2022-11-18 20:41:39
ᠬᠡᠰᠡᠭ ᠬᠣᠲᠠ᠎ᠶᠢᠨ ᠠᠷᠠᠳ᠎ᠤᠨ ᠲᠤᠰᠬᠠᠭᠰᠠᠨ ᠲᠤᠰᠠᠭᠠᠷᠯᠠᠬᠤ ᠲᠠᠯᠠᠪᠤᠷ᠎ᠤᠨ ᠨᠥᠬᠥᠴᠡᠯ ᠲᠥᠬᠦᠭᠡᠷᠦᠮᠵᠢ ᠠᠨᠠᠢ ᠂ ᠦᠢᠯᠡᠴᠢᠯᠡᠭᠡ ᠬᠦᠷᠦᠯᠴᠡᠬᠦ ᠦᠭᠡᠢ ᠪᠠᠢᠬᠤ ᠠᠰᠠᠭᠤᠳᠠᠯ᠎ᠢ ᠪᠣᠶ ᠪᠣᠯᠭᠠᠭᠰᠠᠨ ᠰᠢᠯᠲᠠᠭᠠᠨ ᠨᠢ ᠶᠠᠭᠤ ᠪᠣᠶ ? ᠣᠳᠣᠬᠠᠨ᠎ᠳᠤ ᠬᠥᠬᠡᠬᠣᠲᠠ᠎ᠶᠢᠨ ᠲᠤᠰᠠᠭᠠᠷᠯᠠᠬᠤᠡᠬᠢ ᠪᠠᠶᠠᠯᠢᠭ᠋ ᠪᠠ ᠬᠥᠮᠥᠨ᠎ᠦ ᠬᠦᠴᠦᠨ ᠬᠢᠷᠢ ᠵᠡᠷᠭᠡ ᠪᠠᠢᠨ᠎ᠠ? ᠣᠯᠠᠨ ᠲᠦᠮᠡᠨ᠎ᠦ ᠬᠦᠰᠡᠯ ᠱᠠᠭᠠᠷᠳᠠᠯᠭ᠎ᠠ ᠪᠡᠷ ᠬᠡᠷᠬᠢᠨ ᠴᠡᠭᠴᠡᠯᠡᠨ ᠥᠭᠡᠷᠡᠴᠢᠯᠡᠬᠦ ᠪᠤᠶ ? ᠦᠷ᠎ᠡ ᠪᠦᠲᠦᠮᠵᠢ ᠨᠢ ᠬᠢᠷᠢ ᠵᠡᠷᠭᠡ ᠪᠤᠢ? ᠣᠳᠣᠬᠠᠨ᠎ᠳᠤ ᠲᠤᠰᠠᠭᠠᠷᠯᠠᠵᠤ ᠵᠥᠭᠡᠭᠡᠪᠦᠷᠢᠯᠡᠬᠦ ᠪᠠᠢᠳᠠᠯ ᠶᠠᠮᠠᠷ ᠪᠠᠢᠨ᠎ᠠ? ᠬᠥᠬᠡᠬᠣᠲᠠ᠎ᠶᠢᠨ ᠬᠢᠵᠢᠭ᠌᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠠᠵᠢᠯ᠎ᠤᠨ ᠰᠣᠨᠢᠨ ᠮᠡᠳᠡᠭᠡ ᠨᠡᠢᠲᠡᠯᠡᠬᠦ ᠬᠤᠷᠠᠯ (75 ᠳ᠋ᠤᠭᠠᠷ ᠲᠠᠯᠠᠪᠠᠢ) ᠳᠡᠭᠡᠷ᠎ᠡ᠂ ᠬᠥᠬᠡᠬᠣᠲᠠ᠎ᠶᠢᠨ ᠬᠢᠵᠢᠭ᠌᠎ᠦᠨ ᠪᠠᠢᠳᠠᠯ᠎ᠢ ᠰᠡᠷᠭᠡᠢᠯᠡᠨ ᠡᠵᠡᠮᠳᠡᠬᠦ ᠠᠵᠢᠯ᠎ᠢ ᠵᠢᠯᠤᠭᠣᠳᠬᠤ ᠭᠠᠵᠠᠷ᠎ᠤᠨ ᠲᠤᠰᠠᠭᠠᠷᠯᠠᠬᠤ ᠴᠡᠭ᠎ᠦᠨ ᠬᠠᠮᠢᠶᠠᠷᠤᠯᠲᠠ᠎ᠶᠢᠨ ᠳᠤᠭᠤᠢᠯᠠᠩ᠎ᠤᠨ ᠲᠤᠰᠠᠭᠠᠷᠯᠠᠬᠤ ᠲᠠᠯᠠᠪᠤᠷ᠎ᠤᠨ ᠳᠣᠲᠣᠭᠠᠳᠤᠬᠠᠮᠢᠶᠠᠷᠤᠯᠲᠠᠶᠢᠨ ᠲᠤᠰᠬᠠᠢ ᠠᠩᠭᠢ᠎ᠶᠢᠨ ᠳᠡᠳ᠋ ᠳᠠᠷᠤᠭ᠎ᠠ ᠯᠠᠨ ᠵᠢᠶᠦ᠋ᠨ ᠡᠭᠦᠨ᠎ᠦ ᠲᠤᠬᠠᠢ ᠰᠤᠷᠪᠤᠯᠵᠢᠯᠠᠭ᠍ᠴᠢ᠎ᠶᠢᠨ ᠠᠰᠠᠭᠤᠯᠲᠠ᠎ᠶᠢ ᠬᠠᠷᠢᠭᠤᠯᠪᠠ᠃
ᠯᠠᠨ ᠵᠢᠶᠦ᠋ᠨ ᠢᠯᠡᠷᠬᠡᠢᠯᠡᠬᠦ᠎ᠳᠡᠭᠡᠨ᠂ ᠬᠢᠵᠢᠭ᠌ ᠦᠨ ᠪᠠᠢᠳᠠᠯ ᠡᠭᠦᠰᠦᠭᠰᠡᠨ ᠡᠴᠡ ᠨᠠᠭᠠᠰᠢ᠂ ᠬᠥᠬᠡᠬᠣᠲᠠ᠎ᠶᠢᠨ ᠬᠢᠨ ᠤᠯᠤᠰ᠎ᠤᠨ ᠪᠠ ᠥᠪᠡᠷᠲᠡᠭᠡᠨ ᠵᠠᠰᠠᠬᠤ ᠣᠷᠣᠨ᠎ᠤ ᠰᠡᠷᠭᠡᠢᠯᠡᠨ ᠡᠵᠡᠮᠳᠡᠬᠦ ᠲᠥᠰᠥᠯ᠎ᠦᠨ ᠱᠠᠭᠠᠷᠳᠠᠯᠭ᠎ᠠ ᠶᠣᠰᠣᠭᠠᠷ᠂ 《ᠨᠥᠯᠥᠭᠡᠯᠡᠬᠦ ᠬᠡᠪᠴᠢᠶ᠎ᠡ᠎ᠪᠡᠷ ᠪᠠᠭ᠎ᠠ᠂ ᠠᠮᠤᠷ ᠲᠦᠪᠰᠢᠨ᠎ᠦ ᠴᠢᠨᠠᠷ᠎ᠢᠶᠠᠷ ᠥᠨᠳᠥᠷ》 ᠪᠠᠢᠬᠤ ᠵᠠᠷᠴᠢᠮ᠎ᠢ ᠵᠢᠷᠤᠮᠯᠠᠨ᠂ ᠨᠥᠬᠥᠴᠡᠯ᠎ᠳᠦ ᠨᠡᠶ᠋ᠢᠴᠡᠬᠦ ᠪᠠᠭᠤᠳᠠᠯ ᠂ ᠨᠡᠶ᠋ᠢᠲᠡ᠎ᠶᠢᠨ ᠪᠠᠢᠷᠢ ᠳᠠᠳᠠᠪᠤᠷᠢᠯᠠᠬᠤ ᠪᠠ ᠰᠢᠨ᠎ᠡ᠎ᠪᠡᠷ ᠴᠢᠨᠭᠭᠡᠯᠢᠭ ᠥᠷᠥᠭᠡ ᠪᠠᠢᠭᠤᠯᠬᠤ ᠵᠡᠷᠭᠡ ᠠᠷᠭ᠎ᠠ ᠬᠡᠮᠵᠢᠶ᠎ᠡ ᠪᠡᠷ ᠳᠠᠮᠵᠢᠭᠤᠯᠤᠨ᠂ ᠲᠤᠰᠠᠭᠠᠷᠯᠠᠬᠤ ᠥᠷᠥᠭᠡ ᠵᠢ ᠭᠦᠢᠴᠡᠳ ᠪᠡᠯᠡᠳᠭᠡᠵᠦ᠂ ᠣᠳᠣᠬᠠᠨ᠎ᠤ ᠬᠡᠷᠡᠭᠴᠡᠭᠡ᠎ᠶᠢ ᠬᠠᠩᠭᠠᠵᠤ ᠳᠡᠢᠯᠦᠨ᠎ᠠ ᠭᠡᠵᠡᠢ᠃
ᠣᠢᠷ᠎ᠠ᠎ᠶᠢᠨ ᠬᠤᠭᠤᠴᠠᠭᠠᠨ᠎ᠳᠤ᠂ ᠣᠯᠠᠨ ᠲᠦᠮᠡᠨ᠎ᠦ ᠲᠤᠰᠬᠠᠭᠰᠠᠨ ᠲᠤᠰᠠᠭᠠᠷᠯᠠᠬᠤ ᠲᠠᠯᠠᠪᠤᠷ᠎ᠲᠤ ᠣᠷᠣᠰᠢᠵᠤ ᠪᠠᠢᠭ᠎ᠠ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ᠎ᠳᠤ ᠴᠢᠭᠯᠡᠭᠦᠯᠦᠨ ᠂ ᠬᠥᠬᠡᠬᠣᠲᠠ᠎ᠶᠢᠨ ᠬᠢᠨ 《ᠳᠥᠷᠪᠡᠨ ᠲᠠᠯ᠎ᠠ》 ᠡᠴᠡ ᠴᠡᠭᠴᠡᠯᠡᠨ ᠰᠠᠢᠵᠢᠷᠠᠭᠤᠯᠬᠤ ᠠᠵᠢᠯ᠎ᠢ ᠭᠣᠣᠯᠳᠠᠯᠭ᠎ᠠ᠎ᠲᠠᠢ ᠥᠷᠨᠢᠭᠦᠯᠪᠡ᠃ ᠨᠢᠭᠡ ᠳᠦ᠂ ᠳᠣᠲᠣᠭᠠᠳᠤ ᠬᠠᠮᠢᠶᠠᠷᠤᠯᠲᠠ ᠪᠠᠨ ᠴᠢᠨᠭᠭᠠᠳᠬᠠᠪᠠ᠃ ᠲᠤᠰᠠᠭᠠᠷᠯᠠᠬᠤ ᠲᠠᠯᠠᠪᠤᠷ ᠭᠠᠵᠠᠷ᠎ᠤᠨ ᠵᠢᠷᠤᠮᠵᠢᠭ᠍ᠰᠠᠨ ᠬᠠᠮᠢᠶᠠᠷᠤᠯᠲᠠ᠎ᠶᠢᠨ ᠲᠥᠰᠥᠯ ᠂ ᠲᠤᠰᠠᠭᠠᠷᠯᠠᠬᠤ ᠲᠠᠯᠠᠪᠤᠷ ᠭᠠᠵᠠᠷ᠎ᠤᠨ ᠠᠵᠢᠯᠲᠠᠨ᠎ᠤ ᠠᠵᠢᠯ᠎ᠤᠨ ᠪᠠᠢᠷᠢ᠎ᠶᠢᠨ ᠡᠭᠦᠷᠭᠡ ᠬᠠᠷᠢᠭᠤᠴᠠᠯᠭ᠎ᠠ᠎ᠶᠢᠨ ᠵᠢᠷᠤᠮᠵᠢᠯ ᠵᠡᠷᠭᠡ ᠳᠦᠷᠢᠮ᠎ᠢ ᠤᠯᠠᠮ ᠨᠢᠭᠡ ᠠᠯᠬᠤᠮ ᠨᠠᠷᠢᠯᠢᠭ᠍ᠵᠢᠭᠤᠯᠤᠨ ᠲᠡᠭᠦᠯᠳᠡᠷᠵᠢᠭᠦᠯᠵᠦ᠂ ᠳᠣᠲᠣᠭᠠᠳᠤ ᠬᠠᠮᠢᠶᠠᠷᠤᠯᠲᠠ ᠂ ᠣᠷᠴᠢᠨ ᠲᠣᠭᠣᠷᠢᠨ᠎ᠤ ᠠᠷᠢᠭᠤᠳᠬᠠᠯ ᠂ ᠦᠢᠯᠡᠴᠢᠯᠡᠭᠡᠨ᠎ᠦ ᠪᠠᠲᠤᠯᠠᠭ᠎ᠠ ᠵᠡᠷᠭᠡ ᠠᠵᠢᠯᠲᠠᠨ᠎ᠤ ᠪᠣᠯᠪᠠᠰᠤᠷᠠᠭᠤᠯᠤᠯ᠎ᠢ ᠴᠢᠩᠭᠠᠳᠬᠠᠨ᠂ ᠬᠦᠮᠦᠨᠯᠢᠭ ᠬᠠᠮᠢᠶᠠᠷᠤᠯᠲᠠ᠂ ᠵᠢᠷᠤᠮᠵᠢᠭ᠍ᠰᠠᠨ ᠬᠠᠮᠢᠶᠠᠷᠤᠯᠲᠠ᠂ ᠠᠮᠤᠷ ᠲᠦᠪᠰᠢᠨ ᠬᠠᠮᠢᠶᠠᠷᠤᠯᠲᠠ᠎ᠶᠢ ᠴᠢᠩᠭᠠᠳᠬᠠᠵᠤ ᠂ ᠬᠠᠮᠤᠭ᠎ᠤᠨ ᠶᠡᠬᠡ ᠴᠢᠷᠮᠠᠢᠯᠭ᠎ᠠ᠎ᠪᠠᠷ ᠣᠯᠠᠨ ᠲᠦᠮᠡᠨ᠎ᠦ ᠬᠡᠷᠡᠭᠴᠡᠭᠡ ᠱᠠᠭᠠᠷᠳᠠᠯᠭ᠎ᠠ᠎ᠶᠢ ᠬᠠᠩᠭᠠᠪᠠ᠃ ᠬᠣᠶᠠᠷ᠎ᠲᠤ᠂ ᠠᠵᠢᠯᠲᠠᠨ᠎ᠤ ᠲᠣᠬᠢᠷᠠᠭᠤᠯᠤᠯᠲᠠ᠎ᠶᠢ ᠴᠢᠩᠭᠠᠳᠬᠠᠪᠠ᠃ ᠤᠤᠯ᠎ᠤᠨ ᠳᠤᠬᠢᠷᠠᠭᠤᠯᠤᠭᠰᠠᠨ ᠺᠠᠳ᠋ᠷ᠎ᠤᠨ ᠰᠠᠭᠤᠷᠢᠨ ᠳ᠋ᠤ 191 ᠺᠠᠳ᠋ᠷ᠎ᠢ ᠲᠤᠰᠠᠭᠠᠷᠯᠠᠬᠤ ᠴᠡᠭ᠎ᠲᠦ ᠨᠡᠮᠡᠨ ᠲᠣᠮᠢᠯᠠᠵᠤ᠂ ᠪᠦᠬᠦ ᠲᠠᠯ᠎ᠠ᠎ᠪᠠᠷ ᠠᠵᠢᠯ᠎ᠢᠶᠠᠨ ᠥᠷᠨᠢᠭᠦᠯᠵᠦ᠂ ᠲᠤᠰᠠᠭᠠᠷᠯᠠᠬᠤ ᠲᠠᠯᠠᠪᠤᠷ᠎ᠤᠨ ᠬᠥᠮᠥᠨ ᠬᠦᠷᠦᠯᠴᠡᠬᠦ ᠦᠭᠡᠢ ᠪᠠᠢᠬᠤ ᠠᠰᠠᠭᠤᠳᠠᠯ᠎ᠢ ᠪᠦᠲᠦᠮᠵᠢᠲᠡᠶ᠎ᠪᠡᠷ ᠨᠠᠮᠳᠠᠭᠤᠯᠪᠠ᠃ ᠭᠤᠷᠪᠠ᠎ᠳᠤ᠂ ᠡᠳ᠋ ᠪᠣᠳᠠᠰ᠎ᠤᠨ ᠪᠠᠲᠤᠯᠠᠭ᠎ᠠ᠎ᠶᠢ ᠴᠢᠩᠭᠠᠳᠬᠠᠪᠠ᠃ ᠪᠥᠬᠥ ᠬᠣᠲᠠ᠎ᠶᠢᠨ ᠲᠥᠪᠯᠡᠷᠡᠭᠦᠯᠦᠨ ᠲᠤᠰᠠᠭᠠᠷᠯᠠᠬᠤ ᠲᠠᠯᠠᠪᠤᠷ᠎ᠤᠨ ᠠᠷᠢᠭᠤᠳᠬᠠᠯ᠂ ᠣᠷᠣ᠌ᠳᠡᠪᠢᠰᠬᠡᠷ ᠵᠡᠷᠭᠡ ᠡᠳ᠋ ᠪᠣᠳᠠᠰ᠎ᠤᠨ ᠨᠥᠭᠡᠴᠡᠯᠡᠯᠲᠡ᠎ᠶᠢᠨ ᠪᠠᠢᠳᠠᠯ᠎ᠤᠨ ᠪᠥᠬᠥ ᠶᠠᠪᠤᠴᠠ ᠵᠢ ᠣᠢᠯᠠᠭᠠᠵᠤ᠂ ᠴᠠᠭ ᠲᠤᠬᠠᠢ ᠳ᠋ᠤᠨᠢ ᠨᠥᠬᠥᠪᠦᠷᠢᠯᠡᠵᠦ᠂ ᠡᠳ᠋ ᠪᠣᠳᠠᠰ᠎ᠢ ᠭᠦᠢᠴᠡᠳ ᠪᠠᠲᠤᠯᠠᠵᠠᠢ᠃ ᠳᠥᠷᠪᠡ᠎ᠳᠦ᠂ ᠱᠠᠯᠠᠪᠳᠠᠭᠤᠯᠤᠨ ᠵᠢᠯᠤᠭᠣᠳᠴᠤ ᠱᠠᠯᠠᠪᠳᠠᠭᠤᠯᠤᠨ ᠪᠠᠢᠴᠠᠭᠠᠬᠤ᠎ᠶᠢ ᠴᠢᠩᠭᠠᠳᠬᠠᠪᠠ᠃ ᠲᠣᠭᠣᠷᠢᠭ᠂ ᠬᠣᠲᠠ ᠬᠣᠶᠠᠷ ᠱᠠᠲᠤᠨ᠎ᠤ ᠰᠢᠮᠳᠠᠭᠤᠯᠤᠨ ᠵᠢᠯᠤᠭᠣᠳᠬᠤ ᠳᠤᠭᠤᠢᠯᠠᠩ᠎ᠤᠨ ᠠᠵᠢᠯ᠎ᠤᠨ ᠬᠦᠴᠦᠨ᠎ᠢ ᠡᠮᠬᠢᠯᠡᠨ ᠨᠡᠢᠯᠡᠭᠦᠯᠵᠦ ᠂ 5 ᠰᠢᠮᠳᠠᠭᠤᠯᠤᠨ ᠵᠢᠯᠤᠭᠣᠳᠬᠤ ᠳᠤᠭᠤᠢᠯᠠᠩ ᠪᠠᠢᠭᠤᠯᠤᠨ ᠬᠣᠰᠢᠭᠤ ᠰᠢᠶᠠᠨ ᠲᠣᠭᠣᠷᠢᠭ᠋᠎ᠲᠠᠢ ᠬᠣᠯᠪᠣᠭᠠᠯᠠᠵᠤ᠂ ᠨᠢᠭᠡᠳᠦᠭᠡᠷ ᠹᠷᠣᠨᠲ᠎ᠲᠤ ᠪᠠᠭᠤᠵᠤ᠂ ᠴᠡᠭ ᠲᠣᠭᠲᠠᠭᠠᠨ ᠰᠢᠮᠳᠠᠭᠤᠯᠤᠨ ᠵᠢᠯᠤᠭᠣᠳᠴᠤ ᠂ ᠠᠰᠠᠭᠤᠳᠠᠯ᠎ᠢ ᠴᠠᠭ ᠲᠤᠬᠠᠢ ᠳ᠋ᠤᠨᠢ ᠢᠯᠡᠷᠡᠭᠦᠯᠵᠦ ᠰᠢᠢᠳᠪᠦᠷᠢᠯᠡᠨ᠂ ᠠᠵᠢᠯ᠎ᠢᠶᠠᠨ ᠰᠠᠢᠲᠤᠷ ᠨᠠᠢᠳᠠᠪᠤᠷᠢᠵᠢᠭᠤᠯᠤᠭᠰᠠᠨ ᠦᠭᠡᠢ᠎ᠡᠴᠡ ᠴᠢᠩᠭ᠎ᠠ ᠬᠠᠷᠢᠭᠤᠴᠠᠯᠭ᠎ᠠ ᠨᠡᠬᠡᠮᠵᠢᠯᠡᠪᠡ᠃
ᠯᠠᠨ ᠵᠢᠶᠦ᠋ᠨ ᠬᠡᠯᠡᠬᠦ᠎ᠳᠡᠭᠡᠨ᠂ ᠥᠷᠭᠡᠨ ᠣᠯᠠᠨ ᠬᠣᠲᠠ᠎ᠶᠢᠨ ᠠᠷᠠᠳ᠎ᠤᠨ ᠢᠳᠡᠪᠬᠢᠲᠡᠢ ᠬᠠᠮᠵᠢᠯᠴᠠᠭ᠎ᠠ ᠳᠣᠣᠷ᠎ᠠ᠂ ᠣᠳᠣᠬᠠᠨ᠎ᠳᠤ ᠲᠤᠰᠠᠭᠠᠷᠯᠠᠨ ᠵᠥᠭᠡᠭᠡᠪᠦᠷᠢᠯᠡᠬᠦ ᠠᠵᠢᠯ ᠶᠡᠷᠦᠩᠬᠡᠢ᠎ᠳᠡᠭᠡᠨ ᠤᠷᠤᠭᠰᠢᠲᠠᠢ ᠶᠠᠪᠤᠭᠳᠠᠵᠤ ᠪᠠᠢᠨ᠎ᠠ ᠃ ᠲᠤᠰᠠᠭᠠᠷᠯᠠᠨ ᠵᠥᠭᠡᠭᠡᠪᠦᠷᠢᠯᠡᠬᠦ ᠪᠣᠯ《ᠳᠥᠷᠪᠡᠨ ᠡᠷᠲᠡ》᠎ᠶᠢᠨ ᠱᠠᠭᠠᠷᠳᠠᠯᠭ᠎ᠠ᠎ᠶᠢ ᠨᠠᠢᠳᠠᠪᠤᠷᠢᠵᠢᠭᠤᠯᠬᠤ ᠴᠢᠬᠤᠯᠠ ᠨᠢᠭᠡ ᠭᠣᠭᠴᠣᠭ᠎ᠠ ᠪᠣᠯᠣᠨ᠎ᠠ᠂ ᠡᠭᠦᠨ᠎ᠡᠴᠡ ᠡᠮᠦᠨᠡᠬᠢ ᠰᠣᠨᠢᠨ ᠮᠡᠳᠡᠭᠡ ᠨᠡᠢᠲᠡᠯᠡᠬᠦ ᠬᠤᠷᠠᠯ ᠵᠢᠡᠷ ᠨᠢᠭᠲᠠ ᠤᠢᠷᠠᠳᠤᠭᠰᠠᠳᠢ ᠴᠠᠭ ᠲᠤᠬᠠᠢ ᠳ᠋ᠤᠨᠢ ᠲᠤᠰᠠᠭᠠᠷᠯᠠᠨ ᠵᠥᠭᠡᠭᠡᠪᠦᠷᠢᠯᠡᠬᠦ ᠵᠢᠨ ᠴᠢᠬᠤᠯᠠ ᠴᠢᠨᠠᠷ᠎ᠤᠨ ᠲᠤᠬᠠᠢ ᠨᠠᠷᠢᠨ ᠲᠠᠨᠢᠯᠴᠠᠭᠤᠯᠵᠠᠢ᠂ ᠣᠯᠠᠨ᠎ᠢᠶᠠᠷ᠎ᠢᠶᠠᠨ ᠥᠪᠡᠷ᠎ᠦᠨ ᠪᠡᠶ᠎ᠡ᠎ᠳᠡᠭᠡᠨ ᠬᠠᠷᠢᠭᠤᠴᠠᠬᠤ᠂ ᠪᠤᠰᠤᠳ᠎ᠲᠤ ᠬᠠᠷᠢᠭᠤᠴᠠᠬᠤ ᠣᠪᠣᠷ᠎ᠢᠶᠠᠷ ᠲᠤᠰᠠᠭᠠᠷᠯᠠᠨ ᠵᠥᠭᠡᠭᠡᠪᠦᠷᠢᠯᠡᠬᠦ ᠠᠵᠢᠯ᠎ᠳᠤ ᠢᠳᠡᠪᠬᠢᠲᠡᠢ ᠬᠠᠮᠵᠢᠯᠴᠠᠬᠤ᠎ᠶᠢ ᠬᠦᠰᠡᠵᠦ ᠪᠠᠢᠨ᠎ᠠ᠂ ᠣᠯᠠᠨ᠎ᠢᠶᠠᠷ᠎ᠢᠶᠠᠨ ᠢᠯᠡᠭᠦᠬᠡᠨ ᠬᠦᠯᠢᠴᠡᠩᠭᠦᠢ ᠪᠠᠢᠵᠤ᠂ ᠢᠯᠡᠭᠦᠬᠡᠨ ᠣᠢᠯᠠᠭᠠᠬᠤ᠎ᠶᠢ ᠴᠢᠩ ᠰᠡᠳᠬᠢᠯ᠎ᠡᠴᠡ᠎ᠪᠡᠨ ᠬᠦᠰᠡᠵᠦ ᠪᠠᠢᠨ᠎ᠠ᠂ ᠪᠢᠳᠡ ᠪᠠᠰᠠ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶᠢ ᠪᠠᠷᠢᠮᠲᠠᠯᠠᠵᠤ ᠂ ᠠᠵᠢᠯ᠎ᠢᠶᠠᠨ ᠦᠷᠭᠦᠯᠵᠢᠯᠡᠨ ᠰᠠᠢᠵᠢᠷᠠᠭᠤᠯᠤᠨ᠎ᠠ᠃
ᠪᠢᠳᠡ ᠠᠯᠢ ᠣᠯᠠᠨ ᠴᠡᠭᠴᠡᠯᠡᠨ ᠰᠠᠢᠵᠢᠷᠠᠭᠤᠯᠬᠤ ᠠᠵᠢᠯ᠎ᠢᠶᠠᠷ ᠳᠠᠮᠵᠢᠭᠤᠯᠤᠨ᠂ ᠬᠠᠮᠢᠶᠠᠷᠤᠯᠲᠠ ᠦᠢᠯᠡᠴᠢᠯᠡᠭᠡᠨ᠎ᠦ ᠣᠷᠳᠣ᠌ ᠬᠤᠭᠤᠴᠠᠭᠠᠨ᠎ᠤ ᠪᠦᠲᠦᠮᠵᠢᠲᠡᠶ ᠲᠣᠭᠲᠠᠴᠠ᠎ᠶᠢ ᠪᠠᠢᠭᠤᠯᠵᠤ᠂ ᠬᠠᠮᠢᠶᠠᠷᠤᠯᠲᠠ ᠡᠵᠡᠮᠳᠡᠯ ᠢ ᠪᠣᠳᠠᠲᠠᠢᠵᠢᠭᠤᠯᠵᠤ᠂ ᠦᠢᠯᠡᠴᠢᠯᠡᠭᠡ᠎ᠶᠢ ᠪᠣᠳᠠᠲᠠᠢᠵᠢᠭᠤᠯᠬᠤ᠎ᠶᠢ ᠦᠨᠡᠨ ᠬᠦ᠌ ᠪᠠᠲᠤᠯᠠᠨ᠎ᠠ ᠭᠡᠵᠡᠢ᠃
( ᠢᠷᠡᠯᠳᠡ ᠄ ᠳᠠᠯ᠎ᠠ ᠨᠤᠲᠤᠭ ᠪᠦᠷᠢᠨ ᠵᠠᠭᠤᠴᠢᠯᠠᠭᠤᠷ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠠᠨᠠᠷ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃