵᠢᠷᠤᠮ᠎ᠲᠠᠶ᠎ᠪᠠᠷ ᠶᠠᠪᠤᠵᠤ ᠰᠠᠭᠤᠵᠤ ᠪᠣᠯᠤᠨ᠎ᠠ᠂ ᠬᠥᠮᠦᠨ ᠬᠠᠷ᠎ᠠ᠂ ᠲᠡᠷᠭᠡ ᠬᠥᠰᠭᠡ ᠰᠠᠭᠤᠭᠠᠯᠢ ᠲᠣᠭᠣᠷᠢᠭ᠎ᠢᠶᠠᠷ ᠣᠷᠣᠵᠤ ᠭᠠᠷᠬᠤ᠎ᠳᠠᠭᠠᠨ ᠲᠣᠰ ᠰᠠᠭᠤᠭᠠᠯᠢ ᠲᠣᠭᠣᠷᠢᠭ᠎ᠤᠨ᠎ᠢᠶᠠᠨ ᠣᠷᠣᠵᠤ ᠭᠠᠷᠬᠤ ᠺᠠᠷᠲ᠎ᠢᠶᠠᠨ ᠠᠪᠴᠤ᠌᠂ ᠬᠥᠬᠡᠬᠣᠲᠠ᠎ᠶ᠋ᠢᠨ ᠺᠤᠳ᠋ ᠎ᠢ ᠱᠢᠷᠪᠢᠵᠦ᠍᠂ ᠠᠮᠠᠪᠴᠢ᠎ᠪᠠᠨ ᠵᠡᠭᠦᠵᠦ᠂ ᠪᠥᠭᠡᠮ ᠬᠦᠴᠢᠯ᠎ᠦᠨ ᠪᠠᠢᠴᠠᠭᠠᠯᠲᠡ᠎ᠶ᠋ᠢᠨ ᠪᠢᠯᠢᠭ ᠴᠢᠨᠠᠷ᠎ᠤᠨ ᠭᠡᠷᠡᠴᠢ(ᠲᠡᠷᠭᠡᠨ ᠳᠡᠭᠡᠷᠡᠬᠢ ᠠᠶᠠᠨᠴᠢᠨ ᠨᠢᠭᠡ ᠪᠦᠷᠢ᠎ᠶ᠋ᠢ ᠴᠥᠮ ᠨᠢᠭᠡᠳ ᠨᠢᠭᠡ᠎ᠪᠡᠷ ᠬᠠᠷᠭᠤᠭᠤᠯᠤᠨ ᠪᠠᠢᠴᠠᠭᠠᠬᠤ ᠬᠡᠷᠡᠭ᠌ᠲᠡᠶ) ᠶ᠋ᠢ ᠪᠠᠢᠴᠠᠭᠠᠨ ᠱᠢᠯᠭᠠᠬᠤ ᠬᠡᠷᠡᠭ᠌ᠲᠡᠶ᠃ ᠡᠨᠳᠡ ᠰᠠᠨᠠᠭᠤᠯᠬᠤ ᠨᠢ᠂ ᠪᠢᠲᠡᠭᠦᠮᠵᠢᠯᠡᠯ᠎ᠢ ᠲᠠᠢᠯᠤᠬ᠍ᠰᠠᠨ ᠨᠢ ᠰᠡᠷᠭᠡᠢᠯᠡᠯᠲᠡ᠎ᠶ᠋ᠢ ᠲᠠᠢᠯᠤᠬ᠍ᠰᠠᠨ ᠶᠠᠪᠤᠳᠠᠯ ᠪᠢᠰᠢ᠂ ᠣᠯᠠᠨ᠎ᠢᠶᠠᠷ᠎ᠢᠶᠠᠨ ᠭᠠᠳᠠᠭ᠍ᠰᠢ ᠭᠠᠷᠬᠤ᠎ᠳᠠᠭᠠᠨ ᠲᠤᠭᠤᠷᠢᠭ ᠠᠯᠤᠰᠯᠠᠨ ᠶᠠᠪᠤᠵᠤ ᠰᠠᠭᠤᠬᠤ ᠥᠬᠡᠶ᠂ ᠶᠠᠭᠤᠮ᠎ᠠ ᠬᠤᠳᠠᠯᠳᠤᠨ ᠠᠪᠬᠤ᠂ ᠡᠪᠡᠳᠴᠢᠨ ᠦᠵᠡᠭᠦᠯᠬᠦ᠌᠎ᠳᠡᠭᠡᠨ ᠴᠦ᠍ ᠬᠤᠪᠢ ᠬᠥᠮᠦᠨ᠎ᠦ ᠰᠡᠷᠭᠡᠢᠯᠡᠯᠲᠡ ᠬᠠᠮᠠᠭᠠᠯᠠᠯᠲᠠ᠎ᠪᠠᠨ ᠰᠠᠢᠲᠤᠷ ᠬᠢᠵᠦ᠍᠂ ᠴᠤᠭ᠍ᠯᠠᠷᠠᠬᠤ᠎ᠠᠴᠠ ᠠᠯᠢ ᠴᠢᠳᠠᠬᠤ᠎ᠪᠠᠷ ᠵᠠᠢᠯᠠᠰᠭᠢᠬᠦ᠌ ᠬᠡᠷᠡᠭ᠌ᠲᠡᠶ; ᠠᠵᠢᠯᠯᠠᠵᠤ ᠪᠠᠢᠭ᠎ᠠ ᠰᠠᠭᠤᠭᠠᠯᠢ ᠠᠷᠠᠳ ᠡᠳᠦᠷ ᠪᠦᠷᠢ ᠠᠯᠢ ᠪᠤᠯᠬᠤ᠎ᠪᠠᠷ ᠭᠡᠷ ᠪᠠ ᠠᠵᠢᠯᠯᠠᠬᠤ ᠭᠠᠵᠠᠷ᠎ᠤᠨ ᠬᠤᠭᠤᠷᠤᠨᠳᠦ ᠯᠡ ᠶᠠᠪᠤᠬᠤ᠎ᠶ᠋ᠢ ᠪᠠᠲᠤᠯᠠᠨ᠎ᠠ; ᠭᠠᠳᠠᠨ᠎ᠠ᠎ᠠᠴᠠ ᠬᠤᠳᠠᠯᠳᠤᠨ ᠠᠪᠤᠭ᠍ᠰᠠᠨ ᠠᠮᠢᠳᠤᠷᠠᠯ᠎ᠤᠨ ᠡᠳ᠋ ᠪᠣᠳᠠᠰ᠎ᠢ ᠴᠤ᠌ ᠰᠠᠢᠲᠤᠷ ᠠᠷᠢᠭᠤᠳᠭᠠᠬᠤ ᠬᠡᠷᠡᠭ᠌ᠲᠡᠢ᠃

ᠬᠠᠮᠢᠶᠠᠷᠤᠨ ᠡᠵᠡᠮᠳᠡᠬᠦ᠌ ᠠᠵᠢᠯ᠎ᠢ ᠱᠢᠨᠵᠢᠯᠡᠬᠦ᠌ ᠤᠬᠠᠭᠠᠨᠴᠢ ᠣᠨᠣᠴᠠᠲᠠᠢ ᠰᠠᠢᠲᠤᠷ ᠬᠢᠬᠦ᠌᠎ᠶ᠋ᠢᠨ ᠬᠠᠮᠲᠤ ᠦᠢᠯᠡᠴᠢᠯᠡᠭᠡ ᠪᠠᠲᠤᠯᠠᠭ᠎ᠠ᠎ᠶ᠋ᠢᠨ ᠲᠦᠪᠱᠢᠨ᠎ᠢᠶᠡᠨ ᠤᠯᠠᠮ ᠴᠢᠨᠠᠭ᠍ᠰᠢᠳᠠ ᠲᠡᠭᠡᠭ᠌ᠰᠢᠯᠡᠭᠦᠯᠵᠦ᠍ ᠪᠠᠢᠨ᠎ᠠ᠃

﹡ᠣᠳᠣᠬᠠᠨ᠎ᠳᠤ ᠺᠠᠳ᠋ᠷᠴᠤᠳ᠎ᠢ ᠰᠠᠭᠤᠭᠠᠯᠢ ᠲᠣᠭᠣᠷᠢᠭ᠂ ᠰᠠᠭᠤᠭᠠᠯᠢ ᠠᠷᠠᠳ᠎ᠤᠨ ᠬᠤᠯᠪᠤᠭ᠎ᠠ᠂ ᠭᠤᠤᠯᠳᠠᠯᠭ᠎ᠠ᠎ᠲᠠᠶ ᠲᠠᠯᠠᠪᠤᠷ ᠭᠠᠵᠠᠷ᠎ᠲᠤ《ᠭᠤᠷᠪᠠ᠎ᠳᠤ ᠣᠷᠣᠭᠤᠯᠬᠤ 》ᠠᠵᠢᠯᠯᠠᠭ᠎ᠠ ᠥᠷᠨᠢᠭᠦᠯᠵᠦ᠍᠂ ᠡᠯ᠎ᠡ ᠱᠠᠲᠤᠨ᠎ᠤ ᠺᠠᠳ᠋ᠷᠴᠤᠳ ᠨᠢᠭᠡᠨᠲᠡ ᠥᠨᠳᠥᠷ ᠳᠤᠤᠷ᠎ᠠ ᠲᠦᠭ᠌ᠰᠢᠭᠦᠷᠢᠲᠡᠶ ᠰᠠᠭᠤᠭᠠᠯᠢ ᠠᠷᠠᠳ᠎ᠤᠨ ᠲᠣᠭᠣᠷᠢᠭ᠎ᠲᠤ ᠣᠷᠣᠬᠤ᠎ᠶ᠋ᠢᠨ ᠬᠠᠮᠲᠤ ᠰᠠᠭᠤᠭᠠᠯᠢ ᠠᠷᠠᠳ᠎ᠤᠨ ᠵᠢᠷᠭᠢᠶ᠎ᠡ ᠵᠢᠨ ᠬᠤᠯᠪᠤᠭ᠎ᠠ ᠎ᠳᠤ ᠣᠷᠣᠵᠤ᠂ ᠣᠯᠠᠨ᠎ᠳᠤ ᠡᠯ᠎ᠡ ᠵᠦᠶ᠋ᠯ᠎ᠦᠨ ᠦᠶ᠋ᠯᠡᠴᠢᠯᠡᠭᠡ ᠬᠠᠩᠭᠠᠬᠤ᠎ᠪᠠᠷ ᠴᠢᠷᠮᠠᠢᠵᠤ ᠪᠠᠢᠨ᠎ᠠ᠃

﹡ᠬᠡᠷᠪᠡ ᠲᠠ ᠰᠡᠳᠭᠢᠴᠡ᠎ᠶ᠋ᠢᠨ ᠵᠢᠯᠣᠭᠣᠳᠤᠯᠭ᠎ᠠ ᠬᠢᠯᠭᠡᠭᠦ᠌ ᠴᠢᠬᠤᠯᠠᠳᠠᠢ ᠪᠣᠯ 12320 - 5 ᠎ᠳᠤ ᠤᠲᠠᠰᠤᠳᠠᠵᠤ ᠪᠣᠯᠤᠨ᠎ᠠ᠂ ᠲᠤᠰᠭᠠᠶ ᠮᠡᠷᠭᠡᠵᠢᠯᠲᠡᠨ ᠴᠠᠭ ᠲᠤᠬᠠᠶ᠎ᠳᠤᠨᠢ ᠲᠠᠨ᠎ᠳᠤ ᠰᠡᠳᠭᠢᠴᠡ᠎ᠶ᠋ᠢᠨ ᠲᠤᠰᠠᠯᠠᠮᠵᠢ ᠬᠠᠩᠭᠠᠨ᠎ᠠ᠃

﹡ᠵᠢᠷᠮᠦᠰᠦᠨ ᠪᠦᠰᠡᠭᠦᠢ᠂ ᠬᠠᠪᠤᠳᠠᠷ᠎ᠤᠨ ᠰᠠᠴᠤᠷᠠᠭ ᠬᠢᠮᠢ᠎ᠶ᠋ᠢᠨ ᠵᠠᠰᠠᠯᠭ᠎ᠠ ᠬᠢᠯᠭᠡᠵᠦ ᠪᠠᠢᠭ᠎ᠠ ᠡᠪᠡᠳᠴᠢᠳᠡᠨ᠂ ᠤᠵᠢᠭ ᠡᠪᠡᠳᠴᠢᠨ ᠲᠠᠢ ᠡᠪᠡᠳᠴᠢᠲᠡᠨ ᠵᠡᠷᠭᠡ ᠣᠨᠴᠠᠭᠠᠶ ᠬᠥᠮᠦᠰ ᠴᠠᠭ ᠲᠤᠬᠠᠶ᠎ᠳᠤᠨᠢ ᠨᠡᠢᠭᠡᠮ ᠲᠣᠭᠣᠷᠢᠭ᠎ᠲᠤ ᠲᠠᠩᠰᠠᠯᠠᠭᠤᠯᠵᠦ᠍᠂ ᠲᠡᠳᠡᠨᠠᠷ᠎ᠲᠤ ᠰᠠᠭᠠᠳ ᠥᠬᠡᠶ ᠨᠡᠪᠲᠡᠷᠡᠬᠦ᠌ ᠵᠠᠮ ᠨᠡᠭᠡᠭᠡᠵᠦ᠍᠂ ᠴᠠᠭ ᠲᠤᠬᠠᠶ᠎ᠳᠤᠨᠢ ᠡᠮᠨᠡᠭᠦᠯᠬᠦ᠌᠂ ᠡᠮᠨᠡᠨ ᠵᠠᠰᠠᠬᠤ᠎ᠳᠤ ᠲᠥᠬᠥᠮ ᠦᠵᠡᠭᠦᠯᠦᠨ᠎ᠡ᠃

﹡ᠬᠡᠷᠪᠡ ᠵᠢᠷᠦᠬᠡ ᠲᠠᠷᠢᠬᠢᠨ ᠰᠤᠳᠠᠯ᠎ᠤᠨ ᠡᠪᠡᠳᠴᠢᠨ᠎ᠤ ᠭᠡᠨᠡᠳᠲᠡ᠎ᠶ᠋ᠢᠨ ᠬᠡᠷᠡᠭ᠂ ᠬᠥᠩᠭᠡᠵᠢᠬᠦ᠌᠂ ᠬᠠᠯᠠᠭᠠᠭ᠍ᠰᠠᠨ ᠱᠢᠷᠬ᠎ᠠ ᠪᠤᠶᠤ ᠬᠤᠤᠷᠳᠠᠭ᠍ᠳᠠᠬᠤ ᠵᠡᠷᠭᠡ ᠪᠠᠴᠢᠮ ᠪᠠᠢᠳᠠᠯ ᠲᠣᠬᠢᠶᠠᠯᠳᠤᠪᠠᠯ᠂ ᠴᠠᠭ ᠲᠤᠬᠠᠶ᠎ᠳᠤᠨᠢ ᠡᠮ ᠡᠮᠨᠡᠯᠭᠡ᠎ᠶ᠋ᠢᠨ ᠠᠪᠤᠷᠠᠨ ᠲᠤᠰᠠᠯᠠᠬᠤ ᠦᠶ᠋ᠯᠡᠴᠢᠯᠡᠭᠡ ᠬᠠᠩᠭᠠᠨ᠎ᠠ᠃

﹡ᠣᠨᠴᠠᠭᠠᠢ ᠬᠦᠮᠦᠰ ᠪᠠ ᠠᠮᠢᠳᠤᠷᠠᠯ ᠨᠢ ᠬᠦᠴᠢᠷᠳᠡᠯᠲᠡᠢ ᠤᠯᠠᠨ ᠲᠦᠮᠡᠨ᠎ᠳᠦ ᠨᠡᠢᠭᠡᠮ ᠲᠣᠭᠣᠷᠢᠭ᠎ᠤᠨ ᠬᠢᠨ ᠴᠥᠮ ᠭᠣᠣᠯᠳᠠᠯᠭ᠎ᠠ᠎ᠲᠠᠶ ᠬᠥᠮᠦᠰ᠎ᠦᠨ ᠡᠬᠡ ᠲᠠᠩᠰᠠ ᠪᠠᠢᠭᠤᠯᠵᠠᠢ᠃ ᠶᠠᠮᠠᠷᠪᠠ ᠬᠦᠴᠢᠷᠳᠡᠯ ᠪᠠ ᠠᠰᠠᠭᠤᠳᠠᠯ᠎ᠳᠤ ᠲᠤᠯᠭᠠᠷᠠᠪᠠᠯ ᠴᠠᠭ ᠲᠤᠬᠠᠢ᠎ᠳᠤᠨᠢ ᠨᠡᠢᠭᠡᠮ ᠲᠣᠭᠣᠷᠢᠭ᠎ᠤᠨ ᠠᠵᠢᠯᠳᠠᠨ᠎ᠲᠠᠶ ᠬᠠᠷᠢᠯᠴᠠᠵᠤ ᠪᠤᠯᠤᠨ᠎ᠠ᠂ ᠯᠠᠪᠲᠠᠢ ᠴᠠᠭ ᠲᠤᠬᠠᠢ᠎ᠳᠤᠨᠢ ᠲᠦᠷᠭᠡᠨ ᠱᠢᠢᠳᠪᠦᠷᠢᠯᠡᠵᠦ᠍ ᠦᠭ᠌ᠬᠥᠨ᠎ᠠ ᠭᠡᠵᠡᠢ


  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠴᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面