ᠵᠢᠷᠭᠤᠭᠠᠨ ᠲᠣᠭᠲᠠᠪᠤᠷᠢᠵᠢᠯ᠎ᠢ᠋ ᠪᠠᠲᠤᠯᠠᠶ᠎ᠠ > ᠮᠡᠳᠡᠭᠡᠯᠡᠯ

2022-11-18 18:44:33

ᠵᠣᠬᠢᠶᠠᠭ᠍ᠴᠢ᠄ ᠵᠡᠡᠭ ᠱᠢᠤᠸᠠᠢ ᠯᠢᠶᠠᠡᠭ ᠂ ᠸᠠᠡᠭ ᠶᠠ ᠵᠢᠡᠭ ᠣᠩᠱᠢᠭ᠍ᠰᠠᠨ ᠣᠳᠠᠭ᠎ᠠ᠄ 3

ᠬᠥᠬᠡᠬᠣᠲᠠ᠎ᠶ᠋ᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠰᠣᠨᠢᠨ ᠮᠡᠳᠡᠭᠡ ᠨᠡᠢᠲᠡᠯᠡᠬᠦ᠌ ᠬᠤᠷᠠᠯ(77 ᠳ᠋ᠤᠭᠠᠷ ᠲᠠᠯᠠᠪᠠᠢ)ᠳᠡᠭᠡᠷ᠎ᠡ᠂ ᠬᠥᠬᠡᠬᠣᠲᠠ᠎ᠶ᠋ᠢᠨ ᠣᠷᠣᠨ ᠰᠠᠭᠤᠴᠠ ᠪᠠ ᠬᠣᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠣᠪᠴᠢᠶ᠎ᠠ᠎ᠶ᠋ᠢᠨ ᠬᠣᠶᠠᠳᠤᠭᠠᠷ ᠳᠡᠰ᠎ᠤᠨ ᠪᠠᠢᠴᠠᠭᠠᠨ ᠰᠤᠳᠤᠯᠤᠭ᠍ᠴᠢ ᠯᠢᠦ ᠬᠣᠩ ᠵᠢᠶᠦ᠋ᠨ᠂ ᠬᠢᠵᠢᠭ᠎ᠦᠨ ᠪᠠᠢᠳᠠᠯ ᠨᠢ ᠬᠣᠲᠠ᠎ᠶ᠋ᠢ ᠲᠦᠷ ᠴᠠᠭ ᠨᠠᠮᠵᠢᠭᠤᠨ ᠪᠣᠯᠭᠠᠭ᠍ᠰᠠᠨ ᠪᠣᠯᠪᠠᠴᠤ᠌ ᠤᠰᠤ᠂ ᠬᠡᠶ᠂ ᠳᠤᠯᠠᠭᠠᠯᠠᠭ᠎ᠠ᠎ᠶ᠋ᠢᠨ ᠬᠠᠩᠭᠠᠯᠭ᠎ᠠ᠎ᠶ᠋ᠢ ᠵᠣᠭ᠍ᠰᠣᠭᠠᠵᠤ ᠪᠣᠯᠬᠤ ᠥᠬᠡᠶ ᠭᠡᠵᠦ᠍ ᠮᠡᠳᠡᠭ᠌ᠳᠡᠪᠡ᠃ ᠬᠢᠵᠢᠭ᠎ᠦᠨ ᠪᠠᠢᠳᠠᠯ ᠭᠠᠷᠤᠭ᠍ᠰᠠᠨ᠎ᠤ ᠳᠠᠷᠠᠭ᠎ᠠ᠂ ᠬᠥᠬᠡᠬᠣᠲᠠ᠎ᠶ᠋ᠢᠨ᠎ᠬᠢᠨ ᠬᠣᠲᠠ᠎ᠶ᠋ᠢᠨ ᠶᠠᠪᠤᠳᠠᠯ᠎ᠤᠨ ᠦᠶ᠋ᠯᠡᠴᠢᠯᠡᠭᠡ᠎ᠶ᠋ᠢ ᠪᠠᠲᠤᠯᠠᠬᠤ᠎ᠶ᠋ᠢᠨ ᠲᠥᠯᠥᠭᠡ᠂ 3 ᠠᠵᠢᠯ᠎ᠤᠨ ᠵᠠᠷᠴᠢᠮ᠎ᠢ ᠲᠣᠳᠣᠷᠬᠠᠢᠯᠠᠪᠠ᠃

ᠨᠢᠭᠡ᠎ᠳᠦ᠂ 《ᠬᠠᠩᠭᠠᠪᠠᠰᠦ ᠵᠤᠬᠢᠬᠤ᠎ᠶ᠋ᠢ ᠨᠢ ᠪᠦᠬᠦᠨ᠎ᠢ ᠬᠠᠩᠭᠠᠬᠤ》 ᠶ᠋ᠢ ᠪᠡᠶᠡᠯᠡᠭᠦᠯᠵᠦ᠍᠂ ᠤᠰᠤ᠂ ᠬᠡᠶ᠂ ᠳᠤᠯᠠᠭᠠᠯᠠᠭ᠎ᠠ᠎ᠶ᠋ᠢᠨ 《ᠰᠦᠶ᠋ᠳᠭᠡᠯ ᠦᠷᠢᠳᠦᠵᠦ᠍ ᠪᠠᠢᠬ᠍ᠰᠠᠨ ᠴᠦ᠍ ᠬᠠᠩᠭᠠᠯᠭ᠎ᠠ᠎ᠶ᠋ᠢ ᠨᠢ ᠲᠠᠰᠤᠯᠠᠬᠤ ᠥᠬᠡᠶ ᠪᠠᠢᠬᠤ》 ᠶ᠋ᠢ ᠪᠠᠲᠤᠯᠠᠬᠤ ᠬᠡᠷᠡᠭ᠌ᠲᠡᠶ᠃

ᠬᠣᠶᠠᠷ᠎ᠲᠤ᠂ 《ᠪᠠᠲᠤᠯᠠᠪᠠᠰᠤ ᠵᠣᠬᠢᠬᠤ᠎ᠶ᠋ᠢ᠎ᠨᠢ ᠪᠦᠬᠦᠨ᠎ᠢ ᠪᠠᠲᠤᠯᠠᠬᠤ》ᠶ᠋ᠢ ᠪᠡᠶᠡᠯᠡᠭᠦᠯᠵᠦ᠍᠂ ᠤᠰᠤ᠂ ᠬᠡᠶ᠂ ᠳᠤᠯᠠᠭᠠᠯᠠᠭ᠎ᠠ ᠬᠠᠩᠭᠠᠬᠤ ᠲᠠᠯᠠᠪᠤᠷ ᠭᠠᠵᠠᠷ᠎ᠲᠤ 《ᠪᠢᠲᠡᠭᠦᠮᠵᠢᠯᠡᠭ᠌ᠰᠡᠨ ᠬᠠᠮᠢᠶᠠᠷᠤᠯᠲᠠ》 ᠶ᠋ᠢ ᠴᠢᠩᠭ᠎ᠠ ᠬᠡᠷᠡᠭ᠌ᠵᠢᠭᠦᠯᠵᠦ᠍᠂ ᠠᠮᠤᠷ ᠲᠦᠪᠱᠢᠨ ᠲᠣᠭ᠍ᠲᠠᠭᠤᠨ᠎ᠢᠶᠠᠷ ᠠᠵᠢᠯᠯᠠᠬᠤ᠎ᠶ᠋ᠢ ᠪᠠᠲᠤᠯᠠᠬᠤ ᠬᠡᠷᠡᠭ᠌ᠲᠡᠶ᠃

ᠭᠤᠷᠪᠠ᠎ᠳᠤ᠂ 《ᠵᠠᠰᠠᠪᠠᠰᠤ ᠵᠣᠬᠢᠬᠤ᠎ᠶ᠋ᠢ᠎ᠨᠢ ᠪᠦᠬᠦᠨ᠎ᠢ ᠵᠠᠰᠠᠵᠤ》᠂ ᠣᠯᠠᠨ ᠲᠦᠮᠡᠨ᠎ᠦ ᠬᠦᠰᠡᠯ ᠱᠠᠭᠠᠷᠳᠠᠯᠭ᠎ᠠ᠎ᠶ᠋ᠢ ᠢᠳᠡᠪᠬᠢᠲᠡᠶ ᠱᠢᠶ᠋ᠳᠪᠦᠷᠢᠯᠡᠬᠦ᠌ ᠬᠡᠷᠡᠭ᠌ᠲᠡᠶ ᠭᠡᠵᠡᠢ᠃

ᠤᠰᠤ᠂ ᠲᠤᠯᠠᠭᠠᠯᠠᠭ᠎ᠠ᠎ᠶ᠋ᠢᠨ ᠠᠰᠠᠭᠤᠳᠠᠯ ᠲᠤᠬᠢᠶᠠᠯᠳᠤᠪᠠᠯ 12345 ᠦᠶ᠋ᠯᠡᠴᠢᠯᠡᠭᠡᠨ᠎ᠦ ᠤᠲᠠᠰᠤ᠎ᠪᠠᠷ ᠤᠳᠠᠰᠤᠳᠠᠵᠦ᠍ ᠪᠤᠯᠤᠨ᠎ᠠ᠃

ᠬᠡᠷᠪᠡ ᠱᠢᠲᠠᠮᠠᠬᠠᠶ ᠬᠡᠶ ᠬᠡᠷᠡᠭ᠌ᠯᠡᠬᠦ᠌ ᠲᠠᠯ᠎ᠠ᠎ᠪᠠᠷ ᠠᠰᠠᠭᠤᠳᠠᠯ ᠲᠤᠬᠢᠶᠠᠯᠳᠤᠪᠠᠯ᠂ 96707 ᠦᠶ᠋ᠯᠡᠴᠢᠯᠡᠭᠡᠨ᠎ᠦ ᠤᠲᠠᠰᠤ᠎ᠶ᠋ᠢ ᠤᠳᠠᠰᠤᠳᠠᠬᠤ ᠪᠤᠶᠤ ᠬᠥᠬᠡᠬᠣᠲᠠ᠎ᠶ᠋ᠢᠨ ᠱᠢᠲᠠᠮᠠᠬᠠᠶ ᠬᠡᠶ᠎ᠶ᠋ᠢᠨ ᠵᠢᠷᠬᠢᠶ᠎ᠡ ᠎ᠶ᠋ᠢᠨ ᠲᠠᠪᠴᠠᠡᠭ (青城燃气公众号) ᠎ᠶ᠋ᠢ ᠠᠩᠬᠠᠷᠴᠤ᠌ ᠠᠰᠠᠭᠤᠳᠠᠯ ᠵᠢᠡᠨ ᠲᠤᠰᠭᠠᠵᠦ᠍ ᠪᠤᠯᠤᠨ᠎ᠠ᠃


微信图片_20221118185009.jpg

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠴᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面